ᠲᠦᠩᠯᠢᠶᠣᠣ ᠬᠤᠲᠠ 2016 ᠣᠨ ᠳᠤ 3 ᠵᠤᠷᠪᠤᠰ ᠵᠠᠰᠠᠮᠠᠯ ᠵᠠᠮ ᠢ ᠡᠬᠢᠯᠡᠭᠦᠯᠦᠨ ᠵᠠᠰᠠᠬᠤ ᠪᠣᠯᠣᠨ᠎ᠠ
ᠨᠡᠶᠢᠲᠡᠯᠡᠭᠰᠡᠨ ᠴᠠᠭ᠄
2016/2/23
     2016 ᠣᠨ ᠳᠤ᠂ ᠲᠦᠩᠯᠢᠶᠣᠣ ᠬᠤᠲᠠ ᠨᠢ ᠲᠦᠩᠯᠢᠶᠣᠣ ᠠᠴᠠ ᠪᠡᠭᠡᠵᠢᠩ ᠮᠦᠭᠳᠡᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠰᠢᠨ ᠮᠢᠨ ᠤᠮᠠᠷᠠᠲᠤ ᠥᠷᠲᠡᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠠᠷᠢᠯᠭ᠎ᠠ ᠶᠢ ᠡᠬᠢᠯᠡᠭᠦᠯᠵᠦ᠂ ᠲᠦᠩᠯᠢᠶᠣᠣ — ᠳ᠋ᠠ ᠬᠠᠦ ᠱᠠᠨ ᠬᠦᠷᠬᠦ᠂ ᠲᠦᠩᠯᠢᠶᠣᠣ — ᠬᠤᠤᠯᠢᠩᠭᠤᠣᠯ ᠬᠦᠷᠬᠦ᠂ ᠲᠦᠩᠯᠢᠶᠣᠣ — ᠰᠧ ᠫᠢᠩ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠪᠡᠭᠡᠵᠢᠩ — ᠲᠦᠩᠯᠢᠶᠣᠣ ᠬᠦᠷᠬᠦ ᠂ ᠲᠦᠩᠯᠢᠶᠣᠣ— ᠳ᠋ᠠᠴᠢᠩ ᠬᠦᠷᠬᠦ᠂ ᠰᠧ ᠫᠢᠩ ︵ᠭᠢᠷᠢᠨ︶ — ᠴᠢᠴᠢᠬᠠᠷ ᠬᠦᠷᠬᠦ 3 ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ ᠶᠢᠨ ᠪᠠᠷᠢᠯᠭ᠎ᠠ ᠶᠢ ᠡᠬᠢᠯᠡᠭᠦᠯᠦᠨ᠎ᠡ᠃ ᠳ᠋ᠠᠴᠢᠩ — ᠭᠤᠸ᠋ᠩᠵᠸᠦ ᠬᠦᠷᠬᠦ ᠳᠡᠭᠡᠳᠦ ᠬᠤᠷᠳᠣ ᠶᠢᠨ ᠵᠠᠮ ᠳᠠᠬᠢ ᠳᠠᠴᠢᠨᠲᠠᠯ᠎ᠠ ᠠᠴᠠ ᠪᠠᠢ ᠵᠢᠶ᠋ᠨ ᠶᠢᠩᠽᠢ ᠬᠦᠷᠬᠦ ᠬᠡᠰᠡᠭ᠂ ᠯᠦᠪᠸᠢ — ᠺᠠᠶᠢᠯᠦ᠂ ᠱᠧᠪᠡᠷᠲᠦ — ᠬᠠᠭ ᠤᠨ ᠰᠦᠮ᠎ᠡ ᠬᠦᠷᠬᠦ 3 ᠵᠣᠷᠪᠣᠰ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠎ ᠶᠢ ᠡᠬᠢᠯᠡᠭᠦᠯᠦᠨ᠎ᠡ᠃ ᠵᠠᠷᠤᠳ ᠬᠤᠰᠢᠭᠤᠨ ᠤ ᠮᠣᠳᠣ ᠴᠦᠬᠦᠷᠥᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠤᠨ ᠴᠠᠬᠢᠯᠭᠠᠨ ᠰᠦᠯᠵᠢᠶ᠎ᠡ ᠶᠢᠨ ᠺᠣᠮᠫᠠᠨᠢ ᠶᠢ ᠬᠠᠮᠵᠢᠵᠤ ᠵᠠᠷᠤᠳ — ᠴᠢᠩ ᠵᠸᠦ ± 800 ᠺᠢᠯᠣᠸᠠᠲ ᠤᠨ ᠣᠨᠴᠠ ᠥᠨᠳᠥᠷ ᠳᠠᠷᠤᠯᠲᠠᠲᠤ ᠲᠣᠭᠲᠠᠮᠠᠯ ᠴᠠᠬᠢᠯᠭᠠᠨ ᠱᠣᠭᠤᠮ ᠢ ᠪᠦᠲᠦᠭᠡᠨ ᠪᠠᠶᠢᠭᠤᠯᠤᠨ᠎ᠠ᠃ ᠲᠦᠩᠯᠢᠶᠣᠣ ᠨᠢᠰᠬᠡᠯ ᠤᠨ ᠪᠠᠭᠤᠳᠠᠯ ᠤᠨ ᠨᠢᠰᠦᠯᠲᠡ ᠶᠢᠨ ᠲᠣᠭᠤᠷᠢᠭ ᠢ ᠥᠷᠭᠡᠳᠬᠡᠨ ᠪᠠᠶᠢᠭᠤᠯᠬᠤ ᠢᠨᠵᠧᠨᠧᠷᠢᠩ ᠢ ᠡᠬᠢᠯᠡᠭᠦᠯᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号