2016 ᠣᠨ ᠳᠤ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠬᠡᠷᠡᠭᠵᠢᠭᠦᠯᠬᠦ ᠪᠠᠷ | ᠪᠠᠶᠢᠭ᠎ᠠ 71 ᠭᠤᠣᠯᠳᠠᠯᠭᠠᠲᠤ ᠲᠥᠷᠥᠯ ᠵᠦᠢᠯ ᠨᠢ᠂ ᠪᠤᠭᠤᠲᠤ ᠬᠤᠲᠠ ᠶᠢᠨ ︽ᠳᠡᠭᠡᠳᠦ ᠰᠢᠯᠢᠳᠡᠭ ᠬᠦᠴᠦᠷᠬᠡᠭ︾ | ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ | ᠲᠦᠯᠬᠢᠨ ᠠᠬᠢᠭᠤᠯᠬᠤ ᠪᠣᠯᠣᠨ᠎ᠠ᠃ ᠲᠥᠷᠥᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠨᠢ 190 ᠳ᠋ᠦᠩᠰᠢᠭᠤᠷ | ᠲᠥᠭᠦᠷᠢᠭ ᠪᠠᠶᠢᠵᠤ᠂ ᠵᠢᠯ ᠤᠨ ᠲᠣᠲᠣᠷ᠎ᠠ 45 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠬᠤ ᠪᠠᠷ | ᠲᠥᠯᠥᠪᠯᠡᠵᠦ ᠪᠤᠢ᠃ ᠲᠥᠷᠥᠯ ᠵᠦᠢᠯ ᠢ ᠭᠤᠣᠯᠳᠠᠭᠤ 5 ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ | ᠬᠦᠷᠢᠶᠡᠯᠡᠩ ᠲᠣᠭᠤᠷᠢᠭ ᠪᠣᠯᠣᠨ 3 ᠢᠳᠡᠭᠡᠨ ᠤ ᠵᠦᠢᠯ ᠤᠨ ᠪᠣᠯᠪᠠᠰᠤᠷᠠᠭᠤᠯᠤᠯᠲᠠ ᠶᠢᠨ ᠬᠦᠷᠢᠶᠡᠯᠡᠩ ᠲᠣᠭᠤᠷᠢᠭ ᠲᠤ | ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠢ ᠴᠣᠭᠴᠠᠯᠠᠬᠤ ᠪᠠᠷ ᠳᠠᠮᠵᠢᠨ ᠪᠣᠬᠢᠷᠲᠤᠯ ᠦᠭᠡᠢ ᠲᠠᠷᠢᠶᠠᠯᠠᠩ ᠤᠨ | ᠪᠥᠲᠥᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ | ᠶᠢ ᠲᠦᠯᠬᠢᠨ ᠠᠬᠢᠭᠤᠯᠬᠤ ᠪᠣᠯᠣᠨ᠎ᠠ᠃ | |