ᠥᠪᠥᠷ ᠮᠣᠩᠭᠤᠯ ᠤᠨ ᠢᠳᠡᠭᠡᠨ ᠪᠤᠯᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠢᠴᠢ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/2/3
     2 ᠳ᠋ᠤᠭᠠᠷ ᠰᠠᠷ᠎ᠠ ᠶᠢᠨ 2᠎ ᠤᠨ ᠡᠳᠦᠷ᠂ ᠪᠦᠬᠦ ᠣᠷᠣᠨ ᠤ ᠢᠳᠡᠭᠡᠨ ᠪᠤᠯᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠢᠴᠢ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃
     ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢᠦ ᠰᠢᠨ ᠯᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      2 ᠳ᠋ᠤᠭᠠᠷ ᠰᠠᠷ᠎ᠠ ᠶᠢᠨ 2᠎ ᠤᠨ ᠡᠳᠦᠷ᠂ ᠪᠦᠬᠦ ᠣᠷᠣᠨ ᠤ ᠢᠳᠡᠭᠡᠨ ᠪᠤᠯᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠢᠴᠢ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢᠦ ᠰᠢᠨ ᠯᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠯᠢᠦ ᠰᠢᠨ ᠯᠧ ᠵᠢᠭᠠᠵᠤ ᠭᠠᠷᠭᠠᠭᠰᠠᠨ ᠨᠢ᠂ 2015 ᠣᠨ ᠳᠤ᠂ ᠮᠠᠨ ᠤ ᠣᠷᠣᠨ ᠤ ᠢᠳᠡᠭᠡᠨ ᠪᠤᠯᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠶᠡᠷᠦᠩᠬᠡᠶ ᠱᠦᠵᠢ ᠰᠢ ᠶᠢᠨ ᠫᠢᠩ ᠤᠨ ︽ᠳᠥᠷᠪᠡᠨ ᠬᠠᠮᠤᠭ ᠤᠨ ᠴᠢᠩᠭ᠎ᠠ︾ ᠪᠠᠶᠢᠬᠤ ᠱᠠᠭᠠᠷᠳᠠᠯᠭ᠎ᠠ ᠶᠣᠰᠣᠭᠠᠷ᠂ ᠬᠦᠴᠦᠨ ᠴᠢᠳᠠᠯ ᠢᠶᠠᠨ ᠨᠢᠭᠲᠠᠷᠠᠭᠤᠯᠤᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠢᠳᠡᠭᠡᠨ ᠪᠤᠯᠤᠨ ᠡᠮ ᠤᠨ ᠵᠦᠢᠯ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠪᠠᠬᠢᠵᠢᠭᠦᠯᠦᠨ ᠬᠥᠭᠵᠢᠭᠦᠯᠵᠦ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮᠲᠦ ᠴᠢᠨᠠᠷᠲᠠᠶ ᠠᠮᠤᠷ ᠲᠦᠪᠰᠢᠨ ᠤ ᠬᠡᠷᠡᠭ ᠡᠭᠦᠰᠬᠦ ᠦᠭᠡᠢ ᠪᠠᠶᠢᠬᠤ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠪᠠᠲᠤᠯᠠᠵᠤ᠂ ᠥᠷᠭᠡᠨ ᠤᠯᠠᠨ ᠲᠦᠮᠡᠨ ᠤ ᠢᠳᠡᠭᠡᠨ ᠤᠮᠳᠠᠭᠠᠨ ᠪᠤᠯᠤᠨ ᠡᠮ ᠤᠨ ᠵᠦᠢᠯ ᠤᠨ ᠠᠮᠤᠷ ᠲᠦᠪᠰᠢᠨ ᠢ ᠬᠠᠮᠠᠭᠠᠯᠠᠪᠠ᠃ ᠣᠳᠣᠬᠠᠨ ᠳᠤ᠂ ᠮᠠᠨ ᠤ ᠣᠷᠣᠨ ᠤ ᠢᠳᠡᠭᠡᠨ ᠪᠤᠯᠤᠨ ᠡᠮ ᠤᠨ ᠵᠦᠢᠯ ᠤᠨ ᠠᠮᠤᠷ ᠲᠦᠪᠰᠢᠨ ᠤ ᠪᠠᠶᠢᠳᠠᠯ ᠮᠥᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠵᠤ᠂ ᠢᠳᠡᠭᠡᠨ ᠪᠤᠯᠤᠨ ᠡᠮ ᠤᠨ ᠵᠦᠢᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠤᠯᠠᠨ ᠡᠭᠦᠰᠬᠦ ᠪᠠ ᠳᠤᠪᠤᠶᠢᠮ᠎ᠠ ᠢᠯᠡᠷᠡᠬᠦ ᠬᠤᠭᠤᠴᠠᠭᠠᠨ ᠤ ᠰᠢᠨᠵᠢ ᠲᠡᠮᠳᠡᠭ ᠮᠥᠨ ᠣᠷᠣᠰᠢᠵᠤ ᠂ ᠢᠳᠡᠭᠡᠨ ᠪᠤᠯᠤᠨ ᠡᠮ ᠤᠨ ᠵᠦᠢᠯ ᠤᠨ  ᠠᠶᠤᠯ ᠦᠭᠡᠢ ᠶᠢ ᠪᠠᠲᠤᠯᠠᠬᠤ ᠠᠵᠤ ᠦᠢᠯᠡᠰ ᠤᠨ ᠰᠠᠭᠤᠷᠢ ᠪᠠᠲᠤ ᠪᠢᠰᠢ ᠪᠤᠯᠬᠤᠷ᠂ ᠢᠳᠡᠭᠡᠨ ᠪᠤᠯᠤᠨ ᠡᠮ ᠤᠨ ᠵᠦᠢᠯ ᠤᠨ ᠠᠮᠤᠷ ᠲᠦᠪᠰᠢᠨ ᠢ ᠨᠥᠯᠥᠭᠡᠯᠡᠬᠦ ᠬᠦᠴᠦᠨ ᠵᠦᠢᠯ ᠤᠨ ᠤᠯᠠᠨ ᠶᠠᠩᠵᠤᠲᠤ ᠴᠢᠨᠠᠷ᠂ ᠪᠤᠳᠤᠯᠢᠶᠠᠨᠲᠤ ᠴᠢᠨᠠᠷ ᠤᠨ ᠤᠨᠴᠠᠯᠢᠭ ᠢᠯᠡᠷᠡᠵᠤ ᠪᠠᠶᠢᠨ᠎ᠠ᠃ ᠡᠨᠡ ᠨᠢ ᠮᠠᠨ ᠤ ᠬᠢᠨᠠᠨ ᠬᠠᠮᠢᠶᠠᠷᠬᠤ ᠠᠵᠢᠯ ᠤᠨ ᠲᠠᠯ᠎ᠠ ᠳᠤ ᠮᠠᠰᠢ ᠬᠦᠴᠢᠷ ᠰᠢᠯᠭᠠᠯᠲᠠ ᠶᠢ ᠠᠪᠴᠢᠷᠠᠪᠠ᠃ ᠪᠢᠳᠡ ᠡᠷᠬᠡᠪᠰᠢ ︽ᠲᠠᠪᠤᠨ ᠶᠡᠭᠡ ᠬᠥᠭᠵᠢᠯᠲᠡ ᠶᠢᠨ ᠤᠨᠤᠯᠵᠢᠬᠤᠨ︾᠎ ᠢᠶᠠᠷ ︽13 · 5︾᠎ ᠶᠢᠨ ᠲᠦᠯᠦᠪᠵᠢᠬᠦᠯᠭᠡ ᠶᠢᠨ ᠢᠳᠡᠭᠡᠨ ᠪᠤᠯᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠬᠥᠭᠵᠢᠯᠲᠡ ᠶᠢ ᠬᠥᠲᠥᠯᠥᠨ ᠳᠠᠭᠠᠭᠤᠯᠵᠤ᠂ ︽ᠲᠠᠪᠤᠨ ᠶᠡᠭᠡ ᠬᠥᠭᠵᠢᠯᠲᠡ ᠶᠢᠨ ᠤᠨᠤᠯᠵᠢᠬᠤᠨ︾᠎ ᠢ ᠬᠢᠨᠠᠨ ᠬᠠᠮᠢᠶᠠᠷᠬᠤ ᠠᠵᠢᠯ ᠤᠨ ᠲᠠᠯ᠎ᠠ ᠪᠦᠷᠢ ᠳᠤ ᠲᠤᠤᠱᠯᠠᠭᠤᠯᠵᠤ᠂ ᠢᠳᠡᠭᠡᠨ ᠪᠤᠯᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠦᠢᠯᠡᠰ ᠤᠨ ᠨᠡᠩ ᠰᠠᠶᠢᠨ ᠨᠡᠩ ᠲᠦᠷᠭᠡᠨ ᠬᠦᠭᠵᠢᠬᠦ ᠶᠢ ᠲᠦᠯᠬᠢᠨ ᠠᠬᠢᠭᠤᠯᠬᠤ ᠬᠡᠷᠡᠭᠲᠡᠶ ᠬᠡᠪᠡ᠃      ᠯᠢᠦ ᠰᠢᠨ ᠯᠧ ᠴᠢᠬᠤᠯᠠᠴᠢᠯᠠᠭᠰᠠᠨ ᠨᠢ᠂ 2016 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠢᠳᠪᠦᠷᠢᠲᠦ ᠱᠠᠲᠤᠨ ᠤ ᠡᠬᠢᠯᠡᠯᠲᠡ ᠶᠢᠨ ᠵᠢᠯ ᠮᠥᠨ᠂ ᠪᠠᠰᠠ ᠴᠤ ᠥᠪᠡᠷᠲᠡᠭᠡᠨ ᠵᠠᠰᠠᠬᠤ ᠣᠷᠣᠨ ᠤ ︽ᠢᠳᠡᠭᠡᠨ ᠪᠤᠯᠤᠨ ᠡᠮ ᠤᠨ ᠵᠦᠢᠯ ᠤᠨ ᠠᠮᠤᠷ ᠲᠦᠪᠰᠢᠨ︾᠎ ᠢ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠵᠢᠯ ᠪᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠬᠢᠭᠡᠳ ᠢᠳᠡᠭᠡᠨ ᠪᠤᠯᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠷᠭᠡᠪᠰᠢ ᠢᠳᠡᠭᠡᠨ ᠪᠤᠯᠤᠨ ᠡᠮ ᠤᠨ ᠵᠦᠢᠯ ᠤᠨ ᠠᠮᠤᠷ ᠲᠦᠪᠰᠢᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ︽ᠲᠠᠪᠤᠨ ᠶᠡᠭᠡ ᠬᠥᠭᠵᠢᠯᠲᠡ ᠶᠢᠨ ᠤᠨᠤᠯᠵᠢᠬᠤᠨ︾᠎ ᠢ ᠪᠠᠲᠤ ᠪᠠᠬᠢ ᠪᠤᠢ ᠪᠤᠯᠭᠠᠵᠤ᠂ ᠢᠳᠡᠭᠡᠨ ᠪᠤᠯᠤᠨ ᠡᠮ ᠤᠨ ᠵᠦᠢᠯ ᠤᠨ ᠠᠮᠤᠷ ᠲᠦᠪᠰᠢᠨ ᠤ ᠠᠵᠢᠯ ᠢ ᠰᠢᠨᠵᠢᠯᠡᠬᠦ ᠤᠬᠠᠭᠠᠨᠴᠢ ᠪᠠᠷ ᠲᠦᠯᠦᠪᠯᠡᠨ ᠪᠠᠶᠢᠷᠢᠯᠠᠭᠤᠯᠬᠤ ᠬᠡᠷᠡᠭᠲᠠᠢ᠃ ︽ᠳᠦᠷᠪᠡᠨ ᠪᠠᠶᠢᠬᠤ ᠬᠤᠶᠠᠷ ᠬᠠᠷᠢᠭᠤᠴᠠᠯᠭ᠎ᠠ︾᠎ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠴᠢᠳᠠᠪᠤᠷᠢ ᠪᠤᠯᠤᠨ ᠬᠢᠨᠠᠨ ᠬᠠᠮᠢᠶᠠᠷᠬᠤ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠠᠢ᠃ ︽ᠬᠤᠶᠠᠷ ᠡᠭᠦᠳᠦᠯᠲᠡ ᠨᠢᠭᠡ ᠪᠦᠲᠦᠭᠡᠨ ᠪᠠᠶᠢᠭᠤᠯᠤᠯᠲᠠ︾᠎ ᠶᠢᠨ ᠠᠵᠢᠯ ᠢ ᠪᠦᠬᠦ ᠬᠦᠴᠦ ᠪᠠᠷ ᠢᠶᠠᠨ ᠲᠦᠯᠬᠢᠨ ᠠᠬᠢᠭᠤᠯᠵᠤ᠂ ᠤᠯᠠᠨ ᠲᠦᠮᠡᠨ ᠤ ᠢᠳᠡᠭᠡᠨ ᠪᠤᠯᠤᠨ ᠡᠮ ᠤᠨ ᠵᠦᠢᠯ ᠤᠨ ᠠᠮᠤᠷ ᠲᠦᠪᠰᠢᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠬᠦᠯᠬᠦ ᠬᠡᠷᠡᠭᠲᠠᠢ ᠭᠡᠪᠡ᠃      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢᠦ ᠰᠢᠨ ᠯᠧ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠤᠯᠤᠨ ᠡᠯ᠎ᠡ ᠲᠢᠩᠬᠢᠮ ᠲᠣᠪᠴᠢᠶ᠎ᠠ ᠬᠢᠭᠡᠳ ᠠᠶᠢᠮᠠᠭ ᠬᠤᠳᠠ ᠶᠢᠨ ᠬᠤᠪᠢᠳᠠᠨ ᠬᠠᠮᠢᠶᠠᠷᠴᠤ ᠪᠥᠬᠦᠢ ᠤᠳᠤᠷᠢᠳᠤᠯᠭ᠎ᠠ ᠶᠢᠨ ᠡᠮᠦᠨ᠎ᠡ ᠠᠴᠠ 2016 ᠣᠨ ᠤ ᠢᠳᠡᠭᠡᠨ ᠪᠤᠯᠤᠨ ᠡᠮ ᠤᠨ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃ ᠥᠪᠡᠷᠲᠡᠭᠡᠨ ᠵᠠᠰᠠᠬᠤ ᠣᠷᠣᠨ ᠤ ᠢᠳᠡᠭᠡᠨ ᠪᠤᠯᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠳᠠᠷᠤᠭ᠎ᠠ ᠶᠠᠩ ᠰᠢ ᠠᠵᠢᠯ ᠤᠨ ᠢᠯᠡᠳᠬᠡᠯ ᠬᠢᠵᠤ᠂ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠰᠢᠦᠢ ᠬᠤᠨᠭ᠌ ᡁᠢ ᠬᠤᠷᠠᠯ ᠡᠷᠬᠢᠯᠡᠵᠦ᠂ ᠡᠯ᠎ᠡ ᠠᠶᠢᠮᠠᠭ ᠬᠤᠳᠠ ᠶᠢᠨ ᠬᠤᠪᠢᠳᠠᠨ ᠬᠠᠮᠢᠶᠠᠷᠴᠤ ᠪᠥᠬᠦᠢ ᠠᠶᠢᠮᠠᠭ ᠬᠤᠳᠠ ᠶᠢᠨ ᠳᠠᠷᠤᠭ᠎ᠠ᠂ ᠢᠳᠡᠭᠡᠨ ᠪᠣᠯᠤᠨ ᠡᠮ ᠤᠨ ᠵᠦᠢᠯ ᠤᠨ ᠲᠤᠪᠴᠢᠶ᠎ᠠ ᠶᠢᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠲᠤᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号