2016 ᠣᠨ ᠤ ᠥᠪᠥᠷ ᠮᠣᠩᠭᠤᠯ ᠤᠨ ᠪᠦᠬᠦ ᠣᠷᠣᠨ ᠤ ᠴᠠᠭ ᠠᠭᠤᠷ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/2/22
     2 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ 2016 ᠣᠨ ᠤ ᠪᠦᠬᠦ ᠣᠷᠣᠨ ᠤ ᠴᠠᠭ ᠠᠭᠤᠷ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠨᠢ ᠪᠦᠬᠦ ᠤᠯᠤᠰ ᠤᠨ ᠴᠠᠭ ᠠᠭᠤᠷ ᠤᠨ ᠲᠤᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ︽12·5︾ ᠶᠢᠨ ᠲᠦᠯᠦᠪᠵᠢᠬᠦᠯᠭᠡ ᠶᠢᠨ ᠬᠤᠭᠤᠴᠠᠭᠠᠨ ᠤ ᠴᠠᠭ ᠠᠭᠤᠷ ᠤᠨ ᠠᠵᠢᠯ ᠢ ᠬᠢᠨᠠᠮᠠᠭᠠᠶ ᠳ᠋ᠦᠩᠨᠡᠵᠦ᠂ ︽13·5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠴᠠᠭ ᠠᠭᠤᠷ ᠤᠨ ᠠᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠳᠠᠯ ᠪᠤᠯᠤᠨ ᠡᠭᠦᠷᠭᠡ ᠶᠢ ᠵᠠᠳᠠᠯᠤᠨ ᠲᠥᠰᠦᠪᠯᠡᠵᠦ᠂ 2016 ᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠤᠪᠴᠢᠶ᠎ᠠ ᠶᠢᠨ ᠳᠠᠷᠤᠭ᠎ᠠ ᠤᠯᠠᠭᠠᠨ ᠬᠤᠷᠠᠯ ᠡᠷᠬᠢᠯᠡᠭᠰᠡᠨ ᠪᠥᠭᠡᠳ ᠪᠦᠬᠦ ᠣᠷᠣᠨ ᠤ ᠴᠠᠭ ᠠᠭᠤᠷ ᠤᠨ ᠠᠵᠢᠯ ᠤᠨ ᠬᠤᠷᠠᠯ ᠤᠨ ᠠᠵᠢᠯ ᠤᠨ ᠢᠯᠡᠳᠬᠡᠯ ᠬᠢᠪᠡ᠃     ᠤᠯᠠᠭᠠᠨ ᠵᠢᠭᠠᠵᠤ ᠭᠠᠷᠭᠠᠭᠰᠠᠨ ᠨᠢ᠂ ᠲᠠᠪᠤᠨ ᠵᠢᠯ ᠤᠨ ᠲᠤᠷᠰᠢ᠂ ᠪᠦᠬᠦ ᠣᠷᠣᠨ ᠤ ᠴᠠᠭ ᠠᠭᠤᠷ ᠤᠨ ᠠᠵᠢᠯ  ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠳᠤᠮᠳᠠ᠂ ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠵᠦ᠂ ᠵᠠᠮ ᠨᠡᠭᠡᠭᠡᠨ ᠰᠢᠨ᠎ᠡ ᠶᠢ ᠡᠭᠦᠳᠦᠭᠰᠡᠨ ᠪᠠᠶᠢᠨ᠎ᠠ᠃ ᠴᠠᠭ ᠠᠭᠤᠷ ᠤᠨ ᠰᠠᠯᠠᠭ᠎ᠠ ᠮᠥᠴᠢᠷ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠭᠤᠰᠤᠯᠴᠠᠬᠤ ᠴᠢᠳᠠᠪᠤᠷᠢ ᠤᠯᠠᠮ ᠠᠴᠠ ᠤᠯᠠᠮ ᠴᠢᠩᠭᠠᠷᠠᠵᠤ᠂ ᠴᠠᠭ ᠠᠭᠤᠷ ᠤᠨ ᠠᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠶᠠᠰᠤ ᠴᠢᠨᠠᠷ ᠤᠯᠠᠮ ᠠᠴᠠ ᠤᠯᠠᠮ ᠰᠠᠶᠢᠵᠢᠷᠠᠵᠤ᠂ ᠬᠥᠭᠵᠢᠯᠲᠡ ᠶᠢᠨ ᠰᠡᠯᠭᠦᠬᠦ ᠬᠦᠴᠦᠨ ᠤᠯᠠᠮ ᠠᠴᠠ ᠤᠯᠠᠮ ᠲᠡᠭᠦᠯᠳᠡᠷ ᠪᠤᠯᠵᠤ᠂ ᠡᠯ᠎ᠡ ᠵᠦᠢᠯ ᠤᠨ ᠠᠵᠢᠯ ᠰᠢᠨ᠎ᠡ ᠦᠰᠦᠷᠦᠯᠲᠡ ᠲᠠᠢ ᠪᠤᠯᠪᠠ᠃ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠤᠪᠴᠢᠶ᠎ᠠ 5 ᠵᠢᠯ ᠳᠠᠷᠠᠭᠠᠯᠠᠨ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠰᠢᠨ᠎ᠡ ᠶᠢ ᠡᠭᠦᠳᠬᠦ ᠠᠵᠢᠯ ᠤᠨ ᠱᠠᠩᠨᠠᠯ ᠢ  ᠤᠯᠤᠭᠰᠠᠨ ᠪᠦᠭᠡᠳ ᠪᠠᠷᠢᠮᠵᠢᠶ᠎ᠠ ᠳᠤ ᠬᠦᠷᠦᠭᠰᠡᠨ ᠰᠢᠯᠢᠳᠡᠭ ᠨᠢᠭᠡᠴᠡ  ᠪᠠᠷ ᠦᠨᠡᠯᠡᠭᠳᠡᠭᠰᠡᠨ ᠪᠠᠶᠢᠨ᠎ᠠ ᠭᠡᠪᠡ᠃      ᠤᠯᠠᠭᠠᠨ ᠴᠢᠬᠤᠯᠠᠴᠢᠯᠠᠭᠰᠠᠨ ᠨᠢ᠂ ︽13·5︾ ᠶᠢᠨ ᠲᠦᠯᠦᠪᠵᠢᠬᠦᠯᠭᠡ ᠶᠢᠨ ᠬᠤᠭᠤᠴᠠᠭᠠᠨ ᠤ ᠥᠪᠥᠷ ᠮᠣᠩᠭᠤᠯ ᠤᠨ ᠴᠠᠭ ᠠᠭᠤᠷ ᠤᠨ ᠠᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠶᠡᠷᠦᠩᠬᠡᠶ ᠬᠠᠷᠠᠯᠲᠠ ᠪᠣᠯ᠄ ᠬᠡᠷᠡᠭᠴᠡᠭᠡ ᠳᠤ ᠵᠤᠬᠢᠴᠠᠭᠰᠠᠨ᠂ ᠪᠦᠲᠦᠴᠡ ᠨᠢ ᠲᠡᠭᠦᠯᠳᠡᠷᠵᠢᠭᠰᠡᠨ᠂ ᠴᠢᠳᠠᠮᠵᠢ ᠨᠢ ᠲᠡᠷᠢᠭᠦᠨ ᠤ᠂ ᠪᠠᠲᠤᠯᠠᠭ᠎ᠠ ᠨᠢ ᠬᠦᠴᠦᠲᠡᠶ ᠪᠠᠶᠢᠬᠤ ᠴᠠᠭ ᠠᠭᠤᠷ ᠤᠨ ᠤᠳᠤᠬᠢᠴᠢᠯᠠᠭᠰᠠᠨ ᠰᠢᠰᠲ᠋ᠧᠮᠵᠢ ᠶᠢ ᠪᠠᠶᠢᠭᠤᠯᠵᠤ᠂ ᠡᠩ ᠲᠡᠷᠢᠭᠦᠨ ᠳᠤ ᠪᠠᠷᠠᠭᠤᠨ ᠪᠦᠰᠡ ᠶᠢᠨ ᠭᠠᠵᠠᠷ ᠤᠷᠤᠨ ᠤ ᠴᠠᠭ ᠠᠭᠤᠷ ᠤᠨ ᠠᠵᠢᠯ ᠤᠨ ᠤᠳᠤᠬᠢᠴᠢᠯᠠᠯᠲᠠ ᠶᠢ ᠪᠡᠶᠡᠯᠡᠭᠦᠯᠵᠦ᠂ ︽ᠴᠠᠭ ᠠᠭᠤᠷ ᠤᠨ ᠲᠤᠮᠤ ᠣᠷᠣᠨ︾ ᠪᠠᠶᠢᠭᠰᠠᠨ ᠠᠴᠠ ᠪᠠᠨ ︽ᠴᠠᠭ ᠠᠭᠤᠷ ᠤᠨ ᠬᠦᠴᠦᠷᠭᠡᠭ ᠣᠷᠣᠨ︾ ᠪᠤᠯᠬᠤ ᠦᠰᠦᠷᠦᠯᠲᠡ ᠶᠢ ᠠᠬᠢᠭᠤᠯᠬᠤ ᠬᠡᠷᠡᠭᠲᠠᠢ ᠬᠡᠪᠡ᠃      ᠤᠯᠠᠭᠠᠨ 2016 ᠣᠨ ᠤ ᠴᠠᠭ ᠠᠭᠤᠷ ᠤᠨ ᠠᠵᠢᠯ ᠢ ᠰᠠᠶᠢᠲᠤᠷ ᠬᠢᠬᠦ ᠲᠤᠬᠠᠶ ᠳᠥᠷᠪᠡᠨ ᠱᠠᠭᠠᠷᠳᠠᠯᠭ᠎ᠠ ᠳᠤᠷᠠᠳᠪᠠ᠃ ᠨᠢᠭᠡ ᠳᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠦᠨᠵᠡᠬᠡᠢ ᠠᠭᠤᠰᠤᠯᠴᠠᠬᠤ ᠪᠠ ᠲᠡᠭᠦᠨ ᠳᠤ ᠦᠢᠯᠡᠴᠢᠯᠡᠵᠤ᠂ ᠪᠣᠬᠢᠷᠲᠤᠯ ᠦᠭᠡᠢ ᠬᠥᠭᠵᠢᠯᠲᠡ ᠶᠢ ᠪᠠᠲᠤᠯᠠᠬᠤ ᠪᠠᠷ ᠬᠦᠴᠦᠯᠡᠬᠦ ᠴᠢᠭ᠋ ᠪᠣᠯᠭᠠᠵᠤ᠂ ᠠᠮᠢ ᠠᠬᠤᠶ ᠶᠢᠨ ᠴᠠᠭ ᠠᠭᠤᠷ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠬᠦ ᠬᠡᠷᠡᠭᠲᠠᠢ︔ ᠬᠤᠶᠠᠷ ᠲᠤ᠂ ᠴᠠᠭ ᠠᠭᠤᠷ ᠤᠨ ᠲᠤᠬᠠᠶᠢᠯᠠᠭᠰᠠᠨ ᠠᠵᠢᠯ ᠤᠨ ᠤᠳᠤᠬᠢᠴᠢᠯᠠᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠴᠠᠭ ᠠᠭᠤᠷ ᠤᠨ ᠥᠭᠡᠷᠡᠴᠢᠯᠡᠯᠲᠡ ᠶᠢ ᠬᠦᠨᠵᠡᠭᠡᠶᠢᠷᠡᠬᠦᠯᠦᠨ ᠴᠠᠭ ᠠᠭᠤᠷ ᠤᠨ ᠦᠢᠯᠡᠴᠢᠯᠡᠭᠡ᠂ ᠤᠷᠢᠳᠴᠢᠯᠠᠭᠰᠠᠨ ᠮᠡᠳᠡᠭᠡ᠂ ᠶᠡᠷᠦᠩᠬᠡᠶ ᠴᠠᠭ ᠠᠭᠤᠷ ᠤᠨ ᠠᠵᠢᠭᠯᠠᠯᠲᠠ ᠶᠢᠨ ᠤᠳᠤᠬᠢᠴᠢᠯᠠᠯᠲᠠ ᠶᠢ ᠲᠦᠯᠬᠢᠨ ᠠᠬᠢᠭᠤᠯᠬᠤ ᠬᠡᠷᠡᠭᠲᠠᠢ︔ ᠭᠤᠷᠪᠠ ᠳᠤ᠂ ᠨᠠᠮ ᠤᠨ ᠪᠠᠶᠢᠭᠤᠯᠤᠯᠲᠠ ᠪᠣᠯᠤᠨ ᠨᠠᠮ ᠤᠨ ᠠᠷᠢᠭᠤᠨ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠠᠷᠠᠯ ᠢ ᠡᠰᠡᠷᠭᠦᠴᠡᠬᠦ ᠠᠵᠢᠯ ᠢ ᠠᠬᠢᠭᠤᠯᠬᠤ ᠬᠡᠷᠡᠭᠲᠠᠢ︔ ᠲᠦᠷᠪᠡ ᠳᠤ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ︽13·5︾ ᠶᠢᠨ ᠲᠥᠯᠥᠪᠵᠢᠭᠦᠯᠭᠡ ᠶᠢᠨ ᠨᠠᠶᠢᠷᠠᠭᠤᠯᠤᠨ ᠲᠤᠭᠲᠠᠭᠠᠬᠤ ᠠᠵᠢᠯ ᠢ ᠰᠠᠶᠢᠲᠤᠷ ᠬᠢᠵᠦ᠂ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠲᠤᠰᠬᠠᠶ ᠲᠥᠯᠥᠪᠯᠡᠭᠡ ᠶᠢ ᠵᠠᠰᠠᠭ ᠤᠨ ᠣᠷᠳᠣᠨ ᠤ ︽13 · 5︾ ᠶᠢᠨ ᠲᠥᠯᠥᠪᠵᠢᠭᠦᠯᠭᠡ ᠳᠤ ᠤᠷᠤᠭᠤᠯᠬᠤ ᠶᠢ ᠲᠦᠯᠬᠢᠨ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠤᠷᠤᠨ ᠢ ᠴᠤᠭᠴᠠᠯᠠᠬᠤ ᠳᠤ ᠨᠡᠩ ᠴᠢᠨᠠᠷ ᠰᠠᠶᠢᠲᠠᠶ ᠴᠠᠭ ᠠᠭᠤᠷ ᠤᠨ ᠦᠢᠯᠡᠴᠢᠯᠡᠭᠡ ᠶᠢ ᠬᠠᠩᠭᠠᠬᠤ ᠬᠡᠷᠡᠭᠲᠡᠶ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号