ᠪᠦᠬᠦ ᠤᠷᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠤᠷᠠᠯ ᠬᠦᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2016/2/29
     2 ᠳ᠋ᠤᠭᠠᠷ ᠰᠠᠷ᠎ᠠ ᠶᠢᠨ 26 ᠤ ᠡᠳᠦᠷ᠂ ᠬᠠᠤᠯᠢ ᠴᠠᠭᠠᠵᠠ ᠶᠢᠨ ᠲᠢᠩᠬᠢᠮ ᠠᠴᠠ ᠪᠥᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠤᠷᠠᠯ ᠢ ᠬᠤᠷᠠᠯᠳᠤᠭᠤᠯᠵᠤ᠂ ᠲᠢᠩᠬᠢᠮ ᠤᠨ ᠳᠠᠷᠤᠭ᠎ᠠ ᠵᠧᠦ ᠯᠢ ᠮᠢᠩ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠶ᠃ ᠲᠢᠩᠬᠢᠮ ᠤᠨ ᠳᠠᠷᠤᠭ᠎ᠠ ᠵᠧᠤ ᠯᠢ ᠮᠢᠩ ᠵᠢᠭᠠᠵᠤ ᠭᠠᠷᠭᠠᠭᠰᠠᠨ ᠨᠢ᠂ 2015 ᠣᠨ ᠪᠣᠯ ᠥᠪᠥᠷ ᠮᠣᠩᠭᠤᠯ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠥᠭᠵᠢᠯᠲᠡ ᠶᠢᠨ ᠠᠬᠢᠴᠠ ᠳᠤᠮᠳᠠᠬᠢ ᠬᠥᠰᠢᠶ᠎ᠡ ᠳᠤᠷᠠᠰᠬᠠᠯ ᠤᠨ ᠴᠢᠨᠠᠷᠲᠠᠶ ᠨᠢᠭᠡ ᠵᠢᠯ ᠪᠤᠯᠤᠨ᠎ᠠ᠃ ᠨᠢᠳᠤᠨᠤᠨ ᠤ 12 ᠳ᠋ᠤᠭᠠᠷ ᠰᠠᠷ᠎ᠠ ᠶᠢᠨ ᠳᠤᠮᠳᠠᠴᠢ ᠪᠠᠷ᠂ ᠶᠠᠮᠤᠨ ᠤ ᠳᠠᠷᠤᠭ᠎ᠠ ᠦ᠋ ᠠᠶ ᠢᠩ ᠥᠪᠥᠷ ᠮᠣᠩᠭᠤᠯ ᠳᠤ ᠢᠷᠡᠵᠤ ᠪᠠᠶᠢᠴᠠᠭᠠᠨ ᠰᠤᠳᠤᠯᠤᠯᠲᠠ ᠬᠢᠭᠰᠡᠨ ᠪᠠ  ᠴᠢᠬᠤᠯᠠ ᠵᠢᠭᠠᠪᠤᠷᠢ ᠦᠭᠭᠦᠭᠰᠡᠨ ᠨᠢ᠂ ᠬᠠᠤᠯᠢ ᠴᠠᠭᠠᠵᠠ ᠶᠢᠨ ᠶᠠᠮᠤᠨ ᠠᠴᠠ ᠥᠪᠥᠷ ᠮᠣᠩᠭᠤᠯ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠤ ᠪᠠᠶᠢᠬᠤ ᠶᠢ ᠲᠤᠰᠬᠠᠭᠰᠠᠨ ᠪᠦᠭᠡᠳ ᠨᠢᠭᠡ ᠵᠢᠯ ᠤᠨ ᠲᠤᠷᠰᠢᠬᠢ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠣᠯᠤᠭᠰᠠᠨ ᠰᠢᠪᠲᠤᠯᠤᠯᠲᠠ ᠶᠢᠨ ᠴᠢᠨᠠᠷᠲᠠᠶ ᠠᠮᠵᠢᠯᠲᠠ ᠶᠢ ᠭᠦᠢᠴᠡᠳ ᠨᠤᠲᠠᠯᠠᠵᠤ᠂ ᠥᠪᠥᠷ ᠮᠣᠩᠭᠤᠯ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠳᠤ ᠰᠢᠨ᠎ᠡ ᠤᠷᠤᠨ ᠪᠠᠶᠢᠷᠢ ᠲᠤᠭᠲᠠᠭᠠᠨ ᠦᠭᠴᠦ᠂ ᠮᠠᠰᠢ ᠶᠡᠭᠡ ᠬᠦᠰᠡᠯ ᠨᠠᠶᠢᠳᠠᠯᠭ᠎ᠠ ᠲᠠᠯᠪᠢᠵᠤ᠂ ᠪᠢᠳᠡᠨ ᠳᠤ ᠰᠢᠨ᠎ᠡ ᠡᠬᠢᠯᠡᠯᠲᠡ ᠶᠢᠨ ᠴᠢᠭ᠋ ᠳᠡᠭᠡᠷ᠎ᠡ ᠰᠢᠨ᠎ᠡ ᠦᠰᠦᠷᠦᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠤᠯᠭᠤᠭᠰᠠᠨ ᠪᠠᠶᠢᠨ᠎ᠠ ᠬᠡᠪᠡ᠃      ᠲᠢᠩᠬᠢᠮ ᠤᠨ ᠳᠠᠷᠤᠭ᠎ᠠ ᠵᠧᠤ ᠯᠢ ᠮᠢᠩ ᠴᠢᠬᠤᠯᠠᠴᠢᠯᠠᠭᠰᠠᠨ ᠨᠢ᠂ 2015 ᠣᠨ ᠤ ᠠᠵᠢᠯ ᠢ ᠡᠷᠬᠢᠴᠡᠭᠦᠯᠪᠡᠯ᠂ ᠪᠦᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠬᠠᠤᠯᠢ ᠪᠠᠷ ᠵᠠᠰᠠᠬᠤ ᠪᠠᠶᠢᠭᠤᠯᠤᠯᠲᠠ ᠪᠠᠷ ᠭᠤᠣᠯ ᠰᠢᠵᠢᠮ ᠪᠣᠯᠭᠠᠵᠤ᠂ ᠰᠢᠨ᠎ᠡ ᠬᠡᠯᠪᠡᠷᠢ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠲᠣᠭᠲᠠᠴᠠ ᠶᠢ ᠪᠠᠶᠢᠭᠤᠯᠵᠤ᠂ ᠬᠠᠤᠯᠢ ᠬᠡᠷᠡᠭᠵᠢᠭᠦᠯᠬᠦ ᠠᠵᠢᠯ ᠡᠷᠬᠢᠯᠡᠬᠦ ᠦᠷ᠎ᠡ ᠪᠦᠲᠦᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠠᠷ ᠭᠤᠣᠯᠳᠠᠯᠭ᠎ᠠ ᠪᠣᠯᠭᠠᠨ᠂ ︽365︾ ᠠᠵᠢᠯ ᠤᠨ ᠬᠠᠷᠠᠯᠲᠠ ᠪᠤᠯᠤᠨ ᠡᠭᠦᠷᠭᠡ ᠶᠢ ᠳᠤᠷᠠᠳᠤᠨ ᠭᠠᠷᠭᠠᠭᠰᠠᠨ ᠪᠥᠭᠡᠳ ᠲᠦᠯᠬᠢᠨ ᠠᠬᠢᠭᠤᠯᠵᠤ  ᠂ ᠭᠠᠭᠴᠠ ᠵᠦᠢᠯ ᠢᠶᠠᠷ ᠰᠢᠪᠲᠤᠯᠬᠤ᠂ ᠲᠥᠪᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ ᠠᠷᠭ᠎ᠠ ᠬᠡᠮᠵᠢᠶ᠎ᠡ ᠠᠪᠴᠤ᠂ ᠡᠯ᠎ᠡ ᠵᠦᠢᠯ ᠤᠨ ᠠᠵᠢᠯ ᠳᠤ ᠦᠰᠦᠷᠦᠯᠲᠡ ᠶᠢᠨ ᠴᠢᠨᠠᠷᠲᠠᠢ ᠬᠥᠭᠵᠢᠯᠲᠡ ᠶᠢ ᠪᠡᠶᠡᠯᠡᠬᠦᠯᠪᠡ᠃ ᠭᠢᠨᠳᠠᠨ ᠤ ᠰᠢᠰᠲ᠋ᠧᠮ ᠨᠠᠷᠢᠯᠢᠭᠵᠢᠭᠰᠠᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ︽ᠳᠤᠯᠤᠭ᠎ᠠ  ᠶᠢ ᠬᠤᠪᠢᠷᠠᠭᠤᠯᠬᠤ︾ ᠪᠦᠳᠦᠭᠡᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ︽ᠵᠢᠷᠭᠤᠭᠠᠨ ᠶᠠᠪᠤᠳᠠᠯ ᠦᠭᠡᠢ ᠭᠢᠨᠳᠠᠨ ᠤ ᠲᠣᠭᠤᠷᠢᠭ︾᠂ ︽ᠬᠤᠶᠠᠷ ᠦᠷᠦᠭᠡ ᠬᠤᠶᠠᠷ ᠠᠩᠭᠢ︾ ᠶᠢᠨ ᠡᠭᠦᠳᠦᠨ ᠪᠠᠶᠢᠭᠤᠯᠤᠯᠲᠠ ᠶᠢᠨ ᠠᠵᠢᠯᠯᠠᠭ᠎ᠠ ᠶᠢ ᠦᠷᠨᠢᠬᠦᠯᠦᠭᠰᠡᠨ ᠪᠠᠶᠢᠨ᠎ᠠ᠃ 2 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠠᠷᠪᠠᠨ ᠬᠤᠶᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠵᠤ᠂ ᠯᠢ ᠵᠢᠶᠠ ᠱᠦᠵᠢ ᠶᠢᠨ ᠬᠠᠷᠢᠭᠤ ᠮᠡᠳᠡᠭᠦᠯᠦᠭᠰᠡᠨ 22 ᠵᠦᠢᠯ ᠤᠨ ᠥᠭᠡᠷᠡᠴᠢᠯᠡᠯᠲᠡ ᠶᠢᠨ ᠲᠦᠷᠦᠯ ᠵᠦᠢᠯ ᠳᠤ᠂ ᠬᠠᠤᠯᠢ ᠴᠠᠭᠠᠵᠠ ᠶᠢᠨ ᠲᠢᠩᠬᠢᠮ ᠤᠨ ᠡᠭᠦᠷᠭᠡᠯᠡᠭᠰᠡᠨ ᠥᠭᠡᠷᠡᠴᠢᠯᠡᠯᠲᠡ ᠶᠢᠨ ᠲᠦᠷᠦᠯ ᠵᠦᠢᠯ ᠳᠠᠷᠤᠢ 16 ᠪᠠᠶᠢᠨ᠎ᠠ︔ 12 ᠥᠭᠡᠷᠡᠴᠢᠯᠡᠯᠲᠡ ᠶᠢᠨ ᠭᠢᠯᠠᠰ ᠴᠢᠭ᠋ ᠳᠤᠲᠤᠷᠠᠬᠢ 7 ᠶᠢ ᠨᠢ ᠬᠠᠤᠯᠢ ᠴᠠᠭᠠᠵᠠ ᠶᠢᠨ ᠲᠢᠩᠬᠢᠮ ᠤᠨ  ᠠᠬᠢᠭᠤᠯᠤᠭᠰᠠᠨ ᠬᠢᠯᠠᠰ ᠴᠢᠭ᠋ ᠤᠨ ᠠᠵᠢᠯ ᠪᠠᠶᠢᠵᠤ᠂ ᠬᠠᠤᠯᠢ ᠴᠠᠭᠠᠵᠠ ᠶᠢᠨ ᠲᠢᠩᠬᠢᠮ ᠢᠶᠠᠷ ᠲᠦᠷᠦᠬᠦᠯᠡᠬᠦᠯᠦᠭᠰᠡᠨ ᠥᠭᠡᠷᠡᠴᠢᠯᠡᠯᠲᠡ ᠶᠢᠨ ᠡᠭᠦᠷᠭᠡ ᠨᠢ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠬᠤᠷᠢᠶ᠎ᠠ ᠶᠢᠨ ᠭᠦᠢᠴᠡᠳ ᠨᠤᠲᠠᠯᠠᠯᠲᠠ ᠶᠢ ᠤᠯᠪᠠ᠃ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠳᠤ ᠰᠢᠨ᠎ᠡ ᠠᠵᠢᠯ ᠤᠳ ᠢ ᠬᠢᠪᠡ᠃ ︽ 6᠂ 3︾ ᠶᠢᠨ ᠬᠠᠤᠯᠢ ᠲᠦᠭᠡᠮᠡᠯᠵᠢᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠴᠠᠭᠠᠵᠠ ᠶᠢᠨ ᠮᠡᠳᠡᠯᠭᠡ ᠶᠢᠨ ᠤᠩᠰᠢᠬᠤ ᠨᠤᠮ ᠢ 3 ᠳᠡᠪᠲᠡᠷ ᠨᠠᠶᠢᠷᠠᠭᠤᠯᠤᠨ ᠬᠡᠪᠯᠡᠵᠤ᠂ ᠬᠠᠤᠯᠢ ᠪᠠᠷ ᠵᠠᠰᠠᠬᠤ ᠰᠣᠶᠣᠯ ᠤᠨ ᠲᠠᠯᠠᠪᠠᠢ 41 ᠶᠢ ᠪᠠᠶᠢᠭᠤᠯᠵᠤ᠂ ᠬᠠᠤᠯᠢ ᠪᠠᠷ ᠵᠠᠰᠠᠬᠤ ᠨᠣᠮ ᠪᠢᠴᠢᠭ ᠤᠩᠰᠢᠬᠤ ᠥᠷᠲᠡᠭᠡ 38 ᠶᠢ ᠭᠠᠷᠭᠠᠵᠤ᠂ ᠬᠠᠤᠯᠢ ᠪᠠᠷ ᠵᠠᠰᠠᠬᠤ ᠰᠣᠶᠣᠯ ᠤᠨ ᠣᠷᠳᠦ ᠬᠤᠨᠭ᠍ᠭᠢᠯ 390 ᠶᠢ ᠪᠠᠶᠢᠭᠤᠯᠵᠤ᠂ ᠬᠠᠤᠯᠢ ᠲᠦᠭᠡᠮᠡᠯᠵᠢᠭᠦᠯᠬᠦ ᠬᠠᠤᠯᠢ ᠰᠤᠷᠬᠤ ᠬᠢᠴᠢᠶᠡᠯ ᠤᠨ ᠲᠠᠩᠬᠢᠮ ᠢ 3097 ᠲᠤᠬᠢᠷᠠᠭᠤᠯᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠶᠢᠨ ᠳᠤᠷᠠᠴᠤᠳ ᠢ 31000 ᠶᠢ ᠡᠯᠰᠡᠪᠡ᠃ ᠦᠨᠳᠦᠰᠦᠨ ᠱᠠᠲᠤᠨ ᠤ ᠰᠠᠭᠤᠷᠢ ᠪᠦᠳᠦᠭᠡᠨ ᠪᠠᠶᠢᠭᠤᠯᠤᠯᠲᠠ ᠳᠤ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠪᠦᠬᠦ ᠣᠷᠣᠨ ᠳᠤ ᠣᠷᠣᠨ ᠤ ᠪᠤᠳᠠᠲᠠᠢ ᠪᠠᠶᠢᠳᠠᠯ ᠳᠤ ᠨᠡᠶᠢᠴᠡᠭᠰᠡᠨ᠂ ᠬᠤᠳᠠ ᠬᠥᠳᠡᠭᠡ ᠶᠢ ᠬᠠᠮᠤᠷᠤᠭᠰᠠᠨ᠂ ᠠᠷᠠᠳ ᠨᠡᠶᠢᠲᠡ ᠳᠤ ᠠᠰᠢᠭ ᠬᠦᠷᠲᠡᠭᠡᠭᠰᠡᠨ ᠮᠣᠩᠭᠤᠯ ᠬᠢᠲᠠᠳ ᠬᠤᠣᠰ ᠬᠡᠯᠡᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠢ 12348 ᠶᠢ ᠪᠠᠶᠢᠭᠤᠯᠪᠠ᠃ ᠲᠠᠪᠴᠠᠩ ᠨᠢ ᠠᠵᠢᠯᠯᠠᠵᠤ ᠡᠬᠢᠯᠡᠭᠰᠡᠨ ᠡᠳᠦᠷ ᠠᠴᠠ ᠨᠠᠰᠢ᠂ ᠨᠡᠶᠢᠲᠡ 4.6 ᠲᠦᠮᠡ ᠭᠠᠷᠤᠶ ᠤᠳᠠᠭ᠎ᠠ ᠤᠲᠠᠰᠤ ᠲᠤᠰᠴᠤ᠂ ᠰᠦᠯᠵᠢᠶᠡᠨ ᠳᠡᠭᠡᠷ᠎ᠡ 5.6 ᠲᠦᠮᠡ ᠭᠠᠷᠤᠶ ᠤᠳᠠᠭ᠎ᠠ ᠯᠠᠪᠯᠠᠯᠭ᠎ᠠ ᠬᠦᠯᠢᠶᠡᠪᠡ᠃ ᠪᠦᠬᠦ ᠣᠷᠣᠨ ᠳᠤ  ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠴᠣᠩᠬᠤ 115 ᠶᠢ ᠨᠡᠭᠡᠭᠡᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠦᠷᠳᠡᠭᠡ 2336 ᠶᠢ ᠪᠠᠶᠢᠭᠤᠯᠵᠤ᠂ ᠪᠦᠷᠬᠦᠴᠡ ᠶᠢᠨ ᠨᠤᠷᠮ᠎ᠠ ᠨᠢ 99.42% ᠳᠤ ᠬᠦᠷᠪᠡ︔ ᠬᠤᠯᠪᠣᠭ᠎ᠠ ᠠᠪᠬᠤ ᠴᠢᠭ᠋ 10491 ᠶᠢ ᠪᠠᠶᠢᠭᠤᠯᠵᠤ᠂ ᠪᠦᠷᠬᠦᠴᠡ ᠶᠢᠨ ᠨᠤᠷᠮ᠎ᠠ ᠨᠢ 87% ᠳᠤ ᠬᠦᠷᠴᠦ᠂ ᠲᠠᠪᠤᠨ ᠱᠠᠲᠤᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠣᠣᠷ ᠰᠦᠯᠵᠢᠶ᠎ᠡ ᠶᠢ ᠪᠤᠢ ᠪᠣᠯᠤᠭᠰᠠᠨ ᠪᠠᠶᠢᠨ᠎ᠠ ᠬᠡᠪᠡ᠃      ᠲᠢᠩᠬᠢᠮ ᠤᠨ ᠳᠠᠷᠤᠭ᠎ᠠ ᠵᠧᠤ ᠯᠢ ᠮᠢᠩ ᠵᠢᠭᠠᠵᠤ ᠭᠠᠷᠭᠠᠭᠰᠠᠨ ᠨᠢ᠂ ᠮᠠᠨ ᠤ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠰᠢᠨ᠎ᠡ ᠨᠢᠭᠡᠨ ᠲᠡᠦᠬᠡ ᠶᠢᠨ ᠡᠬᠢᠯᠡᠯᠲᠡ ᠶᠢᠨ ᠴᠢᠭ᠋ ᠳᠡᠭᠡᠷ᠎ᠡ ᠵᠤᠭᠰᠤᠵᠤ᠂ ᠤᠯᠤᠭᠰᠠᠨ ᠠᠮᠵᠢᠯᠲᠠ ᠨᠢ ᠦᠨᠡᠯᠡᠭᠦᠰᠢᠲᠡᠶ ᠪᠥᠭᠡᠳ ᠬᠢᠯᠪᠠᠷ ᠪᠤᠰᠤ ᠶᠤᠮ᠃ ᠲᠤᠷᠰᠢᠯᠭ᠎ᠠ ᠪᠠᠨ ᠳ᠋ᠦᠡᠭᠨᠡᠬᠦ ᠶᠢᠨ ᠬᠠᠮᠲᠤ᠂ ᠪᠢᠳᠡ ᠳᠣᠣᠷᠠᠬᠢ ᠮᠡᠲᠦ ᠰᠡᠩᠭᠡᠷᠡᠭᠦᠯᠦᠯ ᠢ ᠤᠯᠪᠠ᠄ ᠨᠢᠭᠡ ᠳᠤ ᠬᠠᠤᠯᠢ ᠴᠠᠭᠠᠵᠠ ᠶᠢᠨ ᠲᠤᠯᠬᠤ ᠬᠦᠴᠦᠨ ᠢ ᠴᠢᠩᠭ᠎ᠠ ᠠᠳᠬᠤᠬᠤ ᠶᠢ ᠪᠠᠷᠢᠮᠲᠠᠯᠠᠨ᠂ ᠨᠡᠶᠢᠭᠡᠮᠴᠢᠯᠡᠭᠰᠡᠨ ᠵᠣᠬᠢᠶᠠᠨ ᠪᠠᠶᠢᠭᠤᠯᠤᠯᠲᠠ ᠨᠤᠭᠤᠳ ᠬᠠᠮᠲᠤᠷᠠᠨ ᠬᠥᠳᠡᠯᠦᠯᠴᠡᠬᠦ ᠬᠡᠷᠡᠭᠲᠠᠢ᠃ ᠬᠤᠶᠠᠷ ᠲᠤ ᠳᠦᠷᠢ ᠳᠦᠷᠬᠦ ᠶᠢᠨ ᠲᠤᠯᠬᠤ ᠬᠦᠴᠦᠨ ᠢ ᠴᠢᠩᠭ᠎ᠠ ᠠᠳᠬᠤᠬᠤ ᠶᠢ ᠪᠠᠷᠢᠮᠲᠠᠯᠠᠨ᠂ ᠪᠤᠳᠠᠲᠠᠶᠢᠵᠢᠭᠤᠯᠤᠭᠰᠠᠨ ᠪᠠᠬᠢ ᠰᠠᠭᠤᠷᠢ ᠶᠢᠨ ᠰᠢᠨ᠎ᠡ ᠶᠢ ᠡᠭᠦᠳᠬᠦ ᠬᠡᠷᠡᠭᠲᠡᠶ᠃ ᠭᠤᠷᠪᠠ ᠳᠤ ᠭᠤᠤᠯᠳᠠᠯᠭ᠎ᠠ ᠶᠢᠨ ᠲᠤᠯᠬᠤ ᠬᠦᠴᠦᠨ ᠢ ᠴᠢᠩᠭ᠎ᠠ ᠠᠳᠬᠤᠬᠤ ᠶᠢ ᠪᠠᠷᠢᠮᠲᠠᠯᠠᠨ᠂  ᠲᠦᠷᠦᠯᠵᠢᠭᠦᠯᠦᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠶᠢ ᠳᠡᠭᠡᠭᠰᠢᠯᠡᠭᠦᠯᠬᠦ ᠬᠡᠷᠡᠭᠲᠡᠶ᠃ ᠲᠦᠷᠪᠡ ᠳᠤ ᠰᠢᠨᠵᠢᠯᠡᠬᠦ ᠤᠬᠠᠭᠠᠨ ᠮᠡᠷᠭᠡᠵᠢᠯ ᠠᠴᠠ ᠦᠷ᠎ᠡ ᠠᠰᠢᠭ ᠤᠯᠬᠤ ᠲᠤᠯᠬᠤ ᠬᠦᠴᠦᠨ ᠢ ᠴᠢᠩᠭ᠎ᠠ ᠠᠳᠬᠤᠬᠤ ᠶᠢ ᠪᠠᠷᠢᠮᠲᠠᠯᠠᠨ᠂ ᠰᠢᠨᠵᠢᠯᠡᠬᠦ  ᠤᠬᠠᠭᠠᠨᠴᠢᠯᠠᠯᠲᠠ ᠪᠠᠷ ᠬᠦᠲᠦᠯᠦᠨ ᠳᠠᠭᠠᠭᠤᠯᠬᠤ ᠶᠢ ᠪᠠᠲᠤᠯᠠᠬᠤ ᠬᠡᠷᠡᠭᠲᠡᠶ᠃ ᠲᠠᠪᠤ ᠳᠤ ᠨᠠᠷᠢᠨ ᠵᠦᠢᠯᠡᠰ ᠤᠨ ᠲᠤᠯᠬᠤ ᠬᠦᠴᠦᠨ ᠢ ᠴᠢᠩᠭ᠎ᠠ ᠠᠳᠬᠤᠬᠤ ᠶᠢ ᠪᠠᠷᠢᠮᠲᠠᠯᠠᠨ᠂ ᠨᠠᠷᠢᠯᠢᠭᠵᠢᠭᠤᠯᠤᠯᠲᠠ ᠪᠠᠷ ᠵᠢᠷᠤᠮᠵᠢᠭᠤᠯᠤᠨ ᠬᠠᠮᠢᠶᠠᠷᠬᠤ ᠬᠡᠷᠡᠭᠲᠠᠢ᠃ ᠵᠢᠷᠭᠤᠭ᠎ᠠ ᠳᠤ ᠵᠠᠩᠭᠢᠯᠠᠭ᠎ᠠ ᠶᠢᠨ ᠲᠤᠯᠬᠤ ᠬᠦᠴᠦᠨ ᠢ ᠴᠢᠩᠭ᠎ᠠ ᠠᠳᠬᠤᠬᠤ ᠶᠢ ᠪᠠᠷᠢᠮᠲᠠᠯᠠᠨ᠂ ᠤᠯᠤᠰ ᠲᠦᠷᠦᠴᠢᠯᠡᠭᠰᠡᠨ  ᠡᠩᠨᠡᠭᠡ ᠪᠠᠶᠢᠭᠤᠯᠵᠤ ᠴᠠᠭᠳᠠᠭ᠎ᠠ ᠶᠢ ᠬᠦᠴᠦᠷᠬᠡᠭᠵᠢᠭᠦᠯᠬᠦ ᠬᠡᠷᠡᠭᠲᠡᠶ ᠭᠡᠪᠡ᠃      ᠲᠢᠩᠬᠢᠮ ᠤᠨ ᠳᠠᠷᠤᠭ᠎ᠠ ᠵᠧᠤ ᠯᠢ ᠮᠢᠩ 2016 ᠣᠨ ᠤ ᠠᠵᠢᠯ ᠢ ᠨᠡᠩ ᠰᠠᠶᠢᠨ ᠬᠢᠬᠦ ᠲᠠᠯ᠎ᠠ ᠪᠠᠷ᠂ ᠳᠣᠣᠷᠠᠬᠢ ᠮᠡᠲᠦ ᠱᠠᠭᠠᠷᠳᠠᠯᠭ᠎ᠠ ᠶᠢ ᠳᠤᠷᠠᠳᠪᠠ᠄ ᠰᠢᠨ᠎ᠡ ᠰᠡᠳᠬᠢᠮᠵᠢ ᠰᠢᠨ᠎ᠡ ᠠᠷᠭ᠎ᠠ ᠪᠠᠷᠢᠯ ᠢᠶᠠᠷ ᠰᠢᠨ᠎ᠡ ᠠᠵᠢᠯᠯᠠᠭ᠎ᠠ ᠶᠢ ᠪᠡᠶᠡᠯᠡᠭᠦᠯᠬᠦ ᠬᠡᠷᠡᠭᠲᠠᠢ᠃ ︽ᠲᠠᠪᠤᠨ ᠶᠡᠭᠡ ᠬᠥᠭᠵᠢᠯᠲᠡ ᠶᠢᠨ ᠤᠨᠤᠯᠵᠢᠬᠤᠨ︾ ᠢ ᠪᠠᠲᠤ ᠪᠠᠬᠢ ᠪᠤᠢ ᠪᠤᠯᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ ᠤᠷᠤᠨ ᠢ ᠴᠤᠭᠴᠠᠯᠠᠬᠤ ᠠᠵᠢᠯ ᠤᠨ ᠬᠠᠷᠠᠯᠲᠠ  ᠲᠠᠢ ᠨᠢᠭᠲᠠ ᠤᠶᠠᠯᠳᠤᠭᠤᠯᠤᠨ᠂ ︽365︾ ᠠᠵᠢᠯ ᠤᠨ ᠰᠡᠳᠬᠢᠮᠵᠢ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠭᠤᠣᠯ ᠰᠢᠵᠢᠮ ᠪᠣᠯᠭᠠᠵᠤ᠂ ︽ᠭᠤᠷᠪᠠᠨ ᠬᠠᠤᠯᠢ ᠨᠢᠭᠡ ᠡᠭᠦᠳᠦᠯᠲᠡ ᠲᠠᠪᠤᠨ ᠬᠦᠨᠵᠡᠭᠡᠶᠢᠷᠡᠭᠦᠯᠦᠯᠲᠡ︾ ᠶᠢ ᠲᠦᠯᠬᠢᠨ ᠠᠬᠢᠭᠤᠯᠬᠤ ᠪᠠᠷ ᠭᠤᠣᠯᠳᠠᠯᠭ᠎ᠠ ᠪᠤᠯᠭᠠᠨ᠂ ᠬᠠᠤᠯᠢ ᠪᠠᠷ ᠵᠠᠰᠠᠬᠤ ᠤᠬᠠᠭᠤᠯᠭ᠎ᠠ᠂ ᠬᠠᠤᠯᠢ ᠴᠠᠭᠠᠵᠠ ᠶᠢᠨ ᠲᠤᠰᠠᠯᠠᠮᠵᠢ᠂ ᠬᠠᠤᠯᠢ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠪᠤᠯᠤᠨ ᠬᠠᠤᠯᠢ ᠪᠠᠷ ᠵᠠᠰᠠᠬᠤ ᠡᠭᠦᠳᠦᠨ ᠪᠠᠶᠢᠭᠤᠯᠤᠯᠲᠠ ᠶᠢᠨ ᠠᠵᠢᠯ ᠢ ᠳᠤᠪᠤᠶᠢᠮ᠎ᠠ ᠰᠠᠶᠢᠲᠤᠷ ᠠᠳᠬᠤᠵᠤ᠂ ᠠᠮᠤᠷ ᠲᠦᠪᠰᠢᠨ ᠭᠢᠨᠳᠠᠨ ᠤ ᠪᠦᠲᠦᠭᠡᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠤᠯ ᠤᠨ ᠥᠭᠡᠷᠡᠴᠢᠯᠡᠯᠲᠡ᠂ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠵᠤ᠂ ᠬᠥᠭᠵᠢᠯᠲᠡ ᠳᠤ ᠦᠢᠯᠡᠴᠢᠯᠡᠵᠤ᠂ ᠬᠦᠴᠢᠷ ᠰᠡᠳᠦᠪ ᠢ ᠰᠢᠢᠳᠪᠦᠷᠢᠯᠡᠵᠤ᠂ ᠳᠤᠲᠠᠭᠤ ᠵᠦᠢᠯ ᠢ ᠨᠦᠬᠦᠪᠦᠷᠢᠯᠡᠵᠤ᠂ ᠬᠡᠶᠢᠰᠪᠦᠷᠢ ᠵᠦᠢᠯ ᠢ ᠪᠤᠳᠠᠲᠠᠶᠢᠵᠢᠭᠤᠯᠵᠤ᠂ ᠪᠣᠳᠠᠲᠠᠶ ᠠᠵᠢᠯ ᠢᠶᠠᠨ ᠴᠢᠩᠭᠠᠳᠬᠠᠵᠤ᠂ ᠮᠠᠨ ᠤ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠦᠬᠦ᠋ᠢᠯᠡ ᠴᠤᠭᠴᠠ ᠶᠢᠨ ᠠᠵᠢᠯ ᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠤᠷᠤᠭᠤᠯᠬᠤ ᠭᠡᠷᠡᠭᠲᠠᠢ ᠭᠡᠪᠡ᠃      