ᠬᠥᠯᠥᠨ ᠪᠤᠶᠢᠷ ᠬᠤᠲᠠ ᠶᠢᠨ ᠵᠡᠯᠡᠨ ᠠᠶᠢᠯ ᠬᠤᠲᠠ᠂ ᠠᠷᠤᠨ ᠬᠤᠰᠢᠭᠤ ᠨᠢ ᠥᠪᠡᠷᠲᠡᠭᠡᠨ ᠵᠠᠰᠠᠬᠤ | ᠣᠷᠣᠨ ᠤ ︽ᠪᠠᠴᠢᠮ ᠲᠤᠰᠠᠯᠠᠬᠤ ᠳᠤ ᠪᠡᠷᠬᠡ ᠪᠠᠶᠢᠬᠤ︾ ᠲᠤᠷᠰᠢᠯᠲᠠ ᠶᠢᠨ ᠭᠠᠵᠠᠷ ᠤᠷᠤᠨ ᠢᠶᠠᠷ ᠲᠤᠭᠳᠠᠭᠠᠭᠳᠠᠪᠠ᠂ | ᠤᠢᠢᠷ᠎ᠠ ᠶᠢᠨ ᠵᠢᠯ ᠤᠳ ᠲᠤ᠂ ᠬᠤᠶᠠᠷ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠪᠠᠴᠢᠮ ᠲᠤᠰᠠᠯᠠᠬᠤ ᠳᠤ ᠪᠡᠷᠬᠡ ᠪᠠᠶᠢᠬᠤ︾ ᠲᠤᠷᠰᠢᠯᠲᠠ ᠶᠢᠨ ᠠᠵᠢᠯ ᠢ | ᠪᠦᠬᠦ ᠲᠠᠯ᠎ᠠ ᠪᠠᠷ ᠥᠷᠨᠢᠭᠦᠯᠵᠦ᠂ ᠤᠯᠠᠨ ᠠᠷᠭ᠎ᠠ ᠵᠠᠮ ᠢᠶᠠᠷ ᠰᠢᠨ᠎ᠡ ᠠᠷᠭ᠎ᠠ ᠵᠠᠮ ᠰᠦᠪᠡᠭᠴᠢᠯᠡᠵᠦ ᠬᠦᠴᠢᠷᠳᠡᠯ ᠳᠤ | ᠲᠤᠯᠭᠠᠷᠠᠭᠰᠠᠨ ᠭᠡᠷ ᠪᠦᠯᠢ ᠶᠢ ᠴᠠᠭ ᠲᠤᠬᠠᠶ ᠳᠤᠨᠢ ᠲᠡᠩᠬᠡᠷᠡᠭᠦᠯᠦᠨ ᠲᠤᠰᠠᠯᠠᠬᠤ ᠶᠢ ᠦᠨᠡᠨ ᠬᠦ ᠪᠠᠲᠤᠯᠠᠪᠠ᠃ | ᠨᠢᠭᠡ ᠳᠤ᠂ ᠬᠢᠨᠠᠨ ᠵᠥᠪᠰᠢᠶᠡᠷᠡᠬᠦ ᠴᠤᠪᠤᠷᠠᠯ ᠤᠨ ᠥᠭᠡᠷᠡᠴᠢᠯᠡᠯᠲᠡ ᠬᠢᠵᠦ᠂ ᠠᠷᠠᠳ ᠲᠤ ᠲᠦᠷᠭᠡᠨ ᠪᠦᠭᠡᠳ | ᠳᠥᠭᠦᠮ ᠦᠵᠡᠭᠦᠯᠪᠡ᠃ ᠪᠠᠴᠢᠮ ᠲᠤᠰᠠᠯᠠᠬᠤ ᠴᠢᠬᠤᠯᠠᠲᠠᠢ ᠠᠮᠢᠳᠤᠷᠠᠯ ᠨᠢ ᠬᠦᠴᠢᠷᠲᠡᠶ ᠭᠡᠷ ᠪᠦᠯᠢ ᠳᠤ ᠬᠠᠮᠤᠭ ᠤᠨ | ᠲᠦᠷᠦᠭᠦᠨ ᠳᠤ ᠲᠤᠰᠠᠯᠠᠮᠵᠢ ᠤᠯᠭᠤᠬᠤ ᠶᠢᠨ ᠲᠤᠰᠠᠳᠠ᠂ ᠤᠯᠠᠮᠵᠢᠯᠠᠯᠲᠤ ᠪᠢᠴᠢᠭ ᠤᠨ ᠭᠤᠶᠤᠴᠢᠯᠠᠯ᠂ ᠰᠢᠶᠠᠩ | ᠪᠠᠯᠭᠠᠰᠤ ᠬᠦᠯᠢᠶᠡᠨ ᠠᠪᠴᠤ ᠭᠦᠢᠴᠡᠳᠬᠡᠬᠦ ᠪᠠ ᠬᠢᠨᠠᠨ ᠬᠠᠷᠭᠤᠭᠤᠯᠬᠤ᠂ ᠠᠷᠠᠳ ᠤᠨ ᠶᠠᠪᠤᠳᠠᠯ ᠤᠨ ᠲᠣᠪᠴᠢᠶ᠎ᠠ | ᠬᠢᠨᠠᠨ ᠵᠥᠪᠰᠢᠶᠡᠷᠡᠬᠦ ᠲᠡᠩᠬᠡᠷᠡᠭᠦᠯᠦᠨ ᠲᠤᠰᠠᠯᠠᠬᠤ ᠬᠡᠪ ᠵᠠᠭᠪᠤᠷ ᠢ ᠦᠯᠡᠳᠡᠭᠡᠵᠦ᠂ ᠤᠷᠢᠳᠠᠪᠠᠷ ᠪᠡᠯᠡᠨ ᠵᠣᠭᠤᠰ | ᠦᠭᠴᠦ ᠪᠠᠴᠢᠮ ᠲᠤᠰᠠᠯᠠᠵᠤ᠂ ᠳᠠᠷᠠᠭᠠᠪᠠᠷ ᠨᠢ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠨᠦᠬᠦᠪᠦᠷᠢᠯᠡᠬᠦ ᠬᠡᠪ | ᠵᠠᠭᠪᠤᠷ ᠢ ᠨᠡᠮᠡᠵᠦ᠂ ᠪᠠᠴᠢᠮ ᠲᠡᠩᠬᠡᠷᠡᠭᠦᠯᠦᠨ ᠲᠤᠰᠠᠯᠠᠬᠤ ᠴᠢᠬᠤᠯᠠᠲᠠᠢ ᠬᠦᠴᠢᠷᠳᠡᠯᠲᠡᠶ ᠭᠡᠷ ᠪᠦᠯᠢ ᠶᠢᠨ ᠪᠦᠷᠢᠯᠳᠦᠬᠦᠨ | ᠠᠮᠠᠨ ᠭᠤᠶᠤᠴᠢᠯᠠᠯ ᠭᠠᠷᠭᠠᠵᠤ᠂ ᠰᠤᠮᠤ ᠪᠠᠯᠭᠠᠰᠤ ᠬᠢᠨᠠᠨ ᠮᠠᠭᠠᠳᠯᠠᠭᠰᠠᠨ ᠤ ᠲᠠᠷᠠᠭ᠎ᠠ᠂ ᠠᠷᠠᠳ ᠤᠨ ᠶᠠᠪᠤᠳᠠᠯ ᠤᠨ | ᠲᠣᠪᠴᠢᠶ᠎ᠠ ᠲᠡᠩᠬᠡᠷᠡᠭᠦᠯᠦᠨ ᠲᠤᠰᠠᠯᠠᠬᠤ ᠴᠢᠬᠤᠯᠠᠲᠠᠢ ᠬᠦᠴᠢᠷᠳᠡᠯᠲᠡᠶ ᠭᠡᠷ ᠪᠦᠯᠢ ᠶᠢᠨ ᠪᠠᠶᠢᠳᠠᠯ ᠢ ᠦᠨᠳᠦᠰᠦᠯᠡᠨ᠂ | ᠤᠷᠢᠳᠠᠪᠠᠷ ᠪᠡᠯᠡᠨ ᠵᠣᠭᠤᠰ ᠦᠭᠴᠦ ᠲᠤᠰᠠᠯᠠᠨ᠂ ᠰᠡᠭᠦᠯᠡᠷ ᠨᠢ ᠬᠢᠨᠠᠨ ᠵᠦᠪᠰᠢᠶᠡᠷᠡᠭᠦᠯᠬᠦ ᠭᠠᠷ ᠭᠦᠢᠴᠡᠳᠬᠡᠯ ᠢ | ᠨᠦᠬᠦᠪᠦᠷᠢᠯᠡᠬᠦ ᠪᠤᠯᠭᠠᠪᠠ᠃ ᠡᠨᠡ ᠨᠢ ᠴᠤᠪᠤᠷᠠᠯ ᠢ ᠬᠠᠮᠤᠭ ᠤᠨ ᠬᠢᠯᠪᠡᠷ᠂ ᠬᠠᠮᠤᠭ ᠤᠨ ᠰᠢᠯᠢᠳᠡᠭ᠂ ᠬᠠᠮᠤᠭ ᠤᠨ | ᠥᠨᠳᠥᠷ ᠪᠦᠲᠦᠮᠵᠢᠲᠡᠶ ᠪᠠᠶᠢᠯᠭᠠᠵᠤ᠂ ᠬᠦᠴᠢᠷᠳᠡᠯ ᠲᠠᠢ ᠤᠯᠠᠨ ᠲᠦᠮᠡᠨ ᠬᠡᠷᠡᠭ ᠤᠴᠢᠷ ᠭᠦᠢᠴᠡᠳᠬᠡᠬᠦ ᠳᠤ | ᠬᠠᠮᠤᠭ ᠤᠨ ᠳᠥᠭᠦᠮ ᠦᠵᠡᠭᠦᠯᠦᠭᠰᠡᠨ ᠪᠠᠶᠢᠨ᠎ᠠ᠃ | ᠬᠤᠶᠠᠷ ᠲᠤ᠂ ᠪᠡᠯᠡᠨ ᠵᠣᠭᠤᠰ ᠶᠢ ᠰᠢᠭᠤᠳ ᠦᠭᠴᠦ᠂ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠡᠳ᠋ ᠤᠨ | ᠵᠠᠰᠠᠭ ᠤᠨ ᠰᠠᠯᠠᠭ᠎ᠠ ᠮᠥᠴᠢᠷ ᠢ ᠢᠳᠡᠪᠬᠢᠲᠡᠶ ᠪᠠᠷ ᠵᠣᠬᠢᠴᠠᠭᠤᠯᠵᠤ ᠪᠠᠶᠢᠭᠠᠳ᠂ ᠣᠷᠣᠨ ᠨᠤᠲᠤᠭ ᠤᠨ | ᠲᠤᠬᠢᠷᠠᠭᠤᠯᠤᠯᠲᠠ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠦ ᠶᠢᠨ ᠳᠣᠲᠣᠷ᠎ᠠ ᠠᠴᠠ ᠵᠣᠬᠢᠬᠤ | ᠬᠠᠷᠢᠴᠠᠯ ᠢᠶᠠᠷ ᠠᠷᠠᠳ ᠤᠨ ᠶᠠᠪᠤᠳᠠᠯ ᠤᠨ ᠲᠤᠪᠴᠢᠶ᠎ᠠ ᠳᠤ ᠪᠡᠯᠡᠨ ᠵᠣᠭᠤᠰ ᠦᠭᠴᠦ᠂ ᠪᠡᠯᠡ ᠮᠥᠩᠭᠦ ᠶᠢᠨ | ᠡᠷᠭᠢᠯᠲᠡ ᠶᠢᠨ ᠴᠠᠭ ᠢ ᠬᠠᠮᠤᠭ ᠤᠨ ᠶᠡᠭᠡ ᠬᠡᠮᠵᠢᠶ᠎ᠡ ᠪᠠᠷ ᠪᠤᠭᠤᠨᠢᠰᠬᠠᠵᠤ᠂ ᠲᠤᠬᠠᠢ ᠶᠢᠨ ᠲᠠᠯᠠᠪᠠᠢ ᠳᠤ ︽ᠪᠠᠴᠢᠮ | ᠲᠤᠰᠠᠯᠠᠬᠤ ᠳᠤ ᠪᠡᠷᠬᠡ ᠪᠠᠶᠢᠬᠤ︾ ᠶᠠᠪᠤᠳᠠᠯ ᠢ ᠰᠢᠢᠳᠪᠦᠷᠢᠯᠡᠵᠡᠢ᠃ | ᠭᠤᠷᠪᠠ ᠳᠤ᠂ ᠲᠡᠩᠬᠡᠷᠡᠭᠦᠯᠦᠨ ᠲᠤᠰᠠᠯᠠᠬᠤ ᠣᠷᠴᠢᠨ ᠲᠣᠭᠤᠷᠢᠨ ᠢ ᠡᠭᠦᠳᠦᠨ ᠪᠠᠶᠢᠭᠤᠯᠵᠤ᠂ ᠬᠦᠴᠢᠷᠳᠡᠯ ᠲᠠᠢ | ᠣᠯᠠᠨ ᠲᠦᠮᠡᠨ ᠳᠤ ︽ᠠᠪᠤᠷᠠᠨ ᠲᠤᠰᠠᠯᠠᠬᠤ ᠭᠠᠵᠠᠷ︾ ᠲᠠᠢ ᠪᠤᠯᠭᠠᠪᠠ᠃ ᠰᠢᠶᠠᠩ ᠪᠠᠯᠭᠠᠰᠤ᠂ ᠠᠯᠪᠠᠨ ᠭᠡᠷ ᠤᠨ | ᠵᠠᠰᠠᠭ ᠤᠨ ᠶᠠᠪᠤᠳᠠᠯ ᠤᠨ ᠲᠠᠩᠬᠢᠮ᠂ ᠬᠡᠷᠡᠭ ᠶᠠᠪᠤᠳᠠᠯ ᠭᠦᠢᠴᠡᠳᠬᠡᠬᠦ ᠲᠠᠩᠬᠢᠮ ᠳᠤ ᠨᠡᠶᠢᠭᠡᠮ ᠤᠨ ᠲᠡᠩᠬᠡᠷᠡᠭᠦᠯᠦᠨ | ᠲᠤᠰᠠᠯᠠᠭᠤᠯᠬᠤ ᠭᠤᠶᠤᠴᠢᠯᠠᠯ ᠢ ᠨᠢᠭᠡᠳᠦᠯᠲᠡᠶ ᠬᠦᠯᠢᠶᠡᠨ ᠠᠪᠴᠤ ᠭᠦᠢᠴᠡᠳᠬᠡᠬᠦ ᠴᠣᠩᠬᠤ ᠭᠠᠷᠭᠠᠵᠤ᠂ ᠨᠢᠭᠡᠳᠦᠯᠲᠡᠶ | ᠲᠡᠮᠳᠡᠭ ᠲᠠᠯᠪᠢᠵᠤ᠂ ︽ᠨᠢᠭᠡ ᠨᠢ ᠢᠯᠡᠷᠬᠡᠶ᠂ ᠭᠤᠷᠪᠠ ᠨᠢ ᠬᠡᠷᠡᠮ ᠳᠡᠭᠡᠷ᠎ᠡ︾ ᠪᠠᠶᠢᠬᠤ ᠶᠢ ᠪᠡᠶᠡᠯᠡᠭᠦᠯᠵᠦ᠂ ︽ᠨᠢᠭᠡ | ᠡᠭᠦᠳᠡ ᠪᠠᠷ ᠬᠦᠯᠢᠶᠡᠨ ᠠᠪᠴᠤ᠂ ᠬᠠᠮᠵᠢᠯᠴᠠᠵᠤ ᠭᠦᠢᠴᠡᠳᠬᠡᠬᠦ︾ ᠰᠠᠯᠠᠭ᠎ᠠ ᠮᠥᠴᠢᠷ ᠤᠳ ᠬᠠᠮᠲᠤᠷᠠᠨ ᠠᠵᠢᠯᠯᠠᠬᠤ | ᠵᠡᠷᠭᠡ ᠡᠯ᠎ᠡ ᠵᠦᠢᠯ ᠤᠨ ᠲᠤᠭᠲᠠᠴᠠ ᠶᠢ ᠪᠠᠶᠢᠭᠤᠯᠪᠠ᠃ | ᠲᠦᠷᠪᠡ ᠳᠤ᠂ ᠲᠦᠷᠦ ᠶᠢᠨ ᠪᠤᠳᠤᠯᠭ᠎ᠠ ᠶᠢ ᠭᠠᠴᠠᠭ᠎ᠠ ᠬᠦᠷᠲᠡᠯ᠎ᠡ ᠤᠭᠠᠬᠤᠯᠵᠤ᠂ ᠠᠷᠠᠳ ᠢᠷᠭᠡᠳ ᠨᠢᠭᠡᠪᠦᠷᠢ | ᠳᠤ ᠮᠡᠳᠡᠭᠦᠯᠪᠡ᠃ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠡᠮ ᠡᠮᠨᠡᠯᠭᠡ ᠶᠢᠨ | ᠠᠪᠤᠷᠠᠨ ᠲᠤᠰᠠᠯᠠᠬᠤ᠂ ᠲᠦᠷ ᠴᠠᠭ ᠤᠨ ᠲᠡᠩᠬᠡᠷᠡᠭᠦᠯᠦᠨ ᠲᠤᠰᠠᠯᠠᠬᠤ ᠵᠡᠷᠭᠡ 9 ᠵᠦᠢᠯ ᠤᠨ ᠨᠡᠶᠢᠭᠡᠮ ᠤᠨ | ᠲᠡᠩᠬᠡᠷᠡᠭᠦᠯᠦᠨ ᠲᠤᠰᠠᠯᠠᠬᠤ ᠠᠭᠤᠯᠭ᠎ᠠ ᠶᠢ ᠪᠠᠭᠲᠠᠭᠠᠭᠰᠠᠨ ᠴᠤᠪᠤᠷᠠᠯ ᠵᠢᠷᠤᠭ ᠢ ᠲᠤᠰᠬᠠᠶᠢᠯᠠᠨ ᠬᠡᠪᠯᠡᠨ ᠦᠢᠯᠡᠳᠪᠡ᠃ | ︽ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ︾᠂ ︽ᠬᠥᠳᠡᠭᠡ ᠲᠣᠰᠬᠤᠨ ᠤ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠤᠨ ᠴᠤᠪᠤᠷᠠᠯ ᠵᠢᠷᠤᠭ︾᠂ ︽ᠬᠤᠲᠠ | ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠤᠬᠠᠭᠤᠯᠭ᠎ᠠ ᠶᠢᠨ ᠬᠠᠭᠤᠳᠠᠰᠤ︾ ᠵᠡᠷᠭᠡ ᠤᠬᠠᠭᠤᠯᠭ᠎ᠠ ᠶᠢᠨ | ᠬᠠᠭᠤᠳᠠᠰᠤ ᠪᠠ ᠤᠬᠠᠭᠤᠯᠬᠤ ᠳᠡᠪᠲᠡᠷ ᠢ ᠭᠠᠴᠠᠭᠠᠨ ᠤ ᠠᠷᠠᠳ ᠤᠨ ᠳᠤᠭᠤᠶᠢᠯᠠᠩ ᠨᠢᠭᠡᠪᠦᠷᠢ ᠳᠤ ᠲᠠᠷᠬᠠᠭᠠᠵᠤ᠂ | ᠠᠷᠠᠳ ᠢᠷᠭᠡᠳ ᠲᠤ ᠤᠯᠤᠰ ᠤᠨ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠤᠳᠤᠯᠭ᠎ᠠ ᠶᠢ | ᠤᠶᠢᠯᠭᠠᠭᠤᠯᠵᠤ᠂ ᠮᠥᠨ ᠴᠦ ᠬᠦᠴᠢᠷᠳᠡᠯ ᠳᠤ ᠲᠤᠯᠭᠠᠷᠠᠭᠰᠠᠨ ᠠᠪᠤᠷᠠᠨ ᠲᠤᠰᠠᠯᠠᠭᠤᠯᠬᠤ ᠴᠢᠬᠤᠯᠠᠲᠠᠶ ᠤᠯᠠᠨ | ᠲᠦᠮᠡᠨ ᠲᠦᠷᠭᠡᠨ ᠪᠦᠭᠡᠳ ᠴᠠᠭ ᠲᠤᠬᠠᠶ ᠳᠤᠨᠢ ᠭᠤᠶᠤᠴᠢᠯᠠᠬᠤ ᠪᠠᠶᠢᠳᠠᠯ ᠢ ᠦᠨᠳᠦᠰᠦᠯᠡᠨ ᠵᠣᠬᠢᠴᠠᠩᠭᠤᠶ ᠪᠦᠬᠦᠢ | ᠲᠦᠷᠦᠯ ᠬᠡᠯᠪᠡᠷᠢ ᠶᠢᠨ ᠲᠡᠩᠬᠡᠷᠡᠭᠦᠯᠦᠨ ᠲᠤᠰᠠᠯᠠᠭᠤᠯᠬᠤ ᠪᠠᠷ ᠪᠤᠯᠭᠠᠵᠠᠢ᠃ |