ᠪᠦᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠦᠭᠡᠨ ᠪᠠᠶᠢᠭᠤᠯᠤᠯᠲᠠ ᠵᠢᠴᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠠᠵᠢᠯ ᠤᠨ ᠬᠤᠷᠠᠯ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2016/2/22
      2016 ᠣᠨ ᠤ 2 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠠ ᠵᠢᠴᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠠᠵᠢᠯ ᠤᠨ ᠬᠤᠷᠠᠯ ᠬᠥᠬᠡᠬᠤᠲᠠ ᠳᠤ ᠠᠮᠵᠢᠯᠲᠠ ᠲᠠᠢ ᠬᠤᠷᠠᠯᠳᠤᠪᠠ᠃ ᠲᠤᠰ ᠤᠳᠠᠭᠠᠨ ᠤ ᠬᠤᠷᠠᠯ ᠤᠨ ᠭᠤᠣᠯ ᠡᠭᠦᠷᠭᠡ ᠪᠣᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠪᠠ ᠵᠢᠴᠢ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ᠂ ᠬᠤᠳᠠ ᠶᠢᠨ ᠠᠵᠢᠯ ᠤᠨ ᠬᠤᠷᠠᠯ᠂ ᠪᠦᠬᠦ ᠤᠯᠤᠰ ᠤᠨ ᠬᠤᠶᠠᠳᠤᠭᠠᠷ ᠤᠳᠠᠭᠠᠨ ᠤ ᠬᠥᠳᠡᠭᠡ ᠲᠣᠰᠬᠤᠨ ᠤ ᠬᠥᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠠᠵᠢᠯ ᠤᠨ ᠬᠤᠷᠠᠯ᠂ ᠪᠦᠬᠦ ᠤᠯᠤᠰ ᠤᠨ ᠣᠷᠤᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ 2015 ᠣᠨ ᠤ ᠠᠵᠢᠯ ᠢ ᠳ᠋ᠦᠩᠨᠡᠨ ᠡᠷᠭᠢᠴᠡᠭᠦᠯᠵᠦ᠂ 2016 ᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠶᠠᠪᠤᠳᠠᠯ ᠪᠣᠯᠤᠨ᠎ᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠪᠥᠸᠧ ᠬᠤᠷᠠᠯ ᠳᠤ ᠣᠷᠤᠯᠴᠠᠨ ᠴᠢᠬᠤᠯᠠ ᠶᠠᠷᠢᠶ᠎ᠠ ᠲᠠᠯᠪᠢᠪᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ ᠤᠨ ᠳᠠᠷᠤᠭ᠎ᠠ ᠴᠢᠨ ᠢ ᠠᠵᠢᠯ ᠤᠨ ᠢᠯᠡᠳᠬᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠼᠤᠤ ᠰᠢᠶᠣᠤ ᠪᠢᠠ ᠬᠤᠷᠠᠯ ᠡᠷᠬᠢᠯᠡᠨ᠂ ᠬᠥᠬᠡᠬᠤᠲᠠ᠂ ᠲᠦᠩᠯᠢᠶᠣᠤ ᠬᠤᠳᠠ᠂ ᠤᠯᠠᠭᠠᠨᠬᠠᠳᠠ ᠬᠤᠳᠠ᠂ ᠤᠷᠳᠤᠰ ᠬᠤᠳᠠ᠂ ᠡᠷᠭᠦᠨ᠎ᠡ ᠬᠤᠳᠠ ᠶᠢᠨ ᠲᠥᠯᠥᠭᠡᠯᠡᠭᠴᠢ ᠲᠤᠰ ᠲᠤᠰ ᠲᠤᠷᠰᠢᠯᠭ᠎ᠠ ᠪᠠᠨ ᠰᠣᠯᠢᠯᠴᠠᠬᠤ ᠶᠠᠷᠢᠶ᠎ᠠ ᠲᠠᠯᠪᠢᠪᠠ᠃ ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠪᠥᠸᠧ ᠠᠴᠠ ᠡᠯ᠎ᠡ ᠠᠶᠢᠮᠠᠭ ᠬᠤᠳᠠ ᠶᠢᠨ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ ᠨᠠᠷ ᠯᠤᠭ᠎ᠠ ︽2016 ᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠦᠰᠦᠭ ᠵᠢᠷᠤᠪᠠ᠃      ᠲᠢᠩᠬᠢᠮ ᠤᠨ ᠳᠠᠷᠤᠭ᠎ᠠ ᠴᠢᠨ ᠢ ᠵᠢᠭᠠᠵᠤ ᠭᠠᠷᠭᠠᠭᠰᠠᠨ ᠨᠢ᠂ ᠪᠦᠬᠦ ᠣᠷᠣᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠵᠢᠴᠢ ᠬᠤᠳᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠵᠢᠴᠢ ᠠᠷᠪᠠ ᠶᠢ ᠪᠦᠷᠢᠨ ᠪᠦᠷᠬᠦᠭᠦᠯᠬᠦ ᠢᠨᠵᠧᠨᠧᠷᠢᠩ︾ ᠤᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠰᠢᠨ᠎ᠡ ᠲᠠᠪᠴᠠᠩ ᠢ ᠭᠦᠢᠴᠡᠳ ᠰᠠᠶᠢᠨ ᠠᠰᠢᠭᠯᠠᠵᠤ᠂ ᠣᠷᠣᠨ ᠰᠠᠭᠤᠴᠠ ᠶᠢᠨ ᠲᠦᠷᠢᠮ᠂ ᠬᠤᠳᠠ ᠶᠢᠨ ᠬᠠᠮᠢᠶᠠᠷᠤᠯᠲᠠ ᠶᠢᠨ ᠪᠠᠶᠢᠭᠤᠯᠤᠯ ᠵᠡᠷᠭᠡ ᠠᠯᠢ ᠤᠯᠠᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠣᠷᠤᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠳᠤᠷᠠᠳᠤᠭᠰᠠᠨ ︽ᠨᠢᠭᠡ ᠭᠤᠣᠯᠳᠠᠯᠭ᠎ᠠ᠂ ᠬᠤᠶᠠᠷ ᠭᠤᠣᠯ ᠱᠤᠭᠤᠮ ᠪᠠ ᠲᠠᠪᠤᠨ ᠬᠦᠴᠦᠯᠡᠴᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠰᠠᠶᠢᠲᠤᠷ ᠡᠬᠢᠯᠡᠤ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠢ ︽13᠂ 5︾ ᠤᠨ ᠬᠤᠭᠤᠴᠠᠭᠠᠨ ᠳᠤ ᠳᠠᠬᠢᠨ ᠨᠢᠭᠡᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠦᠭᠬᠦ ᠬᠡᠷᠡᠭᠲᠡᠢ ᠭᠡᠪᠡ᠃      ᠳᠡᠳ᠋ ᠲᠡᠷᠢᠭᠦᠯᠡᠭᠴᠢ ᠸᠠᠩ ᠪᠥᠸᠧ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠪᠦᠬᠦ ᠣᠷᠣᠨ ᠤ ᠡᠯ᠎ᠡ ᠱᠠᠲᠤᠨ ᠤ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠬᠡᠪᠰᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠡᠩ ᠴᠢᠩᠭ᠎ᠠ ᠤᠯᠤᠰ ᠲᠥᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠣᠷᠭᠢᠯᠤᠮ᠎ᠠ ᠬᠠᠯᠠᠭᠤᠨ ᠠᠵᠢᠯᠯᠠᠬᠤ ᠰᠡᠳᠭᠢᠯᠭᠡ ᠪᠠᠷ ᠪᠦᠬᠦ ᠲᠠᠯ᠎ᠠ ᠶᠢ ᠡᠵᠡᠮᠳᠡᠨ᠂ ᠴᠠᠭ ᠲᠣᠬᠢᠶᠠᠯ ᠢ ᠠᠮᠵᠢᠵᠤ᠂ ᠬᠦᠴᠢᠷ ᠪᠡᠷᠬᠡᠰᠢᠶᠡᠯ ᠢ ᠲᠤᠭᠤᠯᠤᠨ ᠳᠠᠪᠠᠵᠤ᠂ ᠯᠠᠪᠳᠠᠭᠤᠨ ᠪᠠᠲᠤᠲᠠᠶ ᠠᠵᠢᠯᠯᠠᠨ᠂ ᠡᠯ᠎ᠡ ᠵᠦᠢᠯ ᠤᠨ ᠬᠠᠷᠠᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠠᠷ ᠪᠡᠶᠡᠯᠡᠭᠦᠯᠵᠦ᠂ ᠮᠠᠨ ᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠪᠣᠢ ᠪᠣᠯᠭᠠᠬᠤ ᠬᠡᠷᠡᠭᠲᠡᠢ ᠭᠡᠪᠡ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号