ᠲᠢᠩᠬᠢᠮ ᠤᠨ ᠳᠡᠳ᠋ ᠳᠠᠷᠤᠭ᠎ᠠ ᠪᠤᠤ ᠱᠠᠨ ᠬᠤᠷᠠᠯ ᠡᠷᠬᠢᠯᠡᠪᠡ᠃ ᠬᠠᠤᠯᠢ ᠴᠠᠭᠠᠵᠠ ᠶᠢᠨ ᠲᠢᠩᠬᠢᠮ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠣᠭᠤᠷᠢᠨ ᠪᠠᠶᠢᠴᠠᠭᠠᠭᠴᠢ︔ ᠡᠯ᠎ᠡ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠤᠭ᠎ᠠ᠂ ᠠᠯᠪᠠᠨ ᠭᠡᠷ ᠤᠨ ᠡᠷᠬᠢᠯᠡᠭᠴᠢ︔ ᠮᠠᠨᠵᠤᠤᠷ ᠬᠤᠳᠠ᠂ ᠡᠷᠢᠶᠡᠨ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠤᠭ᠎ᠠ︔ ᠬᠠᠤᠯᠢ ᠴᠠᠭᠠᠵᠠ ᠶᠢᠨ ᠲᠢᠩᠬᠢᠮ ᠤᠨ ᠪᠠᠶᠢᠭᠤᠯᠭ᠎ᠠ ᠶᠢᠨ ᠭᠠᠵᠠᠷ ᠭᠡᠷ ︵ᠲᠣᠪᠴᠢᠶ᠎ᠠ︶ ᠵᠢᠴᠢ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ︔ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠲᠤᠪᠴᠢᠶ᠎ᠠ ᠶᠢᠨ ᠪᠠᠶᠢᠭᠤᠯᠭ᠎ᠠ ᠶᠢᠨ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ᠂ ᠭᠢᠨᠳᠠᠨ ᠤ ᠨᠢᠭᠡᠴᠡ ᠶᠢᠨ ᠳᠠᠷᠤᠭ᠎ᠠ ︵ᠬᠠᠷᠢᠭᠤᠴᠠᠯᠭᠠᠲᠠᠨ︶᠂ ᠤᠯᠤᠰ ᠲᠦᠷᠦ ᠶᠢᠨ ᠭᠡᠰᠢᠭᠦᠨ︔ ᠥᠪᠡᠷᠲᠡᠭᠡᠨ ᠵᠠᠰᠠᠬᠤ ᠣᠷᠣᠨ ᠤ ᠬᠤᠣᠷ ᠵᠣᠭᠰᠣᠭᠠᠬᠤ ᠬᠠᠮᠢᠶᠠᠷᠤᠯᠲᠠ ᠶᠢᠨ ᠲᠤᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠰᠠᠯᠠᠭ᠎ᠠ ᠲᠡᠰᠤᠬ ᠤᠨ ᠬᠠᠷᠢᠭᠤᠴᠠᠯᠭᠠᠲᠠᠨ᠂ ᠠᠯᠪᠠ ᠪᠠᠷ ᠲᠤᠰᠠᠭᠠᠷᠯᠠᠵᠤ ᠬᠤᠤᠷ ᠵᠣᠭᠰᠣᠭᠠᠬᠤ ᠭᠠᠵᠠᠷ ᠤᠨ ᠳᠠᠷᠤᠭ᠎ᠠ᠂ ᠤᠯᠤᠰ ᠲᠦᠷᠦ ᠶᠢᠨ  ᠬᠡᠰᠢᠬᠦᠳ ᠬᠤᠷᠠᠯ ᠳᠤ ᠤᠷᠤᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号