| 2016 ᠣᠨ ᠤ 2 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠪᠥᠬᠦ ᠣᠷᠣᠨ ᠤ ᠶᠠᠰᠤ | ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠡᠨᠡ | ᠤᠳᠠᠭᠠᠨ ᠤ ᠬᠤᠷᠠᠯ ᠤᠨ ᠭᠤᠣᠯ ᠡᠭᠦᠷᠭᠡ ᠪᠣᠯ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠵᠤ | ᠠᠬᠤᠶ ᠶᠢᠨ ᠠᠵᠢᠯ ᠤᠨ ᠬᠤᠷᠠᠯ᠂ ᠪᠦᠬᠦ ᠤᠯᠤᠰ ᠤᠨ ᠦᠢᠯᠡᠳᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ︽12· 5︾ ᠶᠢᠨ | ᠲᠥᠯᠥᠪᠵᠢᠭᠦᠯᠭᠡ ᠶᠢᠨ ᠬᠤᠭᠤᠴᠠᠭ᠎ᠠ ᠪᠤᠯᠤᠨ 2015 ᠣᠨ ᠤ ᠪᠥᠬᠦ ᠣᠷᠣᠨ ᠤ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠠᠵᠢᠯ ᠢ ᠳ᠋ᠦᠩᠨᠡᠵᠦ᠂ ᠲᠠᠷᠠᠭᠠᠴᠢ ᠶᠢᠨ ᠠᠯᠬᠤᠮ ᠤᠨ ᠠᠵᠢᠯ ᠤᠨ ᠡᠭᠦᠷᠭᠡ ᠶᠢ ᠲᠣᠬᠢᠷᠠᠭᠤᠯᠤᠨ | ᠪᠠᠶᠢᠷᠢᠯᠠᠭᠤᠯᠬᠤ ᠶᠠᠪᠤᠳᠠᠯ ᠪᠣᠯᠣᠨ᠎ᠠ᠃ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠲᠣᠪᠴᠢᠶ᠎ᠠ ᠶᠢᠨ ᠤᠳᠤᠷᠢᠳᠤᠯᠭ᠎ᠠ ᠵᠠᠩ ᠬᠠᠢ ᠱᠦᠨ᠂ ᠯᠢᠦ ᠪᠥᠸᠧ᠂ ᠵᠠᠩ ᠯᠢ ᠵᠦᠩ᠂ ᠮᠠ ᠳ᠋ᠠ᠂ ᠯᠢᠦᠶ ᠶᠢᠨ | ᠬᠤᠸᠠ᠂ ᠹᠧᠩ ᠶᠧ᠂ ᠨᠠᠷᠠᠰᠤ᠂ ᠡᠦ ᠯᠦ ᠰᠢ᠂ ᠭᠤᠤ ᠶᠢᠩ ᠵᠢᠶᠧ ᠬᠤᠷᠠᠯ ᠳᠤ ᠣᠷᠣᠯᠴᠠᠪᠠ᠃ ᠥᠪᠥᠷ | ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠭᠠᠵᠠᠷ | ᠭᠡᠷ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ᠂ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠣᠪᠴᠢᠶ᠎ᠠ ᠶᠢᠨ ᠡᠯ᠎ᠡ ᠰᠢᠭᠤᠳ ᠬᠠᠷᠢᠶ᠎ᠠ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠬᠦᠨ᠂ | ᠡᠯ᠎ᠡ ᠠᠶᠢᠮᠠᠭ ᠬᠤᠲᠠ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ︵ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ ᠵᠢᠴᠢ ᠡᠯ᠎ᠡ ᠠᠶᠢᠮᠠᠭ ᠬᠤᠳᠠ ᠶᠢᠨ ᠣᠨᠴᠠ ᠲᠦᠷᠦᠯ ᠤᠨ | ᠲᠤᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ ᠭᠠᠵᠠᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ | ᠣᠷᠣᠯᠴᠠᠵᠠᠶ᠃ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠵᠠᠩ ᠬᠠᠢ ᠱᠦᠨ ᠨᠠᠮ ᠤᠨ | ᠤᠳᠤᠷᠢᠳᠬᠤ ᠳᠤᠭᠤᠶᠢᠯᠠᠩ ᠤᠨ ᠡᠮᠦᠨ᠎ᠡ ᠠᠴᠠ ︽ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯ | ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ ᠥᠪᠥᠷ ᠮᠣᠩᠭᠤᠯ ᠤᠨ | ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠳᠤ ᠨᠡᠩ ᠶᠡᠭᠡ ᠬᠤᠪᠢ ᠨᠡᠮᠡᠷᠢ | ᠦᠵᠡᠭᠦᠯᠦᠶ᠎ᠡ︾ ᠭᠡᠰᠡᠨ ᠰᠡᠳᠦᠪ ᠢᠶᠠᠷ ᠠᠵᠢᠯ ᠤᠨ ᠬᠠᠷᠢᠭᠤ ᠮᠡᠳᠡᠭᠦᠯᠦᠯᠲᠡ ᠬᠢᠵᠡᠢ᠃ ᠵᠠᠩ ᠯᠢ ᠵᠦᠩ ᠬᠤᠷᠠᠯ ᠢ | ᠡᠷᠬᠢᠯᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠭᠰᠠᠨ ᠪᠠᠶᠢᠨ᠎ᠠ᠃ | ᠲᠣᠪᠴᠢᠶ᠎ᠠ ᠶᠢᠨ ᠳᠠᠷᠤᠭ᠎ᠠ ᠵᠠᠩ ᠬᠠᠢ ᠱᠦᠨ ︽12· 5︾ ᠶᠢᠨ ᠲᠥᠯᠥᠪᠵᠢᠭᠦᠯᠭᠡ ᠶᠢᠨ | ᠬᠤᠭᠤᠴᠠᠭᠠᠨ ᠤ ᠠᠮᠵᠢᠯᠲᠠ ᠪᠦᠲᠦᠮᠵᠢ ᠶᠢ ᠡᠷᠭᠢᠴᠡᠭᠦᠯᠬᠦ ᠳᠡᠭᠡᠨ ᠭᠤᠣᠯᠳᠠᠭᠤ ᠨᠠᠢᠮᠠᠨ ᠲᠠᠯ᠎ᠠ ᠪᠠᠷ | ᠬᠤᠷᠢᠶᠠᠩᠭᠤᠶᠢᠯᠠᠵᠠᠢ᠄ ᠨᠢᠭᠡ ᠳᠤ ᠶᠡᠷᠦᠩᠭᠡᠶᠢᠯᠡᠭᠰᠡᠨ ᠪᠤᠳᠠᠳᠤ ᠬᠦᠴᠦᠨ ᠲᠠᠰᠤᠷᠠᠯᠲᠠ ᠦᠭᠡᠢ ᠴᠢᠩᠭᠠᠷᠠᠪᠠ︔ | ᠬᠤᠶᠠᠷ ᠲᠤ ᠶᠠᠰᠤ ᠴᠢᠨᠠᠷ ᠤᠨ ᠠᠵᠢᠯ ᠢᠯᠡᠳᠲᠡ ᠪᠦᠲᠦᠮᠵᠢ ᠣᠯᠪᠠ︔ ᠭᠤᠷᠪᠠ ᠳᠤ ᠮᠡᠷᠭᠡᠵᠢᠯ ᠤᠨ ᠰᠠᠭᠤᠷᠢ | ᠪᠠᠲᠤᠵᠢᠪᠠ︔ ᠳᠦᠷᠪᠡ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠠᠯ᠎ᠠ ᠪᠠᠷ ᠰᠢᠪᠲᠤᠯᠤᠯᠲᠠ ᠲᠠᠢ ᠪᠣᠯᠪᠠ | ︔ ᠲᠠᠪᠤ ᠳᠤ ᠬᠠᠣᠯᠢ ᠪᠠᠷ ᠵᠠᠰᠠᠬᠤ ᠪᠠᠶᠢᠭᠤᠯᠤᠯᠲᠠ ᠪᠦᠬᠦ ᠲᠠᠯ᠎ᠠ ᠪᠠᠷ ᠠᠬᠢᠪᠠ︔ ᠵᠢᠷᠭᠤᠭ᠎ᠠ ᠳᠤ ᠠᠮᠤᠷ | ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠲᠤᠯᠠᠭ᠎ᠠ ᠡᠷᠴᠢᠮᠵᠢᠪᠡ︔ ᠳᠣᠯᠤᠭ᠎ᠠ ᠳᠤ ᠶᠠᠰᠤ ᠴᠢᠨᠠᠷ ᠤᠨ | ᠮᠡᠷᠭᠡᠵᠢᠯ ᠤᠨ ᠬᠢᠨᠠᠯᠲᠠ ᠲᠠᠯᠪᠢᠬᠤ ᠰᠤᠶᠤᠯ ᠤᠨ ᠲᠠᠯ᠎ᠠ ᠪᠠᠷ ᠰᠡᠳᠬᠢᠯ ᠢᠶᠠᠨ ᠨᠢᠭᠡᠳᠬᠡᠨ ᠬᠦᠴᠦᠨ ᠢᠶᠠᠨ | ᠲᠥᠪᠯᠡᠷᠡᠭᠦᠯᠪᠡ︔ ᠨᠠᠢᠮᠠ ᠳᠤ ᠡᠩᠨᠡᠭᠡ ᠶᠢᠨ ᠬᠡᠪ ᠪᠣᠯᠪᠠᠰᠤᠷᠠᠯ ᠢᠯᠡᠳᠲᠡ ᠳᠡᠭᠡᠭᠰᠢᠯᠡᠪᠡ ᠭᠡᠵᠡᠢ᠃ | ᠵᠠᠩ ᠬᠠᠢ ᠱᠦᠨ ᠪᠦᠬᠦ ᠰᠢᠰᠲ᠋ᠧᠮ ᠢᠶᠠᠷ ᠢᠶᠠᠨ 2016 ᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ | ᠲᠠᠯᠪᠢᠬᠤ ᠠᠵᠢᠯ ᠢ ᠵᠢᠷᠭᠤᠭᠠᠨ ᠲᠠᠯ᠎ᠠ ᠪᠠᠷ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠄ | ᠨᠢᠭᠡ ᠳᠤ ᠪᠠᠶᠢᠯᠳᠤᠬᠤ ᠪᠣᠳᠣᠯᠭ᠎ᠠ ᠶᠢᠨ ᠲᠥᠯᠥᠪᠯᠡᠭᠡ ᠶᠢ ᠪᠠᠷᠢᠮᠲᠠᠯᠠᠨ᠂ ︽13 · 5︾ ᠶᠢᠨ ᠲᠥᠯᠥᠪᠵᠢᠭᠦᠯᠭᠡ ᠶᠢ | ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠲᠣᠭᠲᠠᠭᠠᠬᠤ ᠬᠡᠷᠡᠭᠲᠡᠢ︔ ᠬᠤᠶᠠᠷ ᠲᠤ ᠶᠠᠰᠤ ᠴᠢᠨᠠᠷ ᠢᠶᠠᠷ ᠦᠨᠳᠦᠰᠦ | ᠪᠣᠯᠭᠠᠬᠤ ᠶᠢ ᠪᠠᠷᠢᠮᠲᠠᠯᠠᠨ᠂ ︽ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ︾ ᠪᠠᠶᠢᠯᠳᠤᠬᠤ ᠪᠤᠳᠤᠯᠭ᠎ᠠ ᠶᠢ | ᠬᠦᠴᠦᠲᠡᠶ ᠳᠥᠯᠭᠢᠨ ᠠᠬᠢᠭᠤᠯᠬᠤ ᠬᠡᠷᠡᠭᠲᠡᠢ︔ ᠭᠤᠷᠪᠠ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠪᠠᠷᠢᠮᠲᠠᠯᠠᠨ᠂ ᠦᠢᠯᠡᠴᠢᠯᠡᠭᠡ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ | ᠲᠦᠷᠪᠡ ᠳᠤ ᠦᠨᠳᠦᠰᠦ ᠪᠠᠨ ᠪᠠᠲᠤᠳᠬᠠᠵᠤ ᠰᠠᠭᠤᠷᠢ ᠪᠠᠨ ᠪᠠᠬᠢᠵᠢᠭᠦᠯᠬᠦ ᠶᠢ ᠪᠠᠷᠢᠮᠲᠠᠯᠠᠨ᠂ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠣᠯᠣᠨ ᠮᠡᠷᠭᠡᠵᠢᠯ ᠤᠨ ᠳᠠᠪᠠᠭᠤᠯᠢᠭ ᠢᠶᠠᠨ ᠪᠦᠲᠦᠮᠵᠢᠲᠠᠢ | ᠪᠠᠳᠠᠷᠠᠭᠤᠯᠬᠤ ᠬᠡᠷᠡᠭᠲᠡᠢ︔ ᠲᠠᠪᠤ ᠳᠤ ᠠᠮᠤᠷ ᠲᠥᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠶᠠᠰᠤ ᠴᠢᠨᠠᠷ | ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ︔ | ᠵᠢᠷᠭᠤᠭ᠎ᠠ ᠳᠤ ᠴᠢᠩᠭ᠎ᠠ ᠵᠠᠰᠠᠬᠤ ᠶᠢ ᠪᠠᠷᠢᠮᠲᠠᠯᠠᠨ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠰᠢᠰᠲ᠋ᠧᠮ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠭᠡᠪᠡ᠃ | |