23 ᠤ ᠡᠳᠦᠷ᠂ ᠪᠦᠬᠦ ᠣᠷᠣᠨ ᠤ ᠠᠬᠠᠮᠠᠳ ᠺᠠᠳ᠋ᠷᠴᠤᠳ ᠤᠨ ᠲᠣᠪᠴᠢᠶ᠎ᠠ ︵ᠭᠠᠵᠠᠷ︶ ᠶᠢᠨ ᠳᠠᠷᠤᠭ᠎ᠠ | ᠨᠠᠷ ᠤᠨ ᠬᠤᠷᠠᠯ ᠬᠤᠷᠠᠯᠳᠤᠪᠠ᠃ ᠣᠶᠢᠯᠠᠭᠠᠭᠰᠠᠨ ᠢᠶᠠᠷ᠂ ᠨᠢᠳᠤᠨᠤᠨ ᠤ ᠵᠢᠯ ᠤᠨ ᠡᠴᠦᠰ ᠪᠣᠯᠲᠠᠯ᠎ᠠ᠂ ᠪᠥᠬᠦ | ᠣᠷᠣᠨ ᠤ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠤᠨ ᠶᠡᠷᠦᠩᠬᠡᠢ ᠲᠤᠭ᠎ᠠ ᠨᠢ 473574 ᠬᠥᠮᠦᠨ | ᠬᠦᠷᠴᠦ᠂ ᠡᠭᠦᠨ ᠤ ᠳᠣᠲᠣᠷ᠎ᠠ᠂ ᠠᠵᠢᠯ ᠠᠴᠠ ᠪᠠᠨ ᠰᠠᠯᠵᠤ ᠠᠮᠠᠷᠠᠭᠰᠠᠨ ᠺᠠᠳ᠋ᠷ 11572 ᠬᠥᠮᠦᠨ᠂ ᠠᠵᠢᠯ ᠠᠴᠠ | ᠪᠠᠨ ᠪᠠᠭᠤᠭᠰᠠᠨ ᠺᠠᠳ᠋ᠷ 462002 ᠬᠥᠮᠦᠨ᠂ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠤᠨ ᠨᠠᠮ ᠤᠨ | ᠭᠡᠰᠢᠭᠦᠨ 17.9 ᠲᠦᠮᠡᠨ ᠬᠥᠮᠦᠨ ᠪᠠᠶᠢᠨ᠎ᠠ᠃ | ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠤᠨ ᠡᠩᠨᠡᠭᠡᠨ ᠤ ᠪᠦᠲᠦᠴᠡ ᠳᠤ ᠢᠯᠡᠷᠡᠭᠰᠡᠨ ᠰᠢᠨ᠎ᠡ | ᠬᠤᠪᠢᠷᠠᠯᠲᠠ᠂ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠦᠵᠡᠯ ᠤᠬᠠᠮᠰᠠᠷ ᠤᠨ ᠤᠯᠠᠨ ᠡᠰᠢᠵᠢᠯᠲᠡ᠂ | ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠬᠡᠷᠡᠭᠴᠡᠭᠡ ᠶᠢᠨ ᠤᠯᠠᠨ ᠶᠠᠩᠵᠤ ᠶᠢᠨ ᠰᠢᠨ᠎ᠡ ᠪᠠᠶᠢᠳᠠᠯ ᠳᠤ | ᠴᠢᠭᠯᠡᠭᠦᠯᠦᠨ᠂ ︽ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠤᠨ ᠠᠵᠢᠯ ᠢ ᠤᠯᠠᠮ ᠴᠢᠩᠭᠠᠳᠬᠠᠨ | ᠰᠠᠶᠢᠵᠢᠷᠠᠭᠤᠯᠬᠤ ᠲᠤᠬᠠᠶ ᠰᠠᠨᠠᠯ︾ ᠶᠣᠰᠤᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠬᠠᠮᠠᠳ | ᠺᠠᠳ᠋ᠷᠴᠤᠳ ᠤᠨ ᠲᠣᠪᠴᠢᠶ᠎ᠠ ᠠᠴᠠ ᠱᠠᠭᠠᠷᠳᠠᠭᠰᠠᠨ ᠨᠢ᠂ ᠪᠦᠬᠦ ᠣᠷᠣᠨ ᠤ ᠠᠬᠠᠮᠠᠳ ᠺᠠᠳ᠋ᠷ ᠤᠨ ᠠᠵᠢᠯ ᠤᠨ ᠰᠠᠯᠠᠭ᠎ᠠ | ᠮᠥᠴᠢᠷ ᠤᠳ ᠨᠠᠮ ᠤᠨ ᠠᠵᠢᠯ ᠦᠢᠯᠡᠰ ᠲᠤ ᠵᠥᠪ ᠡᠨᠧᠷᠭᠢ ᠨᠡᠮᠡᠬᠦ ᠶᠢ ᠠᠵᠢᠯ ᠠᠴᠠ ᠪᠠᠨ ᠪᠠᠭᠤᠵᠤ ᠠᠮᠠᠷᠠᠭᠰᠠᠨ | ᠺᠠᠳ᠋ᠷ ᠤᠨ ᠠᠵᠢᠯ ᠳᠠᠬᠢ ᠥᠷᠲᠡᠭ ᠤᠨ ᠬᠠᠨᠳᠤᠰᠢ ᠪᠣᠯᠭᠠᠨ᠂ ︽ᠰᠠᠷᠠᠭᠤᠯ ᠰᠠᠶᠢᠬᠠᠨ ᠰᠡᠳᠭᠢᠯᠭᠡ ᠪᠠᠨ ᠢᠯᠡᠳᠬᠡᠨ᠂ | ᠲᠠᠩᠰᠤᠭ ᠰᠠᠶᠢᠬᠠᠨ ᠠᠮᠢᠳᠤᠷᠠᠯ ᠢᠶᠠᠨ ᠡᠳ᠋ᠯᠡᠵᠦ᠂ ᠬᠥᠭᠵᠢᠯᠲᠡ ᠬᠤᠪᠢᠷᠠᠯᠲᠠ ᠪᠠᠨ ᠴᠢᠯᠦᠭᠡᠲᠡᠢ ᠶᠠᠷᠢᠯᠴᠠᠬᠤ︾ ᠡᠨᠡ | ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠠᠬᠠᠮᠠᠳ ᠨᠥᠬᠦᠳ ᠢ ᠬᠥᠮᠦᠵᠢᠭᠦᠯᠥᠨ ᠵᠢᠯᠤᠭᠤᠳᠴᠤ ᠨᠠᠮ ᠤᠨ ᠠᠵᠢᠯ | ᠦᠢᠯᠡᠰ ᠲᠤ ᠵᠥᠪ ᠡᠨᠧᠷᠭᠢ ᠨᠡᠮᠡᠬᠦ ᠬᠡᠷᠡᠭᠲᠡᠶ᠃ | ᠳᠠᠷᠠᠭᠠᠴᠢ ᠶᠢᠨ ᠠᠯᠬᠤᠮ ᠳᠤ᠂ ᠪᠦᠬᠦ ᠣᠷᠣᠨ ᠤ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠤᠨ ᠠᠵᠢᠯ | ᠨᠢ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠤᠨ ᠠᠵᠢᠯ ᠤᠨ ᠤᠳᠤᠷᠢᠳᠬᠤ ᠲᠣᠭᠲᠠᠴᠠ ᠶᠢ ᠤᠯᠠᠮ | ᠲᠡᠭᠦᠯᠳᠡᠷᠵᠢᠭᠦᠯᠦᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ | ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠬᠥᠮᠦᠵᠢᠯ ᠬᠠᠮᠢᠶᠠᠷᠤᠯᠲᠠ ᠶᠢ ᠰᠠᠶᠢᠲᠤᠷ ᠠᠳᠬᠤᠨ᠂ | ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠲᠤ ᠵᠥᠪ ᠡᠨᠧᠷᠭᠢ ᠶᠢᠨ ᠠᠵᠢᠯᠯᠠᠭ᠎ᠠ ᠶᠢ ᠦᠷᠭᠦᠯᠵᠢᠯᠡᠨ | ᠭᠦᠨᠵᠡᠭᠡᠢ ᠦᠷᠨᠢᠭᠦᠯᠦᠨ᠎ᠡ᠃ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠤᠨ ᠡᠯ᠎ᠡ ᠵᠦᠢᠯ ᠤᠨ ᠬᠠᠷᠠᠭᠠᠯᠵᠠᠯ ᠢ | ᠬᠢᠨᠠᠮᠠᠭᠠᠶ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠤᠨ ᠬᠠᠮᠢᠶᠠᠷᠤᠯᠲᠠ ᠶᠢ | ᠴᠢᠩᠭᠠᠳᠬᠠᠬᠤ ᠰᠢᠨ᠎ᠡ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠬᠡᠷᠡᠭᠲᠡᠢ ᠭᠡᠪᠡ᠃ |