2015 ᠣᠨ ᠳᠤ ᠪᠠᠶᠠᠨᠨᠠᠭᠤᠷ ᠬᠤᠳᠠ ᠶᠢᠨ 14575 ᠮᠠᠯᠵᠢᠬᠤ ᠲᠠᠷᠢᠶᠠᠯᠠᠬᠤ ᠡᠷᠦᠬᠡ ᠲᠠᠷᠢᠶᠠᠯᠠᠩ ᠤᠨ ᠮᠠᠰᠢᠨ ᠤ ᠨᠥᠬᠦᠪᠥᠷᠢ ᠬᠦᠷᠲᠡᠪᠡ
ᠨᠡᠶᠢᠲᠡᠯᠡᠭᠰᠡᠨ ᠴᠠᠭ᠄
2016/2/3
     2015 ᠣᠨ ᠳᠤ᠂ ᠥᠪᠡᠷᠲᠡᠭᠡᠨ ᠵᠠᠰᠠᠬᠤ ᠣᠷᠣᠨ ᠠᠴᠠ ᠪᠠᠶᠠᠨᠨᠠᠭᠤᠷ ᠬᠤᠲᠠ ᠶᠢᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢᠨ ᠪᠡᠯᠡ ᠮᠥᠩᠭᠦ ᠶᠢ ᠨᠡᠶᠢᠳᠡ 16502.389 ᠲᠦᠮᠡᠨ ᠲᠥᠭᠦᠷᠢᠭ ᠪᠠᠭᠤᠯᠭᠠᠪᠠ᠂ ᠡᠭᠦᠨ ᠳᠤ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ 16002.389 ᠲᠦᠮᠡᠨ ᠲᠥᠭᠦᠷᠢᠭ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠡᠯᠡ ᠮᠥᠩᠭᠦ 500 ᠲᠦᠮᠡᠨ ᠲᠥᠭᠦᠷᠢᠭ ᠪᠠᠶᠢᠨ᠎ᠠ᠃ 2016 ᠣᠨ ᠤ 1 ᠳ᠋ᠦ᠋ᠭᠡᠷ ᠰᠠᠷ᠎ᠠ ᠶᠢᠨ 5᠎ ᠤ ᠡᠳᠦᠷ ᠪᠣᠯᠲᠠᠯ᠎ᠠ᠂ ᠪᠦᠬᠦ ᠬᠤᠲᠠ ᠶᠢᠨ ᠳᠣᠯᠣᠭᠠᠨ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢᠨ ᠪᠡᠯᠡ ᠮᠥᠩᠭᠦ ᠶᠢᠨ ᠬᠡᠷᠡᠭᠯᠡᠯᠲᠡ ᠶᠢᠨ ᠬᠠᠷᠢᠴᠠᠯ ᠢ ᠴᠥᠮ 100 %᠎ ᠳᠤ ᠬᠦᠷᠭᠡᠪᠡ᠃      ᠪᠦᠷᠢᠳᠬᠡᠯ ᠢ ᠦᠨᠳᠦᠰᠦᠯᠡᠪᠡᠯ᠂ ᠣᠳᠣᠬᠠᠨ ᠪᠣᠯᠲᠠᠯ᠎ᠠ᠂ ᠪᠦᠬᠦ ᠬᠤᠳᠠ ᠶᠢᠨ ᠮᠠᠰᠢᠨ ᠬᠤᠳᠠᠯᠳᠤᠨ ᠠᠪᠬᠤ ᠬᠡᠯᠡᠯᠴᠡᠭᠡᠷ ᠢ ᠨᠡᠶᠢᠲᠡ 16239 ᠬᠤᠪᠢ ᠲᠣᠭᠲᠠᠭᠠᠵᠤ᠂ 14575 ᠮᠠᠯᠴᠢᠨ ᠲᠠᠷᠢᠶᠠᠴᠢᠨ ᠡᠷᠦᠬᠡ ᠠᠰᠢᠭ ᠬᠦᠷᠲᠡᠵᠦ᠂ 16574 ᠰᠠᠭᠤᠷᠢ ︵ᠢᠵᠢ︶ ᠲᠠᠷᠢᠶᠠᠯᠠᠩ ᠤᠨ ᠮᠠᠰᠢᠨ ᠪᠠᠭᠠᠵᠢ ᠶᠢᠨ ᠨᠥᠬᠦᠪᠦᠷᠢ ᠣᠯᠭᠤᠵᠤ᠂ ᠲᠠᠷᠢᠶᠠᠯᠠᠩ ᠤᠨ ᠮᠠᠰᠢᠨ ᠤ ᠦᠢᠯᠡᠳᠬᠦᠨ ᠤ ᠪᠣᠷᠣᠯᠠᠭᠤᠯᠤᠯᠲᠠ ᠶᠢᠨ ᠣᠷᠣᠯᠭ᠎ᠠ ᠶᠢ ᠨᠡᠶᠢᠲᠡ 55938.9739 ᠲᠦᠮᠡᠨ ᠲᠥᠭᠦᠷᠢᠭ ᠪᠡᠶᠡᠯᠡᠭᠦᠯᠵᠦ᠂ ᠮᠠᠯᠴᠢᠨ ᠲᠠᠷᠢᠶᠠᠴᠢᠨ ᠤ 39436.5849 ᠲᠦᠮᠡᠨ ᠲᠥᠭᠦᠷᠢᠭ ᠤᠨ ᠣᠷᠣᠭᠤᠯᠤᠯᠲᠠ ᠶᠢ ᠳᠠᠶᠢᠴᠢᠯᠠᠪᠠ᠃ ᠡᠭᠦᠨ ᠳᠤ᠄ ᠬᠥᠳᠡᠯᠭᠡᠭᠴᠢ ᠬᠦᠴᠦᠨ ᠤ ᠮᠠᠰᠢᠨ 5385 ᠰᠠᠭᠤᠷᠢ︔ ᠲᠠᠷᠢᠵᠤ ᠲᠡᠭᠰᠢᠯᠡᠬᠦ ᠮᠧᠬᠠᠨᠢᠭ 3615 ᠰᠠᠭᠤᠷᠢ︔ ᠪᠡᠯᠡᠳᠭᠡᠮᠵᠢᠳᠤ ᠲᠠᠷᠢᠶᠠᠯᠠᠩ ᠤᠨ ᠲᠥᠬᠦᠭᠡᠷᠦᠮᠵᠢ 86 ᠰᠠᠭᠤᠷᠢ︔ ᠬᠤᠷᠢᠶᠠᠯᠲᠠ ᠶᠢᠨ ᠬᠤᠶᠢᠰᠢᠬᠢ ᠰᠢᠢᠳᠪᠦᠷᠢᠯᠡᠬᠦ ᠮᠠᠰᠢᠨ 983 ᠰᠠᠭᠤᠷᠢ︔ ᠮᠠᠯ ᠠᠵᠤ ᠠᠬᠤᠶ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠮᠠᠰᠢᠨ 193 ᠰᠠᠭᠤᠷᠢ︔ ᠲᠡᠷᠢᠬᠤ ᠪᠤᠷᠳᠤᠭᠤᠷ ᠣᠷᠣᠭᠤᠯᠬᠤ ᠮᠠᠰᠢᠨ 3843 ᠰᠠᠭᠤᠷᠢ︔ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠮᠠᠰᠢᠨ 954 ᠰᠠᠭᠤᠷᠢ︔ ᠤᠰᠤ ᠵᠠᠯᠠᠬᠤ ᠮᠠᠰᠢᠨ 622 ᠰᠠᠭᠤᠷᠢ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号