ᠪᠤᠭᠤᠲᠤ ᠶᠡᠭᠡ ᠬᠡᠮᠵᠢᠶᠡᠨ ᠤ ᠵᠣᠭᠤᠰ ᠮᠥᠩᠭᠦ ᠣᠷᠣᠭᠤᠯᠤᠨ ᠵᠡᠮᠳᠡᠭᠴᠦᠳ ᠲᠤ ᠠᠵᠢᠯ ᠣᠯᠭᠤᠬᠤ ᠶᠢ ᠲᠤᠰᠠᠯᠠᠬᠤ ᠭᠡᠵᠦ ᠪᠣᠢ
ᠨᠡᠶᠢᠲᠡᠯᠡᠭᠰᠡᠨ ᠴᠠᠭ᠄
2016/2/26
     ᠡᠨᠡ ᠵᠢᠯ᠂ ᠪᠤᠭᠤᠲᠤ ᠬᠤᠲᠠ ᠶᠡᠭᠡ ᠬᠡᠮᠵᠢᠶᠡᠨ ᠤ ᠪᠡᠯᠡ ᠮᠥᠩᠭᠦ ᠣᠷᠣᠭᠤᠯᠤᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠢᠬᠦ᠂ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ᠂ ᠠᠵᠢᠯ ᠣᠯᠭᠤᠬᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠵᠡᠮᠳᠡᠭᠴᠦᠳ ᠲᠤ ᠠᠵᠢᠯ ᠣᠯᠭᠤᠬᠤ ᠢᠨᠵᠧᠨᠧᠷᠢᠩ ᠢ ᠶᠡᠬᠡᠪᠡᠷ ᠥᠷᠨᠢᠭᠦᠯᠬᠦ ᠪᠣᠯᠣᠨ᠎ᠠ᠃      ᠡᠨᠡ ᠵᠢᠯ ᠪᠤᠭᠤᠲᠤ ᠬᠤᠲᠠ ᠵᠡᠮᠳᠡᠭᠴᠦᠳ ᠤᠨ ᠠᠵᠢᠯ ᠤᠯᠬᠤ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ 2000 ᠠᠵᠢᠯ ᠤᠯᠬᠤ ᠴᠢᠳᠠᠪᠤᠷᠢ ᠲᠠᠢ ᠵᠡᠮᠳᠡᠭᠴᠦᠳ ᠤᠨ ᠠᠵᠢᠯ ᠮᠡᠷᠭᠡᠵᠢᠯ ᠪᠣᠯᠤᠨ ᠪᠣᠳᠠᠲᠤ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠬᠦᠷᠲᠡᠭᠡᠬᠦ ᠳᠤ 284 ᠲᠦᠮᠡᠨ ᠲᠥᠭᠦᠷᠢᠭ ᠣᠷᠣᠭᠤᠯᠬᠤ ᠪᠣᠯᠣᠨ᠎ᠠ᠃ ᠵᠡᠮᠳᠡᠭᠴᠦᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠳᠤ 30 ᠲᠦᠮᠡᠨ ᠲᠥᠭᠦᠷᠢᠭ ᠣᠷᠣᠭᠤᠯᠤᠨ᠎ᠠ᠃ ᠡᠭᠦᠨ ᠤ ᠬᠠᠮᠲᠤ ᠵᠡᠮᠳᠡᠭᠴᠦᠳ ᠢ ᠲᠣᠬᠢᠷᠠᠭᠤᠯᠵᠤ ᠠᠵᠢᠯ ᠣᠯᠭᠤᠬᠤ ᠶᠢ ᠬᠠᠤᠯᠢ ᠶᠣᠰᠣᠭᠠᠷ ᠲᠦᠯᠬᠢᠨ ᠠᠬᠢᠭᠤᠯᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠪᠠ ᠤᠯᠤᠰ ᠤᠨ ᠥᠮᠴᠢᠯᠡᠯᠲᠤ ᠠᠵᠤ ᠠᠬᠤᠶᠢᠯᠠᠯ ᠤᠨ ᠡᠯᠰᠡᠨ ᠬᠡᠷᠡᠭᠯᠡᠬᠦ ᠳᠡᠭᠡᠨ ᠵᠡᠮᠳᠡᠭᠴᠦᠳ ᠢ ᠲᠥᠪᠬᠢᠨᠡᠭᠦᠯᠬᠦ᠂ ᠵᠡᠮᠳᠡᠭᠴᠦᠳ ᠢ ᠲᠣᠬᠢᠷᠠᠭᠤᠯᠬᠤ ᠠᠵᠢᠯ ᠤᠨ ᠪᠠᠶᠢᠷᠢ ᠶᠢ ᠬᠠᠷᠢᠴᠠᠯ ᠶᠣᠰᠣᠭᠠᠷ ᠤᠷᠢᠳᠴᠢᠯᠠᠨ ᠦᠯᠡᠳᠡᠭᠡᠬᠦ ᠳᠦᠷᠢᠮ ᠢ ᠪᠠᠶᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠢᠶᠠᠷ ᠵᠡᠮᠳᠡᠭᠴᠦᠳ ᠤᠨ ᠠᠵᠢᠯ ᠣᠯᠭᠤᠯᠲᠠ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠥᠪᠯᠡᠷᠡᠭᠦᠯᠦᠨ ᠠᠵᠢᠯ ᠣᠯᠭᠤᠬᠤ ᠶᠢ ᠰᠢᠯᠤᠭᠤᠳᠬᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠭᠠᠷᠭᠠᠬᠤ ᠵᠡᠷᠭᠡ ᠲᠤᠰᠠᠯᠠᠬᠤ ᠴᠢᠨᠠᠷᠲᠠᠶ ᠠᠵᠢᠯ ᠣᠯᠭᠤᠬᠤ ᠠᠷᠭ᠎ᠠ ᠵᠠᠮ ᠢ ᠨᠡᠭᠡᠭᠡᠵᠦ᠂ ᠬᠤᠲᠠ ᠪᠠᠯᠭᠠᠰᠤ ᠶᠢᠨ 800 ᠵᠡᠮᠳᠡᠭᠴᠦᠳ ᠤᠨ ᠠᠵᠢᠯ ᠣᠯᠭᠤᠬᠤ ᠶᠢ ᠬᠠᠪᠰᠤᠷᠤᠨ ᠪᠡᠶᠡᠯᠡᠭᠦᠯᠦᠨ᠎ᠡ᠃ ᠡᠭᠦᠨ ᠠᠴᠠ ᠭᠠᠳᠠᠨ᠎ᠠ ᠰᠣᠬᠤᠷ ᠬᠥᠮᠦᠨ ᠤ ᠢᠯᠢᠯᠭᠡ ᠶᠢᠨ ᠡᠮᠴᠢᠯᠡᠭᠡ ᠶᠢ ᠶᠡᠬᠡᠪᠡᠷ ᠬᠥᠭᠵᠢᠭᠦᠯᠵᠦ᠂ ᠬᠡᠷᠡᠭᠴᠡᠭᠡ ᠶᠢ ᠦᠨᠳᠦᠰᠦᠯᠡᠨ ᠰᠦᠢᠳᠬᠡᠯ ᠬᠤᠷᠢᠶᠠᠬᠤ ᠦᠭᠡᠢ ᠪᠣᠯᠪᠠᠰᠤᠷᠠᠯ ᠤᠨ ᠠᠩᠭᠢ ᠪᠠ ᠬᠠᠮᠢᠶ᠎ᠠ ᠪᠦᠬᠦᠢ ᠰᠢᠯᠭᠠᠯᠲᠠ ᠶᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠤᠠ ᠡᠷᠬᠢᠯᠡᠵᠤ᠂ ᠪᠦᠭᠦ ᠬᠤᠲᠠ ᠶᠢᠨ ᠰᠣᠬᠤᠷ ᠬᠥᠮᠦᠨ ᠤ ᠢᠯᠢᠯᠭᠡ ᠶᠢᠨ ᠠᠵᠢᠯ ᠲᠦᠷᠦᠯ ᠤᠨ ᠪᠦᠬᠦᠶᠢᠯᠡ ᠴᠤᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号