ᠬᠥᠯᠥᠨ ᠪᠤᠶᠢᠷ ᠬᠤᠳᠠ ᠶᠢᠨ 2015 ᠣᠨ ᠳᠤ ᠭᠤᠶᠤᠴᠢᠯᠠᠨ ᠮᠡᠳᠡᠭᠦᠯᠦᠭᠰᠡᠨ ︽ᠥᠪᠥᠷ ᠮᠣᠩᠭᠤᠯ ᠤᠨ | ᠵᠡᠯᠡᠨ ᠠᠶᠢᠯ ᠤᠨ ᠰᠢᠦ ᠱᠦᠢ ᠤᠯᠤᠰ ᠤᠨ ᠨᠦᠢᠲᠠᠨ ᠭᠠᠵᠠᠷ ᠤᠨ ᠴᠡᠴᠡᠷᠯᠢᠭ︾᠂ ︽ᠥᠪᠥᠷ ᠮᠣᠩᠭᠤᠯ ᠤᠨ | ᠪᠠᠭᠠᠷᠢᠨ ᠶᠠᠯᠦ ᠭᠤᠣᠯ ᠤᠨ ᠤᠯᠤᠰ ᠤᠨ ᠨᠦᠢᠲᠠᠨ ᠭᠠᠵᠠᠷ ᠤᠨ ᠴᠡᠴᠡᠷᠯᠢᠭ︾᠂ ︽ᠥᠪᠥᠷ ᠮᠣᠩᠭᠤᠯ ᠤᠨ ᠮᠡᠬᠡᠷᠲᠦ | ᠶᠢᠨ ᠤᠯᠤᠰ ᠤᠨ ᠨᠦᠢᠲᠠᠨ ᠭᠠᠵᠠᠷ ᠤᠨ ᠴᠡᠴᠡᠷᠯᠢᠭ︾᠂ ︽ᠥᠪᠥᠷ ᠮᠣᠩᠭᠤᠯ ᠤᠨ ᠬᠠᠭᠤᠴᠢᠨ ᠪᠠᠷᠭᠤ ᠶᠢᠨ | ᠳᠤᠬᠤᠢ ᠶᠢᠨ ᠤᠯᠤᠰ ᠤᠨ ᠨᠦᠢᠲᠠᠨ ᠭᠠᠵᠠᠷ ᠤᠨ ᠴᠡᠴᠡᠷᠯᠢᠭ︾᠂ ︽ᠥᠪᠥᠷ ᠮᠣᠩᠭᠤᠯ ᠤᠨ ᠮᠠᠨᠵᠤᠤᠷ ᠤᠨ ᠡᠯ ᠺᠡ | ᠤᠯᠤᠰ ᠤᠨ ᠨᠦᠢᠲᠠᠨ ᠭᠠᠵᠠᠷ ᠤᠨ ᠴᠡᠴᠡᠷᠯᠢᠭ︾ ᠵᠡᠷᠭᠡ ᠤᠯᠤᠰ ᠤᠨ 5 ᠨᠦᠢᠲᠠᠨ ᠭᠠᠵᠠᠷ ᠤᠨ ᠴᠡᠴᠡᠷᠯᠢᠭ ᠢ | ᠣᠶᠢᠷ᠎ᠠ ᠳᠤ ᠤᠯᠤᠰ ᠤᠨ ᠤᠢ ᠰᠢᠭᠤᠶ ᠶᠢᠨ ᠲᠣᠪᠴᠢᠶ᠎ᠠ ᠠᠴᠠ ᠴᠣᠬᠤᠯᠠᠪᠤᠷᠢᠯᠠᠵᠤ ᠬᠢᠷᠢ ᠲᠡᠩᠴᠡᠭᠰᠡᠨ ᠨᠣᠷᠮ᠎ᠠ ᠨᠢ | 100 % ᠳᠤ ᠬᠦᠷᠪᠡ᠃ ᠡᠨᠡ ᠤᠳᠠᠭᠠᠨ ᠤ ᠤᠯᠤᠰ ᠤᠨ ᠤᠢ ᠰᠢᠭᠤᠶ ᠶᠢᠨ ᠲᠣᠪᠴᠢᠶ᠎ᠠ ᠵᠥᠪᠰᠢᠶᠡᠷᠡᠭᠰᠡᠨ 137 | ᠤᠯᠤᠰ ᠤᠨ ᠨᠦᠢᠲᠠᠨ ᠭᠠᠵᠠᠷ ᠤᠨ ᠴᠡᠴᠡᠷᠯᠢᠭ ᠤᠨ ᠲᠤᠷᠰᠢᠯᠲᠠ ᠶᠢᠨ ᠴᠢᠭ᠋ ᠤᠨ ᠪᠦᠲᠦᠭᠡᠨ ᠪᠠᠶᠢᠭᠤᠯᠤᠯᠲᠠ ᠶᠢ | ᠥᠷᠨᠢᠭᠦᠯᠬᠦ ᠶᠠᠪᠤᠴᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠨᠡᠶᠢᠲᠡ 10 ᠪᠠᠶᠢᠵᠤ᠂ | ᠵᠥᠪᠬᠡᠨ ᠬᠥᠯᠥᠨ ᠪᠤᠶᠢᠷ ᠬᠤᠲᠠ ᠳᠤ ᠳᠠᠷᠤᠢ 5 ᠪᠠᠶᠢᠵᠤ᠂ ᠪᠥᠬᠦ ᠣᠷᠣᠨ ᠤ 50 % ᠶᠢ ᠡᠵᠡᠯᠡᠪᠡ᠃ ᠣᠳᠣᠬᠠᠨ | ᠳᠤ ᠪᠣᠯᠲᠠᠯ᠎ᠠ᠂ ᠬᠥᠯᠥᠨ ᠪᠤᠶᠢᠷ ᠬᠤᠲᠠ ᠳᠤ 8 ᠤᠯᠤᠰ ᠤᠨ ᠨᠦᠢᠲᠠᠨ ᠭᠠᠵᠠᠷ ᠤᠨ ᠴᠡᠴᠡᠷᠯᠢᠭ ︵ᠲᠤᠷᠰᠢᠯᠲᠠ ᠶᠢᠨ | ᠴᠢᠭ᠋︶ ᠪᠠᠶᠢᠵᠤ᠂ ᠪᠦᠬᠦ ᠲᠠᠯᠠᠪᠠᠶ ᠨᠢ 70404.74 ᠾᠧᠺᠲ᠋ᠠᠷ ᠬᠦᠷᠴᠡᠢ᠃ ᠳᠠᠷᠠᠭᠠᠴᠢ ᠶᠢᠨ ᠠᠯᠬᠤᠮ ᠳᠤ | ᠬᠥᠯᠥᠨ ᠪᠤᠶᠢᠷ ᠬᠤᠲᠠ ᠶᠢᠨ ᠤᠢ ᠰᠢᠭᠤᠶ ᠶᠢᠨ ᠲᠣᠪᠴᠢᠶ᠎ᠠ ᠠᠴᠠ ᠡᠯ᠎ᠡ ᠤᠯᠤᠰ ᠤᠨ ᠨᠦᠢᠲᠠᠨ ᠭᠠᠵᠠᠷ ᠤᠨ | ᠴᠡᠴᠡᠷᠯᠢᠭ ︵ᠲᠤᠷᠰᠢᠯᠲᠠ ᠶᠢᠨ ᠴᠢᠭ᠋︶ ᠢ ᠰᠢᠬᠠᠮᠳᠠᠭᠤᠯᠤᠨ ᠬᠠᠮᠢᠶᠠᠷᠬᠤ ᠪᠠᠶᠢᠭᠤᠯᠤᠮᠵᠢ ᠪᠠᠶᠢᠭᠤᠯᠵᠤ᠂ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠲᠡᠭᠦᠯᠳᠡᠷᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ | ᠲᠠᠯ᠎ᠠ ᠪᠠᠷ ᠥᠷᠨᠢᠭᠦᠯᠵᠦ᠂ ᠰᠢᠯᠭᠠᠨ ᠠᠪᠤᠯᠲᠠ ᠳᠤ ᠡᠷᠲᠡᠬᠡᠨ ᠬᠢᠷᠢ ᠲᠡᠩᠴᠡᠵᠦ᠂ ᠵᠢᠩᠬᠢᠨᠢ ᠪᠠᠷ ᠫᠠᠶᠢᠰᠠ ᠡᠯᠭᠦᠬᠦ | ᠪᠣᠯᠣᠨ᠎ᠠ᠃ | | |