2015 ᠣᠨ ᠳᠤ᠂ ᠤᠯᠠᠭᠠᠨᠬᠠᠳᠠ ᠬᠤᠲᠠ ᠶᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢᠯᠡᠳᠲᠡ ᠠᠮᠵᠢᠯᠲᠠ ᠤᠯᠪᠠ᠃ ᠲᠤᠰ ᠵᠢᠯ ᠳᠤ 2.06 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ 9.33 ᠲᠦᠮᠡᠨ ᠲᠡᠭᠰᠢ ᠳᠥᠷᠪᠡᠯᠵᠢᠨ ᠮᠧᠲᠷ ᠤᠨ ᠲᠠᠯᠠᠪᠠᠢ ᠶᠢᠨ ᠪᠠᠷᠢᠯᠭ᠎ᠠ ᠶᠢ ᠪᠡᠶᠡᠯᠡᠭᠦᠯᠵᠦ᠂ | ᠬᠡᠦᠭᠡᠳ ᠤᠨ ᠴᠡᠴᠡᠷᠯᠢᠭ ᠢ 77 ᠶᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠨ ᠥᠷᠭᠡᠳᠬᠡᠵᠦ ᠪᠠᠶᠢᠭᠤᠯᠪᠠ᠃ | ᠪᠦᠬᠦ ᠬᠤᠲᠠ ᠶᠢᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠤᠷᠪᠠᠨ ᠵᠢᠯ ᠤᠨ ᠬᠡᠦᠬᠡᠳ ᠤᠨ ᠴᠡᠴᠡᠷᠯᠢᠭ ᠲᠤ | ᠣᠷᠣᠭᠰᠠᠨ ᠨᠤᠷᠮ᠎ᠠ ᠨᠢ 88.01% ᠳᠤ ᠬᠦᠷᠪᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ | ᠦᠵᠡᠭᠦᠯᠬᠦ 7 ᠴᠡᠴᠡᠷᠯᠢᠭ᠂ ᠬᠤᠲᠠ ᠶᠢᠨ ᠳᠡᠰ ᠤᠨ ᠵᠢᠱᠢᠶ᠎ᠡ ᠦᠵᠡᠭᠦᠯᠬᠦ 22 ᠴᠡᠴᠡᠷᠯᠢᠭ᠂ ᠬᠤᠲᠠ ᠶᠢᠨ ᠳᠡᠰ ᠤᠨ | ᠨᠢᠭᠡᠳᠦᠭᠡᠷ ᠲᠥᠷᠥᠯ ᠤᠨ 48 ᠴᠡᠴᠡᠷᠯᠢᠭ ᠢ ᠰᠢᠨ᠎ᠡ ᠪᠠᠷ ᠡᠭᠦᠳᠦᠨ ᠪᠠᠶᠢᠭᠤᠯᠪᠠ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠤᠷᠭᠠᠭᠤᠯᠢ ᠳᠤ ᠡᠷᠬᠡ ᠲᠡᠭᠰᠢ ᠢᠯᠡ ᠪᠠᠷ ᠣᠷᠣᠬᠤ᠂ ᠡᠷᠬᠡ ᠲᠡᠭᠰᠢ ᠢᠯᠡ ᠪᠠᠷ | ᠰᠤᠷᠤᠭᠴᠢ ᠡᠯᠰᠡᠬᠦ᠂ ᠡᠷᠬᠡ ᠲᠡᠭᠰᠢ ᠢᠯᠡ ᠪᠠᠷ ᠠᠩᠭᠢ ᠬᠤᠪᠢᠶᠠᠬᠤ ᠰᠢᠨ᠎ᠡ ᠲᠣᠭᠲᠠᠴᠠ ᠶᠢ ᠪᠠᠶᠢᠭᠤᠯᠵᠤ᠂ ᠪᠦᠬᠦ | ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠬᠢᠵᠢᠯ ᠤᠨ ᠨᠤᠷᠮ᠎ᠠ ᠨᠢ 93.4% ᠳᠤ ᠬᠦᠷᠪᠡ᠃ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠦᠭᠵᠢᠯᠲᠡ ᠡᠷᠴᠢᠮᠲᠡᠶ | ᠶᠠᠪᠤᠭᠳᠠᠵᠤ ᠪᠠᠶᠢᠨ᠎ᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠠᠶᠢᠴᠢᠯᠠᠬᠤ ᠪᠠᠶᠢᠯᠳᠤᠬᠤ | ᠪᠤᠳᠤᠯᠭ᠎ᠠ ᠶᠢ ᠥᠷᠭᠦᠯᠵᠢᠯᠡᠨ ᠭᠦᠨᠵᠡᠭᠡᠶ ᠬᠡᠷᠡᠭᠵᠢᠭᠦᠯᠵᠦ᠂ ︽335︾ ᠬᠥᠭᠵᠢᠯᠲᠡ ᠶᠢᠨ ᠰᠡᠳᠬᠢᠮᠵᠢ ᠶᠢ ᠪᠤᠶ | ᠪᠣᠯᠭᠠᠭᠰᠠᠨ ᠪᠠᠶᠢᠨ᠎ᠠ᠃ ︽ᠲᠠᠪᠤᠨ ᠨᠢᠭᠡᠳᠦᠯᠲᠡᠶ ᠪᠠᠶᠢᠬᠤ︾ ᠰᠤᠷᠤᠭᠴᠢ ᠡᠯᠰᠡᠬᠦ ᠰᠢᠯᠭᠠᠯᠲᠠ ᠶᠢᠨ | ᠥᠭᠡᠷᠡᠴᠢᠯᠡᠯᠲᠡ ᠶᠢ ᠪᠦᠷᠢᠨᠰᠢᠭᠦᠯᠪᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ | ᠲᠥᠷᠥᠯ ᠤᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠵᠦ᠂ ᠠᠩᠬᠠᠳᠤᠭᠠᠷ ᠪᠦᠯᠦᠭ ᠤᠨ ᠬᠢᠴᠢᠶᠡᠯ | ᠲᠥᠷᠥᠯ ᠤᠨ 9 ᠰᠠᠭᠤᠷᠢᠨ ᠭᠠᠵᠠᠷ ᠢ ᠪᠠᠶᠢᠭᠤᠯᠪᠠ᠃ 2015 ᠣᠨ ᠳᠤ᠂ ᠪᠦᠬᠦ ᠬᠤᠲᠠ ᠶᠢᠨ ᠵᠢᠩᠭᠢᠨᠢ ᠠᠩᠭᠢ ᠳᠤ | ᠰᠢᠯᠭᠠᠭᠠᠳ ᠣᠷᠤᠭᠰᠠᠨ ᠨᠤᠷᠮ᠎ᠠ ᠨᠢ 53.59% ᠳᠤ ᠬᠦᠷᠴᠦ᠂ 534 ᠰᠢᠯᠭᠠᠭᠤᠯᠤᠭᠴᠢ 600 ᠬᠤᠪᠢ ᠠᠴᠠ | ᠳᠡᠭᠡᠭᠰᠢ ᠰᠢᠯᠭᠠᠭᠤᠯᠵᠤ᠂ 46 ᠬᠥᠮᠥᠨ ᠪᠡᠭᠡᠵᠢᠩ ᠶᠡᠭᠡ ᠰᠤᠷᠭᠠᠭᠤᠯᠢ᠂ ᠴᠢᠩᠬᠤᠸᠠ ᠶᠡᠭᠡ ᠰᠤᠷᠭᠠᠭᠤᠯᠢ ᠳᠤ | ᠡᠯᠰᠡᠭᠳᠡᠨ᠂ ᠲᠤᠰ ᠲᠤᠰ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠲᠣᠭᠠᠨ ᠤ 52.2% ᠪᠠ 48.4% ᠶᠢ | ᠡᠵᠡᠯᠡᠪᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠡᠷᠴᠢᠮ ᠢ | ᠴᠢᠩᠭᠠᠷᠠᠭᠤᠯᠪᠠ᠃ ᠤᠯᠠᠭᠠᠨᠬᠠᠳᠠ ᠬᠤᠳᠠ ᠨᠢ ᠥᠪᠡᠷᠲᠡᠭᠡᠨ ᠵᠠᠰᠠᠬᠤ ᠣᠷᠣᠨ ᠤ ᠪᠥᠬᠦ ᠣᠷᠣᠨ ᠤ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠢᠶᠠᠷ | ᠲᠣᠭᠲᠠᠭᠠᠭᠳᠠᠵᠤ᠂ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠪᠣᠯᠣᠨ ᠵᠢᠩᠬᠢᠨᠢ ᠠᠩᠭᠢ ᠶᠢᠨ ᠶᠡᠭᠡ ᠳᠡᠭᠡᠳᠦ | ᠰᠤᠷᠭᠠᠭᠤᠯᠢ ᠬᠠᠷᠢᠯᠴᠠᠨ ᠵᠠᠯᠭᠠᠯᠳᠤᠭᠰᠠᠨ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠵᠡᠷᠭᠡ | ᠳᠣᠯᠣᠭᠠᠨ ᠲᠣᠮᠣ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥᠯ ᠵᠦᠢᠯ ᠢ ᠡᠬᠢᠯᠡᠨ ᠬᠡᠷᠡᠭᠵᠢᠭᠦᠯᠪᠡ᠃ ᠪᠦᠬᠦ | ᠬᠤᠲᠠ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠡᠩ ᠤᠨ ᠦᠨᠳᠦᠷ ᠵᠡᠷᠭᠡ ᠶᠢᠨ | ᠳᠤᠮᠳᠠᠳᠤ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠲᠣᠭᠠᠨ ᠤ ᠬᠠᠷᠢᠴᠠᠯ ᠨᠢ 3.1:6.9 ᠳᠤ ᠬᠦᠷᠴᠦ᠂ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠴᠢᠳ ᠤᠨ ᠠᠵᠢᠯ ᠣᠯᠤᠭᠰᠠᠨ ᠨᠣᠷᠮ᠎ᠠ ᠨᠢ | 98.23% ᠳᠤ ᠬᠦᠷᠪᠡ᠃ |