ᠳᠤᠮᠳᠠᠳᠤ ᠤᠯᠤᠰ ᠤᠨ ᠠᠷᠠᠳ ᠤᠨ ᠪᠠᠩᠬᠢ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠠᠵᠢᠯᠲᠠᠨ | ᠠᠵᠢᠯᠴᠢᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠠᠩᠰᠠᠨ ᠡᠷᠦᠬᠡ ᠶᠢᠨ | ᠬᠠᠳᠠᠭᠠᠯᠠᠮᠵᠢ ᠶᠢᠨ ᠬᠦᠦ ᠮᠥᠩᠭᠦ ᠶᠢᠨ ᠨᠤᠷᠮ᠎ᠠ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠶ | ᠮᠡᠳᠡᠭᠳᠡᠯ︾ ᠤᠨ ᠵᠣᠷᠢᠭ ᠰᠠᠨᠠᠭ᠎ᠠ ᠪᠠᠷ᠂ ᠣᠶᠢᠷ᠎ᠠ ᠳᠤ᠂ ᠬᠥᠯᠥᠨ ᠪᠣᠶᠢᠷ ᠬᠤᠲᠠ ᠶᠢᠨ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠠᠴᠠ ᠮᠡᠳᠡᠭᠳᠡᠯ ᠳᠠᠷᠤᠮᠠᠯᠯᠠᠨ | ᠲᠠᠷᠬᠠᠭᠠᠵᠤ᠂ 2 ᠳ᠋ᠤᠭᠠᠷ ᠰᠠᠷ᠎ᠠ ᠶᠢᠨ 21 ᠤ ᠡᠳᠦᠷ ᠠᠴᠠ ᠡᠬᠢᠯᠡᠨ᠂ ᠠᠵᠢᠯᠳᠡᠨ ᠠᠵᠢᠯᠴᠢᠨ ᠤ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠠᠩᠰᠠᠨ ᠡᠷᠦᠬᠡ ᠶᠢᠨ ᠬᠠᠳᠠᠭᠠᠯᠠᠮᠵᠢ ᠶᠢᠨ ᠬᠦᠦ | ᠮᠥᠩᠭᠦ ᠶᠢᠨ ᠨᠤᠷᠮ᠎ᠠ ᠳᠤ ᠣᠳᠣᠬᠠᠨ ᠤ ᠴᠤᠭᠯᠠᠭᠤᠯᠤᠭᠰᠠᠨ ᠴᠠᠭ ᠪᠠᠷ ᠨᠢ ᠬᠡᠷᠡᠭᠵᠢᠭᠦᠯᠵᠦ ᠪᠠᠶᠢᠭ᠎ᠠ ᠬᠤᠭᠤᠴᠠᠭ᠎ᠠ | ᠦᠭᠡᠢ ᠪᠠ ᠭᠤᠷᠪᠠᠨ ᠰᠠᠷ᠎ᠠ ᠶᠢᠨ ᠬᠠᠳᠠᠭᠠᠯᠠᠮᠵᠢ ᠶᠢᠨ ᠰᠠᠭᠤᠷᠢ ᠬᠦᠦ ᠶᠢᠨ ᠨᠣᠷᠮ᠎ᠠ ᠶᠢ ᠨᠢᠭᠡᠳᠦᠯᠲᠡᠶ ᠪᠠᠷ ᠨᠢᠭᠡ | ᠵᠢᠯ ᠤᠨ ᠬᠤᠭᠤᠴᠠᠭ᠎ᠠ ᠶᠢᠨ ᠲᠣᠭᠲᠠᠮᠠᠯ ᠬᠤᠭᠤᠴᠠᠭ᠎ᠠ ᠲᠠᠢ ᠬᠠᠳᠠᠭᠠᠯᠠᠮᠵᠢ ᠶᠢᠨ ᠰᠠᠭᠤᠷᠢ ᠬᠦᠦ ᠶᠢᠨ ᠨᠣᠷᠮ᠎ᠠ ᠶᠢ | ᠬᠡᠷᠡᠭᠵᠢᠭᠦᠯᠬᠦ ᠪᠠᠷ ᠲᠣᠬᠢᠷᠠᠭᠤᠯᠵᠤ᠂ ᠳᠡᠭᠡᠭᠰᠢ ᠲᠣᠬᠢᠷᠠᠭᠤᠯᠤᠭᠰᠠᠨ ᠤ ᠳᠠᠷᠠᠭᠠᠬᠢ ᠬᠦᠦ ᠮᠥᠩᠭᠦ ᠶᠢᠨ ᠨᠤᠷᠮ᠎ᠠ ᠶᠢ 