ᠣᠶᠢᠷ᠎ᠠ ᠳᠤ᠂ ᠰᠢᠯᠢ ᠶᠢᠨ ᠭᠤᠣᠯ ᠠᠶᠢᠮᠠᠭ ᠤᠨ ᠡᠭᠴᠡ ᠡᠯᠧᠺᠲᠷᠣᠨ ᠬᠤᠳᠠᠯᠳᠤᠭᠠᠨ ᠤ ᠲᠠᠪᠴᠠᠩ — | ᠥᠪᠥᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠰᠢᠨ᠎ᠡ ᠲᠣᠷᠭᠠᠨ ᠵᠠᠮ ᠤᠨ ᠡᠯᠧᠺᠲᠷᠣᠨ ᠬᠤᠳᠠᠯᠳᠤᠭᠠᠨ ᠤ | ᠶᠠᠪᠤᠳᠠᠯ ᠤᠨ ᠬᠢᠵᠠᠭᠠᠷᠲᠤ ᠺᠣᠮᠫᠠᠨᠢ ᠨᠢ ᠮᠣᠩᠭᠤᠯ ᠤᠯᠤᠰ ᠤᠨNEW SILKROAD ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠺᠣᠮᠫᠠᠨᠢ ᠯᠤᠭ᠎ᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠠᠮᠲᠤᠷᠠᠨ | ᠠᠵᠢᠯᠯᠠᠬᠤ ᠬᠡᠯᠡᠯᠴᠡᠭᠡᠷ ᠲᠤ ᠭᠠᠷ ᠤᠨ ᠦᠰᠦᠭ ᠵᠢᠷᠤᠵᠤ᠂ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ | ᠠᠷᠠᠯᠵᠢᠶ᠎ᠠ ᠥᠷᠨᠢᠭᠦᠯᠬᠦ ᠳᠤ ᠴᠦ᠋ ᠰᠢᠨ᠎ᠡ ᠠᠷᠭ᠎ᠠ ᠵᠠᠮ ᠢ ᠨᠡᠭᠡᠭᠡᠪᠡ᠃ ᠬᠠᠮᠵᠢᠯᠴᠠᠭ᠎ᠠ ᠪᠠᠷ ᠳᠠᠮᠵᠢᠨ᠂ ᠮᠣᠩᠭᠤᠯ | ᠤᠯᠤᠰ ᠤᠨ ᠪᠠᠶᠢᠭᠠᠯᠢᠯᠢᠭ ᠪᠤᠬᠢᠷᠳᠤᠯ ᠦᠭᠡᠢ ᠮᠠᠯ ᠤᠨ ᠠᠰᠢᠭ ᠰᠢᠮ᠎ᠡ᠂ ᠨᠠᠷᠢᠯᠢᠭ ᠨᠣᠯᠤᠤᠷ ᠤᠨ ᠭᠠᠷ | ᠦᠢᠯᠡᠳᠪᠦᠷᠢ ᠶᠢᠨ ᠪᠦᠲᠦᠭᠡᠭᠳᠡᠬᠦᠨ ᠵᠡᠷᠭᠡ ᠲᠠᠸᠠᠷ ᠨᠢ ᠰᠢᠨ᠎ᠡ ᠲᠣᠷᠭᠠᠨ ᠵᠠᠮ ᠤᠨ ᠡᠯᠧᠺᠲᠷᠣᠨ ᠬᠤᠳᠠᠯᠳᠤᠭᠠᠨ ᠤ | ᠲᠠᠪᠴᠠᠩ ᠢᠶᠠᠷ ᠳᠠᠮᠵᠢᠨ ᠮᠠᠨ ᠤ ᠤᠯᠤᠰ ᠤᠨ ᠡᠯ᠎ᠡ ᠭᠠᠵᠠᠷ ᠲᠤ ᠪᠤᠷᠤᠯᠠᠭᠤᠯᠤᠭᠳᠠᠬᠤ ᠪᠦᠭᠡᠳ ᠡᠭᠦᠨ ᠤ ᠬᠠᠮᠲᠤ᠂ | ᠮᠠᠨ ᠤ ᠤᠯᠤᠰ ᠤᠨ ᠣᠨᠴᠠᠯᠢᠭ ᠪᠦ᠋ᠬᠦᠢ ᠲᠠᠸᠠᠷ ᠴᠤ ᠮᠣᠩᠭᠤᠯ ᠤᠯᠤᠰ ᠤᠨ ᠬᠤᠳᠠᠯᠳᠤᠭᠠᠨ ᠤ ᠶᠠᠪᠤᠳᠠᠯ ᠤᠨ | ᠲᠠᠪᠴᠠᠩ ᠢᠶᠠᠷ ᠳᠠᠮᠵᠢᠨ ᠮᠣᠩᠭᠤᠯ ᠤᠯᠤᠰ ᠳᠤ ᠢᠯᠡᠷᠡᠬᠦ ᠪᠤᠯᠤᠨ᠎ᠠ᠃ ᠡᠭᠦᠨ ᠠᠴᠠ ᠭᠠᠳᠠᠨ᠎ᠠ᠂ ᠰᠢᠨ᠎ᠡ ᠲᠤᠷᠠᠭᠠᠨ | ᠵᠠᠮ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ ᠳᠤ ᠪᠠᠰᠠ ᠮᠤᠩᠭᠤᠯ ᠤᠯᠤᠰ ᠠᠴᠠ | ᠮᠣᠩᠭᠤᠯ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠨᠡᠶᠢᠭᠡᠮᠯᠢᠭ ᠤᠨ ᠭᠡᠰᠢᠭᠦᠨ ᠤ ᠬᠢᠷᠢ ᠭᠡᠮ ᠢ | ᠤᠯᠭᠤᠪᠠ᠃ |