ᠮᠠᠨ ᠤ ᠣᠷᠣᠨ ᠤ ᠮᠡᠳᠡᠭᠡ ᠵᠠᠩᠭᠢ ᠶᠢᠨ ᠮᠡᠬᠡᠯᠡᠯ ᠢ ᠡᠰᠡᠷᠭᠦᠴᠡᠬᠦ ᠠᠩᠬᠠᠳᠠᠭᠴᠢ ᠲᠥᠪ ᠤᠯᠠᠭᠠᠨᠬᠠᠳᠠ ᠳᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2016/2/25
   ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠮᠡᠳᠡᠭᠡ ᠵᠠᠩᠭᠢ ᠶᠢᠨ ᠮᠡᠬᠡᠯᠡᠯ ᠢ ᠡᠰᠡᠷᠭᠦᠴᠡᠬᠦ ᠠᠩᠬᠠᠳᠠᠭᠴᠢ ᠲᠥᠪ  — ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠮᠡᠳᠡᠭᠡ ᠵᠠᠩᠭᠢ ᠶᠢᠨ ᠮᠡᠬᠡᠯᠡᠯ ᠢ ᠡᠰᠡᠷᠭᠦᠴᠡᠬᠦ ᠲᠥᠪ ᠵᠢᠩᠬᠢᠨᠢ ᠪᠠᠷ ᠠᠵᠢᠯ ᠡᠬᠢᠯᠡᠪᠡ᠃ ᠣᠶᠢᠯᠠᠭᠠᠭᠰᠠᠨ ᠢᠶᠠᠷ᠂ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠮᠡᠳᠡᠭᠡ ᠵᠠᠩᠭᠢ ᠶᠢᠨ ᠮᠡᠬᠡᠯᠡᠯ ᠢ ᠡᠰᠡᠷᠭᠦᠴᠡᠬᠦ ᠲᠥᠪ ᠨᠢ ᠮᠡᠳᠡᠭᠡ ᠵᠠᠩᠭᠢ ᠶᠢᠨ ᠮᠡᠬᠡᠯᠡᠯ ᠢ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠬᠦ ᠤᠬᠠᠭᠤᠯᠭ᠎ᠠ ᠥᠷᠨᠢᠭᠦᠯᠬᠦ᠂ ᠮᠡᠳᠡᠭᠡ ᠵᠠᠩᠭᠢ ᠶᠢᠨ ᠬᠢᠬᠠᠨ ᠮᠡᠬᠡᠯᠡᠭᠰᠡᠨ ᠬᠡᠷᠡᠭ ᠢ ᠤᠯᠠᠨ ᠲᠦᠮᠡᠨ ᠠᠴᠠ ᠠᠰᠠᠭᠤᠵᠤ ᠯᠠᠪᠯᠠᠬᠤ᠂ ᠢᠯᠡᠴᠢᠯᠡᠨ ᠮᠡᠳᠡᠭᠦᠯᠬᠦ ᠳ᠋ᠢᠶᠠᠩᠬᠤᠸᠠ᠂ ᠮᠡᠬᠡᠯᠡᠭᠳᠡᠭᠰᠡᠨ ᠪᠡᠯᠡ ᠮᠥᠩᠭᠦ ᠶᠢ ᠪᠠᠴᠢᠮ ᠴᠡᠪᠳᠡᠭᠯᠡᠬᠦ᠂ ᠮᠡᠬᠡᠯᠡᠬᠦ ᠨᠣᠮᠧᠷ ᠢ ᠴᠠᠭ ᠲᠤᠬᠠᠶ ᠳᠤᠨᠢ ᠬᠠᠯᠬᠠᠯᠠᠬᠤ᠂ ᠬᠠᠭᠠᠵᠤ ᠵᠣᠭᠰᠣᠭᠠᠬᠤ ᠵᠡᠷᠭᠡ ᠲᠣᠭᠲᠠᠴᠠ ᠶᠢᠨ ᠪᠠᠶᠢᠭᠤᠯᠤᠯᠲᠠ ᠪᠠᠷ ᠬᠠᠷᠠᠯᠲᠠᠳᠤ ᠡᠭᠦᠷᠭᠡ ᠪᠠᠨ ᠪᠣᠯᠭᠠᠵᠤ᠂ ᠥᠷᠭᠡᠨ ᠤᠯᠠᠨ ᠠᠷᠠᠳ ᠲᠦᠮᠡᠨ ᠤ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠂ ᠡᠬᠢᠯᠡᠯᠲᠡ ᠶᠢᠨ ᠶᠣᠰᠣᠯᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠤᠯᠠᠭᠠᠨᠬᠠᠳᠠ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠮᠡᠳᠡᠭᠡ ᠵᠠᠩᠭᠢ ᠶᠢᠨ ᠮᠡᠬᠡᠯᠡᠯ ᠢ ᠡᠰᠡᠷᠭᠦᠴᠡᠬᠦ ᠲᠥᠪ ᠪᠠ ᠤᠯᠠᠭᠠᠨᠬᠠᠳᠠ ᠬᠤᠳᠠ ᠶᠢᠨ ᠮᠡᠳᠡᠭᠡ ᠵᠠᠩᠭᠢ ᠶᠢᠨ ᠮᠡᠬᠡᠯᠡᠯ ᠢ ᠡᠰᠡᠷᠭᠦᠴᠡᠬᠦ ᠬᠤᠯᠪᠣᠭ᠎ᠠ ᠵᠡᠷᠭᠡ ᠶᠢᠨ ᠸᠢᠴᠠᠲ ᠢ ᠴᠤᠭ ᠲᠤ ᠨᠢ ᠨᠡᠭᠡᠭᠡᠵᠦ᠂ ᠥᠷᠭᠡᠨ ᠤᠯᠠᠨ ᠲᠦᠮᠡᠨ ᠸᠢᠴᠠᠲ ᠤᠨ ᠤᠯᠠᠨ ᠨᠡᠶᠢᠲᠡ ᠶᠢᠨ ᠨᠤᠮᠧᠷ ᠤᠨ ᠰᠢᠷᠪᠢᠯᠲᠡ ᠪᠠᠷ ᠳᠠᠮᠵᠢᠭᠤᠯᠤᠨ ᠮᠡᠳᠡᠭᠡ ᠵᠠᠩᠭᠢ ᠶᠢᠨ ᠮᠡᠬᠡᠯᠡᠯ ᠢ ᠡᠰᠡᠷᠭᠦᠴᠡᠬᠦ ᠲᠤᠰᠠᠯᠠᠮᠵᠢ ᠭᠤᠶᠤᠴᠢᠯᠠᠵᠤ ᠪᠣᠯᠬᠤ ᠪᠣᠯᠭᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号