2016 ᠣᠨ ᠤ ᠪᠥᠬᠦ ᠣᠷᠣᠨ ᠤ ᠣᠷᠴᠢᠨ ᠲᠣᠭᠤᠷᠢᠨ ᠢ ᠬᠢᠨᠠᠨ ᠪᠠᠶᠢᠴᠠᠭᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/2/4
     2015 ᠣᠨ ᠤ ᠣᠷᠴᠢᠨ ᠲᠣᠭᠤᠷᠢᠨ ᠢ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠦᠯᠲᠡ ᠶᠢᠨ ᠠᠵᠢᠯ ᠢ ᠳ᠋ᠦᠩᠨᠡᠵᠦ᠂ 2016 ᠣᠨ ᠤ ᠪᠦᠬᠦ ᠤᠯᠤᠰ᠂ ᠪᠦᠬᠦ ᠣᠷᠣᠨ ᠤ ᠣᠷᠴᠢᠨ ᠲᠣᠭᠤᠷᠢᠨ ᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠪᠤᠰᠤᠳᠴᠢ ᠪᠠᠷ ᠵᠠᠳᠠᠯᠵᠤ᠂ 2016 ᠣᠨ ᠤ ᠣᠷᠴᠢᠨ ᠲᠣᠭᠤᠷᠢᠨ ᠤ  ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠦᠯᠲᠡ ᠶᠢᠨ ᠠᠵᠢᠯ ᠤᠨ ᠰᠡᠳᠬᠢᠮᠵᠢ ᠶᠢ ᠤᠯᠠᠮ ᠨᠢᠭᠡ ᠠᠯᠬᠤᠮ ᠲᠤᠲᠤᠷᠬᠠᠶᠢᠯᠠᠵᠤ᠂ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠨ᠂ 2016 ᠣᠨ ᠤ ᠠᠵᠢᠯ ᠢ ᠪᠠᠶᠢᠷᠢᠯᠠᠭᠤᠯᠤᠨ ᠲᠣᠬᠢᠷᠠᠭᠤᠯᠬᠤ ᠶᠢᠨ ᠲᠤᠰᠠᠳᠠ᠂ 2 ᠳ᠋ᠤᠭᠠᠷ ᠰᠠᠷ᠎ᠠ ᠶᠢᠨ 2᠎ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ 2016 ᠣᠨ ᠤ ᠪᠦᠬᠦ ᠣᠷᠣᠨ ᠤ ᠣᠷᠴᠢᠨ ᠲᠣᠭᠤᠷᠢᠨ ᠢ ᠬᠢᠨᠠᠨ ᠪᠠᠶᠢᠴᠠᠭᠠᠬᠤ ᠠᠵᠢᠯ ᠤᠨ ᠬᠤᠷᠠᠯ ᠢ ᠬᠤᠷᠠᠯᠳᠤᠭᠤᠯᠪᠠ᠃      ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠤᠨ ᠳᠠᠷᠤᠭ᠎ᠠ ᠸᠠᠩ ᠵᠢᠶᠦ᠋ᠨ ᠫᠦ᠋ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ  ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠤᠨ ᠳᠡᠳ᠋ ᠳᠠᠷᠤᠭ᠎ᠠ ᠬᠤᠤ ᠴᠢᠩ ᠸᠧᠨ ᠪᠦᠬᠦ ᠣᠷᠣᠨ ᠤ ᠣᠷᠴᠢᠨ ᠲᠣᠭᠤᠷᠢᠨ ᠢ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠦᠯᠲᠡ ᠶᠢᠨ ᠠᠵᠢᠯ ᠤᠨ ᠢᠯᠡᠳᠬᠡᠯ ᠬᠢᠪᠡ᠃      2015 ᠣᠨ ᠳᠤ᠂ ᠥᠪᠡᠷᠲᠡᠭᠡᠨ ᠵᠠᠰᠠᠬᠤ ᠣᠷᠣᠨ ᠡᠯ᠎ᠡ ᠲᠥᠷᠥᠯ ᠤᠨ ᠵᠠᠰᠠᠭ ᠵᠠᠬᠢᠷᠭᠠᠨ ᠤ ᠰᠢᠳᠬᠡᠯ ᠨᠡᠶᠢᠲᠡ 1388᠎ ᠶᠢ ᠬᠡᠷᠡᠭᠵᠢᠭᠦᠯᠵᠦ᠂ 8097.7 ᠲᠦᠮᠡᠨ ᠲᠦᠬᠦᠷᠢᠭ ᠤᠨ ᠵᠣᠭᠤᠰ ᠲᠣᠷᠭᠠᠵᠤ᠂  ᠳᠡᠭᠡᠷ᠎ᠡ ᠵᠢᠯ ᠤᠨ ᠬᠢ ᠠᠴᠠ ᠲᠤᠰ ᠲᠤᠰ 59.5% ᠪᠣᠯᠤᠨ 64.7%᠎ ᠪᠠᠷ ᠨᠡᠮᠡᠭᠳᠡᠪᠡ᠃  ᠣᠷᠴᠢᠨ ᠲᠣᠭᠤᠷᠢᠨ ᠢ ᠬᠠᠮᠠᠭᠠᠯᠠᠬᠤ ᠰᠢᠨ᠎ᠡ ᠬᠠᠤᠯᠢ ᠵᠢᠴᠢ ᠢᠵᠢ ᠪᠦᠷᠢᠳᠦᠭᠦᠯᠦᠭᠰᠡᠨ ᠠᠷᠭ᠎ᠠ ᠳᠤ 369 ᠬᠡᠷᠡᠭ ᠬᠤᠯᠪᠣᠭᠳᠠᠵᠤ᠂ ᠡᠭᠦᠨ ᠳᠤ᠂ 84 ᠬᠡᠷᠡᠭ ᠢ ᠡᠳᠦᠷ ᠢᠶᠠᠷ ᠪᠤᠳᠤᠨ ᠦᠷᠭᠦᠯᠵᠢᠯᠡᠨ ᠰᠢᠳᠬᠡᠵᠦ᠂ 2131.34 ᠲᠦᠮᠡᠨ ᠲᠥᠭᠦᠷᠢᠭ ᠢᠶᠠᠷ ᠲᠣᠷᠭᠠᠪᠠ︔ 98 ᠬᠡᠷᠡᠭ ᠢ ᠪᠠᠶᠢᠴᠠᠭᠠᠨ ᠪᠢᠲᠡᠭᠦᠮᠵᠢᠯᠡᠪᠡ︔ 151 ᠬᠡᠷᠡᠭ ᠲᠤ ᠦᠢᠯᠡᠳᠪᠦᠷᠢᠯᠡᠬᠦ ᠶᠢ ᠨᠢ ᠬᠢᠵᠠᠭᠠᠷᠯᠠᠵᠤ ᠦᠢᠯᠡᠳᠪᠦᠷᠢᠯᠡᠬᠦ ᠶᠢ ᠨᠢ ᠵᠣᠭᠰᠤᠭᠠᠪᠠ︔ 28 ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ  ᠵᠠᠰᠠᠭ ᠵᠠᠬᠢᠷᠭᠠᠨ ᠢᠶᠠᠷ ᠲᠦᠷ  ᠬᠤᠷᠢᠬᠤ ᠪᠠᠷ ᠰᠢᠳᠬᠡᠪᠡ︔  ᠣᠷᠴᠢᠨ ᠠᠬᠤᠶ ᠶᠢ ᠪᠣᠬᠢᠷᠲᠤᠭᠤᠯᠤᠭᠰᠠᠨ ᠰᠡᠵᠢᠭᠯᠡᠯᠲᠡᠶ 8 ᠶᠠᠯᠠᠲᠤ ᠬᠡᠷᠡᠭ ᠢ ᠰᠢᠯᠵᠢᠭᠦᠯᠪᠡ᠃ ︽︿ᠲᠡᠦᠬᠡᠨ ᠳᠡᠭᠡᠷᠡᠬᠢ ᠬᠠᠮᠤᠭ ᠤᠨ ᠴᠢᠩᠭ᠎ᠠ﹀ ᠣᠷᠴᠢᠨ ᠠᠬᠤᠶ ᠶᠢ ᠬᠠᠮᠠᠭᠠᠯᠠᠬᠤ ᠬᠠᠤᠯᠢ ᠨᠢ ︿ᠡᠷᠬᠡ ᠰᠦᠷ ᠢᠶᠠᠨ ᠮᠠᠨᠳᠤᠭᠤᠯᠬᠤ﹀ 2015 ᠣᠨ ᠤ ᠥᠪᠥᠷ ᠮᠣᠩᠭᠤᠯ ᠤᠨ ᠣᠨ ᠤ ᠠᠷᠪᠠᠨ ᠶᠡᠭᠡ ᠬᠠᠤᠯᠢ ᠪᠠᠷ ᠵᠠᠰᠠᠬᠤ ᠶᠠᠪᠤᠳᠠᠯ ᠳᠤ ᠰᠤᠩᠭᠤᠭᠳᠠᠪᠠ᠃      2016 ᠣᠨ ᠤ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠢ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠦᠯᠲᠡ ᠶᠢᠨ ᠠᠵᠢᠯ ᠤᠨ ᠰᠡᠳᠬᠢᠴᠡ ᠭᠡᠪᠡᠯ᠄ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠵᠤ᠂ ᠰᠢᠨ᠎ᠡ ︽ᠣᠷᠴᠢᠨ ᠲᠣᠭᠤᠷᠢᠨ ᠢ ᠬᠠᠮᠠᠭᠠᠯᠠᠬᠤ ᠬᠠᠤᠯᠢ︾᠎ ᠶᠢ ᠬᠡᠷᠡᠭᠵᠢᠭᠦᠯᠬᠦ ᠣᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂  ︽ᠣᠷᠴᠢᠨ ᠲᠣᠭᠤᠷᠢᠨ ᠢ ᠬᠠᠮᠠᠭᠠᠯᠠᠬᠤ ᠬᠠᠤᠯᠢ︾᠂ ︽ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠣᠭᠤᠷᠢᠨ ᠳᠤ  ᠬᠠᠤᠯᠢ ᠬᠡᠷᠡᠭᠵᠢᠭᠦᠯᠦᠯᠲᠡ ᠪᠠᠨ ᠴᠢᠩᠭᠠᠳᠬᠠᠨ᠎ᠠ︔ ᠶᠡᠷᠦᠩᠬᠡᠶᠢᠯᠡᠨ ᠰᠢᠮᠳᠠᠭᠤᠯᠤᠨ ᠪᠠᠶᠢᠴᠠᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ  ᠮᠦᠴᠢᠷ ᠤᠳ ᠤᠨ ᠣᠷᠴᠢᠨ ᠲᠣᠭᠤᠷᠢᠨ ᠢ ᠬᠠᠮᠠᠭᠠᠯᠠᠬᠤ ᠤᠯᠤᠰ ᠤᠨ ᠬᠠᠤᠯᠢ ᠴᠠᠭᠠᠵᠠ᠂ ᠬᠠᠤᠯᠢ ᠲᠣᠭᠲᠠᠭᠠᠯ  ᠪᠣᠯᠣᠨ ᠲᠥᠷᠥ ᠶᠢᠨ ᠪᠣᠳᠣᠯᠭ᠎ᠠ ᠵᠡᠷᠭᠡ ᠶᠢ ᠬᠡᠷᠡᠭᠵᠢᠭᠦᠯᠦᠭᠰᠡᠨ ᠪᠠᠶᠢᠳᠠᠯ ᠢ ᠨᠢ ᠰᠢᠮᠳᠠᠭᠤᠯᠤᠨ ᠪᠠᠶᠢᠴᠠᠭᠠᠨ᠎ᠠ︔ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠬᠠᠤᠯᠢ ᠶᠢ ᠵᠣᠷᠢᠭᠤᠳᠠ ᠵᠥᠷᠢᠴᠡᠨ ᠪᠣᠬᠢᠷᠲᠤᠯ ᠢ ᠭᠠᠳᠠᠭᠰᠢᠯᠠᠭᠤᠯᠤᠭᠰᠠᠨ ᠪᠠ ᠬᠠᠭᠤᠷᠮᠠᠭ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠴᠢᠨ ᠲᠣᠭᠤᠷᠢᠨ ᠢ ᠬᠠᠮᠠᠭᠠᠯᠠᠬᠤ ᠬᠠᠤᠯᠢ ᠴᠠᠭᠠᠵᠠ ᠶᠢ ᠰᠠᠬᠢᠬᠤ ᠰᠢᠨ᠎ᠡ ᠬᠡᠪ ᠪᠠᠶᠢᠳᠠᠯ ᠪᠣᠢ ᠪᠣᠯᠭᠠᠬᠤ ᠶᠢ ᠲᠦᠯᠬᠢᠨ ᠠᠬᠢᠭᠤᠯᠤᠨ᠎ᠠ︔ ᠪᠣᠬᠢᠷᠲᠤᠯ ᠤᠨ ᠡᠬᠢ ᠡᠭᠦᠰᠦᠯ ᠢ ᠪᠣᠬᠢᠷᠳᠣᠯ ᠭᠠᠳᠠᠭᠰᠢᠯᠠᠭᠤᠯᠬᠤ ᠪᠠᠷᠢᠮᠵᠢᠶ᠎ᠠ ᠳᠤ ᠪᠦᠬᠦ ᠲᠠᠯ᠎ᠠ ᠪᠠᠷ ᠬᠦᠷᠦᠭᠦᠯᠬᠦ ᠶᠢ ᠲᠦᠯᠬᠢᠨ ᠠᠬᠢᠭᠤᠯᠵᠤ᠂ ᠲᠣᠭᠲᠠᠮᠠᠯ ᠪᠣᠬᠢᠷᠲᠤᠯ ᠤᠨ ᠡᠬᠢ ᠡᠭᠦᠰᠦᠯ ᠢᠯᠠᠩᠭᠤᠶ᠎ᠠ ᠪᠡᠭᠡᠵᠢᠩ ᠲᠢᠶᠠᠨᠵᠢᠨ ᠡᠾᠧᠪᠸᠢ ᠶᠢ ᠲᠣᠭᠤᠷᠢᠭᠰᠠᠨ ᠥᠨᠳᠥᠷ ᠲᠤ ᠭᠠᠳᠠᠭᠰᠢᠯᠠᠭᠤᠯᠬᠤ ᠪᠣᠬᠢᠷᠲᠤᠯ ᠤᠨ ᠡᠬᠢ ᠡᠭᠦᠰᠦᠯ ᠢ ᠪᠣᠬᠢᠷᠳᠣᠯ ᠢ ᠭᠠᠳᠠᠭᠰᠢᠯᠠᠭᠤᠯᠬᠤ  ᠪᠠᠷᠢᠮᠵᠢᠶ᠎ᠠ ᠳᠤ ᠬᠦᠷᠦᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠷᠴᠢᠨ ᠲᠣᠭᠤᠷᠢᠨ ᠤ ᠶᠠᠰᠤ ᠴᠢᠨᠠᠷ ᠲᠤ ᠨᠦᠯᠦᠭᠡ ᠶᠡᠬᠡᠲᠡᠢ ᠭᠤᠣᠯᠳᠠᠯᠭ᠎ᠠ ᠲᠠᠢ ᠠᠵᠢᠯ ᠲᠦᠷᠦᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ︔ ᠬᠠᠤᠯᠢ ᠠᠴᠠ ᠵᠥᠷᠢᠴᠡᠵᠦ ᠲᠣᠭᠲᠠᠭᠠᠯ ᠠᠴᠠ ᠵᠥᠷᠢᠴᠡᠭᠰᠡᠨ ᠪᠦᠳᠤᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠤᠯᠢ ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠦᠨ᠎ᠡ︔ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ᠂ ᠪᠠᠶᠢᠴᠠᠭᠠᠬᠤ ᠪᠠᠶᠢᠭᠤᠯᠭ᠎ᠠ ᠪᠣᠯᠤᠨ ᠰᠢᠭᠦᠨ ᠲᠠᠰᠤᠯᠬᠤ ᠪᠠᠶᠢᠭᠤᠯᠭ᠎ᠠ ᠶᠢᠨ ᠵᠤᠯᠭᠠᠯᠳᠤᠨ  ᠬᠠᠮᠵᠢᠯᠴᠠᠬᠤ ᠶᠢ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠠᠵᠤ ᠠᠬᠤᠶᠢᠯᠠᠯ ᠵᠢᠴᠢ ᠬᠠᠷᠢᠭᠤᠴᠠᠯᠭᠠᠲᠠᠨ ᠢ ᠴᠢᠩᠭ᠎ᠠ ᠰᠢᠳᠬᠡᠨ᠎ᠡ︔ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠰᠢᠳᠬᠡᠯ ᠤᠨ ᠮᠡᠳᠡᠭᠡ ᠵᠠᠩᠭᠢ ᠶᠢ ᠲᠡᠷᠡ ᠳᠠᠷᠤᠢ ᠳᠤᠨᠢ ᠨᠡᠶᠢᠲᠡᠯᠡᠨ᠎ᠡ︔ ᠣᠷᠴᠢᠨ ᠲᠣᠭᠤᠷᠢᠨ ᠢ ᠬᠠᠮᠠᠭᠠᠯᠠᠬᠤ ᠬᠠᠤᠯᠢ  ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠪᠣᠯᠣᠨ ᠬᠠᠤᠯᠢ ᠬᠡᠷᠡᠭᠵᠢᠭᠦᠯᠬᠦ ᠶᠢ ᠪᠠᠶᠢᠴᠠᠭᠠᠯᠲᠠ ᠶᠢ ᠴᠢᠩᠭᠠᠳᠬᠠᠵᠤ᠂ ᠣᠷᠴᠢᠨ ᠲᠣᠭᠤᠷᠢᠨ ᠤ ᠬᠠᠤᠯᠢ ᠶᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠤᠨ᠎ᠠ︔ ᠨᠡᠭᠦᠷᠡᠰᠦ ᠰᠢᠲᠠᠭᠠᠬᠤ ᠵᠤᠤᠬ᠎ᠠ ᠶᠢᠨ ︽ᠡᠪᠦᠯ ᠤᠨ ᠡᠪᠡᠳᠴᠢᠨ ᠢ ᠵᠤᠨ ᠵᠠᠰᠠᠬᠤ︾ ᠲᠤᠰᠬᠠᠢ ᠬᠠᠤᠯᠢ  ᠬᠡᠷᠡᠭᠵᠢᠭᠦᠯᠦᠯᠲᠡ ᠶᠢ ᠦᠷᠭᠦᠯᠵᠢᠯᠡᠭᠦᠯᠵᠦ᠂ ᠡᠪᠦᠯ ᠤᠨ ᠤᠯᠠᠷᠢᠯ ᠤᠨ ᠠᠭᠠᠷ ᠮᠠᠨᠳᠤᠯ ᠎ ᠢ ᠴᠡᠪᠡᠷᠰᠢᠯᠡᠭᠦᠯᠬᠦ ᠶᠢ ᠲᠦᠯᠬᠢᠨ ᠠᠬᠢᠭᠤᠯᠤᠨ᠎ᠠ︔ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠪᠦᠬᠦ ᠵᠢᠯ ᠳᠤ ᠴᠢᠬᠤᠯᠠ ᠶᠡᠭᠡ ᠵᠢᠴᠢ ᠲᠡᠭᠦᠨ ᠠᠴᠠ ᠳᠡᠭᠡᠭᠰᠢ ᠳᠡᠰ ᠤᠨ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠭᠠᠷᠬᠤ ᠦᠭᠡᠢ ᠪᠠᠶᠢᠯᠭᠠᠬᠤ ᠎ ᠪᠠᠷ ᠴᠢᠷᠮᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号