1. | 50% ᠪᠣᠯᠭᠠᠨ᠎ᠠ᠃ | 1996 ᠣᠨ ᠠᠴᠠ ᠨᠠᠰᠢ᠂ ︽ᠳᠣᠣᠷ᠎ᠠ ᠪᠠᠷ ᠲᠤᠰᠢᠶᠠᠵᠤ ᠳᠣᠣᠷ᠎ᠠ ᠪᠠᠷ ᠠᠪᠬᠤ᠂ ᠪᠡᠯᠡ ᠶᠢ ᠪᠠᠲᠤᠯᠠᠨ | ᠥᠴᠦᠬᠡᠨ ᠠᠰᠢᠭ ᠤᠯᠬᠤ︾ ᠵᠠᠷᠴᠢᠮ ᠤᠨ ᠶᠣᠰᠣᠭᠠᠷ᠂ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠠᠩᠰᠠᠨ ᠡᠷᠦᠬᠡ ᠶᠢᠨ ᠬᠠᠳᠠᠭᠠᠯᠠᠮᠵᠢ ᠶᠢᠨ ᠵᠣᠭᠤᠰ ᠢ | ᠴᠤᠭᠯᠠᠭᠤᠯᠤᠭᠰᠠᠨ ᠴᠠᠭ ᠢᠶᠠᠷ ᠨᠢ ᠬᠦᠦ ᠶᠢᠨ ᠨᠣᠷᠮ᠎ᠠ ᠶᠢᠨ ᠳᠡᠰ ᠢ ᠬᠤᠪᠢᠶᠠᠵᠤ᠂ ᠲᠤᠰ ᠵᠢᠯ ᠳᠤ | ᠬᠤᠷᠠᠮᠳᠤᠭᠤᠯᠤᠭᠰᠠᠨ ᠪᠠ ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ ᠢ ᠲᠤᠰ ᠲᠤᠰ ᠬᠤᠭᠤᠴᠠᠭ᠎ᠠ ᠦᠭᠡᠢ | ᠬᠠᠳᠠᠭᠠᠯᠠᠮᠵᠢ ᠪᠠ ᠭᠤᠷᠪᠠᠨ ᠰᠠᠷ᠎ᠠ ᠶᠢᠨ ᠲᠣᠭᠲᠠᠮᠠᠯ ᠬᠤᠭᠤᠴᠠᠭᠠᠲᠤ ᠬᠠᠳᠠᠭᠠᠯᠠᠮᠵᠢ ᠶᠢᠨ ᠬᠦᠦ ᠮᠥᠩᠭᠦᠨ ᠤ ᠰᠠᠭᠤᠷᠢ | ᠪᠠᠷᠢᠮᠵᠢᠶ᠎ᠠ ᠶᠢᠨ ᠨᠤᠷᠮ᠎ᠠ ᠪᠠᠷ ᠬᠦᠦ ᠮᠥᠩᠭᠦ ᠪᠣᠳᠣᠵᠦ᠂ ᠲᠤᠬᠢᠷᠠᠭᠤᠯᠤᠯᠳᠠ ᠬᠢᠬᠦ ᠠᠴᠠ ᠡᠮᠦᠨ᠎ᠡ ᠲᠤᠰ ᠲᠤᠰ 0. | 35% ᠪᠠ 1.10% ᠪᠠᠶᠢᠪᠠ᠃ ᠡᠨᠡ ᠤᠳᠠᠭ᠎ᠠ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠠᠵᠢᠯᠲᠠᠨ | ᠠᠵᠢᠯᠴᠢᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠠᠩᠰᠠᠨ ᠡᠷᠦᠬᠡ ᠶᠢᠨ | ᠬᠠᠳᠠᠭᠠᠯᠠᠮᠵᠢ ᠶᠢᠨ ᠬᠦᠦ ᠮᠥᠩᠭᠦ ᠶᠢᠨ ᠨᠤᠷᠮ᠎ᠠ ᠶᠢ ᠨᠢᠭᠡᠳᠦᠯᠲᠡᠶ ᠪᠠᠷ ᠨᠢᠭᠡ ᠵᠢᠯ ᠤᠨ ᠲᠣᠭᠲᠠᠮᠠᠯ ᠬᠤᠭᠤᠴᠠᠭᠠᠲᠤ | ᠬᠠᠳᠠᠭᠠᠯᠠᠮᠵᠢ ᠶᠢᠨ ᠰᠠᠭᠤᠷᠢ ᠬᠦᠦ ᠶᠢᠨ ᠨᠣᠷᠮ᠎ᠠ ᠶᠢ ᠬᠡᠷᠡᠭᠵᠢᠭᠦᠯᠵᠦ᠂ ᠣᠳᠣᠬᠠᠨ ᠳᠤ 1.50% ᠪᠣᠯᠭᠠᠪᠠ᠃ |