ᠪᠠᠶᠠᠨᠨᠠᠭᠤᠷ ᠬᠤᠲᠠ ᠦᠨᠳᠦᠰᠦᠲᠡᠨ ᠱᠠᠱᠢᠨ ᠰᠤᠷᠲᠠᠬᠤᠨ ᠮᠤᠩᠭᠤᠯ ᠬᠡᠯᠡᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2016/2/23
     2 ᠳ᠋ᠤᠭᠠᠷ ᠰᠠᠷ᠎ᠠ ᠶᠢᠨ18᠎ ᠤ ᠡᠳᠦᠷ᠂ ᠪᠠᠶᠠᠨᠨᠠᠭᠤᠷ ᠬᠤᠲᠠ ᠶᠢᠨ ᠦᠨᠳᠦᠰᠦᠲᠡᠨ ᠱᠠᠱᠢᠨ ᠰᠤᠷᠲᠠᠬᠤᠨ ᠮᠤᠩᠭᠤᠯ ᠬᠡᠯᠡᠨ ᠤ ᠠᠵᠢᠯ ᠤᠨ ᠬᠤᠷᠠᠯ ᠯᠢᠨᠾᠧ ᠳᠤ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠲᠠ ᠶᠢᠨ ᠳᠠᠷᠤᠭ᠎ᠠ ᠰᠡᠴᠡᠨ ᠬᠤᠷᠠᠯ ᠳᠤ ᠤᠷᠤᠯᠴᠠᠪᠠ᠃ ᠬᠤᠷᠠᠯ ᠳᠤ 2015 ᠤᠨ ᠤ ᠦᠨᠳᠦᠰᠦᠲᠡᠨ ᠱᠠᠱᠢᠨ ᠰᠤᠷᠲᠠᠬᠤᠨ ᠮᠤᠩᠭᠤᠯ ᠬᠡᠯᠡᠨ ᠤ ᠠᠵᠢᠯ ᠢ ᠳ᠋ᠦᠩᠨᠡᠵᠦ᠂ ᠡᠨᠡ ᠵᠢᠯ ᠤᠨ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠤᠯᠲᠠ ᠬᠢᠪᠡ᠃      ᠬᠤᠷᠠᠯ ᠳᠤ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠲᠤᠬᠠᠶᠢᠯᠠᠭᠰᠠᠨ ᠠᠵᠢᠯ ᠢᠶᠠᠷ ᠢᠶᠠᠨ ᠵᠤᠭᠰᠤᠴᠠ ᠪᠤᠯᠭᠠᠵᠤ ᠴᠦᠭᠡᠨ ᠲᠤᠭᠠᠲᠤ ᠦᠨᠳᠦᠰᠦᠲᠡᠨ ᠲᠦᠪᠯᠡᠷᠡᠨ ᠰᠠᠭᠤᠭ᠎ᠠ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢ ᠲᠦᠯᠬᠢᠨ ᠠᠬᠢᠭᠤᠯᠵᠤ᠂ ᠦᠪᠡᠷᠮᠢᠴᠡ ᠤᠨᠴᠠᠯᠢᠭ ᠎ ᠲᠠᠢ ᠠᠵᠤ ᠦᠢᠯᠡᠰ ᠢ ᠶᠡᠬᠡᠪᠡᠷ ᠬᠦᠭᠵᠢᠭᠦᠯᠵᠦ᠂ ᠤᠨᠤᠪᠴᠢᠲᠠᠢ ᠪᠠᠷ ᠶᠠᠳᠠᠭᠤ ᠶᠢ ᠲᠡᠳᠬᠦᠬᠦ ᠢᠨᠵᠧᠨᠧᠷᠢᠩ ᠢ ᠬᠡᠷᠡᠭᠵᠢᠭᠦᠯᠵᠦ᠂ ᠨᠡᠶᠢᠭᠡᠮ ᠤᠨ ᠠᠵᠢᠯ ᠦᠢᠯᠡᠰ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠶᠢᠨ ᠪᠦᠲᠦᠭᠡᠨ ᠪᠠᠶᠢᠭᠤᠯᠬᠤ ᠠᠬᠢᠴᠠ ᠶᠢ ᠲᠦᠷᠭᠡᠳᠬᠡᠬᠦ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠦᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠰᠤᠷᠲᠠᠯ ᠤᠬᠠᠭᠤᠯᠭ᠎ᠠ ᠶᠢᠨ ᠬᠦᠮᠦᠵᠢᠯ ᠢ ᠰᠠᠶᠢᠲᠤᠷ ᠠᠳᠬᠤᠵᠤ᠂ ᠨᠢᠭᠡ ᠪᠦᠯᠦᠭ ᠵᠢᠱᠢᠶ᠎ᠡ ᠦᠵᠡᠭᠦᠯᠬᠦ ᠨᠢᠭᠡᠴᠡ ᠶᠢ ᠶᠡᠭᠡ ᠬᠦᠴᠦ ᠪᠠᠷ ᠪᠤᠶᠢᠵᠢᠭᠤᠯᠤᠨ ᠪᠤᠢ ᠪᠤᠯᠭᠠᠬᠤ ᠬᠡᠷᠡᠭᠲᠡᠢ᠃ ᠰᠢᠨ᠎ᠡ ᠪᠠᠶᠢᠳᠠᠯ ᠤᠨ ᠳᠤᠤᠷᠠᠬᠢ ᠬᠤᠲᠠ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠬᠤᠲᠠ ᠶᠢᠨ ᠦᠨᠳᠦᠰᠦᠲᠡᠨ ᠤ ᠠᠵᠢᠯ ᠤᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠨ ᠰᠢᠨ᠎ᠡ ᠶᠢ ᠡᠭᠦᠳᠴᠦ᠂ ᠴᠦᠭᠡᠨ ᠲᠤᠭᠠᠲᠤ ᠦᠨᠳᠦᠰᠦᠲᠡᠨ ᠤ ᠨᠡᠭᠦᠳᠡᠯ ᠬᠦᠮᠦᠨ ᠠᠮᠠ ᠤᠨ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠯᠭᠤᠯᠲᠠ ᠶᠢᠨ ᠪᠤᠯᠪᠠᠰᠤᠷᠠᠭᠤᠯᠤᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ᠂ ᠠᠮᠢᠳᠤᠷᠠᠯ ᠤᠨ ᠲᠡᠳᠬᠦᠮᠵᠢ᠂ ᠡᠷᠬᠡ ᠠᠰᠢᠭ ᠤᠨ ᠬᠠᠮᠠᠭᠠᠯᠠᠯᠲᠠ ᠵᠡᠷᠭᠡ ᠠᠵᠢᠯ ᠢ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠬᠢᠵᠦ᠂ ᠴᠦᠭᠡᠨ ᠲᠤᠭᠠᠲᠤ ᠦᠨᠳᠦᠰᠦᠲᠡᠨ ᠢ ᠨᠡᠩ ᠰᠠᠶᠢᠨ ᠢᠶᠠᠷ ᠬᠤᠳᠠ ᠳᠤ ᠠᠭᠤᠰᠤᠯᠴᠠᠭᠤᠯᠬᠤ ᠬᠡᠷᠡᠭᠲᠡᠢ᠃ ᠱᠠᠱᠢᠨ ᠰᠤᠷᠲᠠᠬᠤᠨ ᠤ ᠠᠵᠢᠯᠯᠠᠭ᠎ᠠ ᠶᠢᠨ ᠬᠠᠮᠢᠶᠠᠷᠤᠯᠲᠠ ᠶᠢ ᠬᠠᠤᠯᠢ ᠶᠤᠰᠤᠭᠠᠷ ᠴᠢᠩᠭᠠᠳᠬᠠᠵᠤ᠂ ᠱᠠᠱᠢᠨ ᠰᠤᠷᠲᠠᠬᠤᠨ ᠤ ᠬᠦᠷᠢᠶ᠎ᠡ ᠶᠢᠨ ᠵᠤᠬᠢᠴᠠᠩᠭᠤᠢ ᠲᠤᠭᠳᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠤᠷᠳᠤᠨ ᠦᠨᠳᠦᠰᠦᠲᠡᠨ ᠱᠠᠰᠢᠨ ᠰᠤᠷᠲᠠᠬᠤᠨ ᠮᠤᠩᠭᠤᠯ ᠬᠡᠯᠡᠨ ᠤ ᠠᠵᠢᠯ ᠤᠨ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠡᠰᠢᠭᠦᠨ ᠨᠢᠭᠡᠴᠡ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠦᠨᠳᠦᠰᠦᠲᠡᠨ ᠱᠠᠱᠢᠨ ᠰᠤᠷᠲᠠᠬᠤᠨ ᠤ ᠰᠠᠯᠠᠭ᠎ᠠ ᠮᠦᠴᠢᠷ ᠤᠨ ᠲᠤᠰ ᠪᠠᠶ᠎ᠡ ᠶᠢᠨ ᠪᠦᠲᠦᠭᠡᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃      ᠬᠤᠷᠠᠯ ᠳᠡᠭᠡᠷ᠎ᠡ᠂ ᠯᠢᠨᠾᠧ ᠲᠤᠭᠤᠷᠢᠭ᠂ ᠳ᠋ᠧᠩᠺᠸᠦ ᠰᠢᠶᠠᠨ᠂ ᠦᠶᠤᠸᠠᠨ ᠰᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠤᠰ ᠪᠦᠷᠢ ᠬᠤᠲᠠ ᠶᠢᠨ ᠦᠨᠳᠦᠰᠦᠲᠡᠨ ᠤ ᠠᠵᠢᠯ᠂ ᠱᠠᠱᠢᠨ ᠰᠤᠷᠲᠠᠬᠤᠨ ᠤ ᠬᠠᠮᠢᠶᠠᠷᠤᠯᠲᠠ ᠪᠠ ᠦᠪᠡᠷᠮᠢᠴᠡ ᠤᠨᠴᠠᠯᠢᠭ ᠲᠠᠢ ᠠᠶᠢᠯ ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠲᠤᠭᠤᠷᠢᠨ ᠳᠤ ᠰᠤᠯᠢᠯᠴᠠᠭ᠎ᠠ ᠬᠢᠭᠰᠡᠨ ᠤ ᠬᠠᠮᠲᠤ ᠬᠤᠯᠪᠤᠭᠳᠠᠯ ᠪᠦᠬᠦᠢ ᠭᠦᠬᠢᠭᠦᠯᠦᠨ ᠰᠠᠶᠢᠰᠢᠶᠠᠬᠤ ᠰᠢᠢᠳᠪᠦᠷᠢ ᠶᠢ ᠤᠩᠰᠢᠨ ᠨᠡᠶᠢᠲᠡᠯᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号