| 2 ᠳ᠋ᠤᠭᠠᠷ ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠸᠠᠩ ᠵᠢᠶᠦ᠋ᠨ ᠬᠦᠬᠡᠬᠤᠲᠠ ᠶᠢᠨ ᠰᠠᠶᠢᠬᠠᠨ ᠲᠤᠭᠤᠷᠢᠭ ᠤᠨ ᠶᠢᠨ ᠾᠧ ᠪᠠᠯᠭᠠᠰᠤᠨ ᠤ | ᠨᠠᠩᠭᠢᠲᠦ ᠲᠤᠰᠬᠤᠨ ᠳᠤ ᠬᠦᠷᠴᠦ᠂ 80 ᠰᠢᠬᠠᠬᠰᠠᠨ ᠵᠤᠤ ᠬᠤᠸᠠᠨ ᠺᠦᠢ ᠨᠠᠰᠤᠳᠠᠨ ᠢ ᠦᠵᠡᠨ ᠲᠣᠬᠤᠨᠢᠭᠤᠯᠵᠤ᠂ | ᠨᠠᠰᠤᠲᠠᠨ ᠤ ᠠᠳᠠᠯ ᠠᠮᠢᠳᠤᠷᠠᠯ ᠵᠣᠯ ᠵᠢᠷᠭᠠᠯᠲᠠᠢ᠂ ᠪᠡᠶ᠎ᠡ ᠮᠠᠬᠠᠪᠤᠳ ᠡᠷᠡᠭᠦᠯ ᠴᠢᠬᠢᠷᠠᠭ ᠪᠠᠶᠢᠬᠤ ᠶᠢ ᠨᠢ ᠬᠦᠰᠡᠨ | ᠵᠥᠩᠨᠡᠪᠡ᠃ | ᠪᠠᠴᠢᠨ ᠵᠢᠯ ᠤᠨ ᠴᠠᠭᠠᠨ ᠰᠠᠷ᠎ᠠ ᠤᠢᠢᠷᠠᠳᠬᠤ ᠲᠠᠰᠢᠷᠠᠮ ᠢᠶᠠᠷ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠱᠦᠵᠢ ᠸᠠᠩ ᠵᠢᠶᠦ᠋ᠨ ᠪᠦᠬᠦ ᠤᠷᠤᠨ ᠤ ᠬᠤᠳᠠ ᠬᠦᠳᠡᠭᠡ ᠶᠢᠨ ᠬᠦᠴᠢᠷᠳᠡᠯᠲᠠᠢ ᠤᠯᠠᠨ ᠲᠦᠮᠡᠨ ᠳᠤ | ᠦᠭᠬᠦ ᠳᠤᠳᠤᠨᠤ ᠬᠠᠯᠠᠮᠵᠢᠯᠠᠯ ᠢ ᠡᠪᠤᠷᠯᠡᠵᠦ᠂ ᠬᠦᠬᠡᠬᠤᠳᠠ ᠳᠤ ᠬᠦᠨᠵᠡᠭᠡᠶᠢᠷᠡᠨ ᠬᠦᠴᠢᠷᠳᠡᠯᠲᠠᠢ ᠤᠯᠠᠨ ᠲᠦᠮᠡᠨ ᠢ | ᠡᠷᠬᠢᠨ ᠦᠵᠡᠵᠦ ᠲᠤᠬᠤᠨᠢᠭᠤᠯᠤᠨ᠂ ᠳᠡᠳᠡᠨᠡᠷ ᠲᠤ ᠪᠠᠶᠠᠷ ᠤᠨ ᠡᠳᠦᠷ ᠤᠨ ᠮᠠᠨᠳᠤᠴᠢᠯᠡᠯ ᠪᠠ ᠰᠠᠶᠢᠨ ᠰᠠᠶᠢᠬᠠᠨ | ᠵᠦᠩᠨᠡᠯ ᠳᠡᠪᠰᠢᠬᠦᠯᠵᠦ᠂ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠡᠯ᠎ᠠ ᠲᠦᠷᠦᠯ ᠤᠨ | ᠠᠷᠠᠳ ᠲᠤ ᠠᠰᠢᠭ ᠬᠦᠷᠳᠡᠭᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠷᠭ᠎ᠠ | ᠪᠦᠬᠦᠨ ᠢ ᠰᠦᠪᠡᠭᠴᠢᠯᠡᠨ ᠬᠦᠴᠢᠷᠳᠡᠯᠲᠠᠢ ᠤᠯᠠᠨ ᠲᠦᠮᠡᠨ ᠤ ᠬᠦᠴᠢᠷᠳᠡᠯ ᠢ ᠰᠢᠢᠳᠪᠤᠷᠢᠯᠡᠵᠦ᠂ ᠬᠦᠴᠢᠷᠳᠡᠯᠲᠠᠢ | ᠤᠯᠠᠨ ᠲᠦᠮᠡᠨ ᠨᠢᠬᠡᠪᠦᠷᠢ ᠶᠢ ᠪᠠᠶᠠᠷ ᠵᠢᠷᠭᠠᠯ ᠲᠠᠢ ᠪᠠᠷ ᠴᠠᠭᠠᠨ ᠰᠠᠷ᠎ᠠ ᠪᠠᠨ ᠦᠩᠭᠡᠷᠡᠬᠦᠯᠬᠦ ᠶᠢ ᠪᠠᠳᠤᠯᠠᠬᠤ ᠭᠡᠷᠡᠭᠲᠡᠢ | ᠭᠡᠵᠦ ᠱᠠᠭᠠᠷᠳᠠᠪᠠ᠃ | 83 ᠨᠠᠰᠤᠳᠠᠢ ᠠᠬᠠᠮᠠᠳ ᠨᠠᠮ ᠤᠨ ᠭᠡᠰᠢᠬᠦᠨ ᠰᠢᠤᠸᠠᠢ ᠬᠤ᠋ ᠬᠤ᠋ ᠪᠤᠯ ᠰᠠᠶᠢᠬᠠᠨ ᠲᠤᠭᠤᠷᠢᠭ ᠤᠨ ᠶᠢᠨ ᠾᠧ | ᠪᠠᠯᠭᠠᠰᠤᠨ ᠤ ᠭᠡᠷᠡᠯᠳᠦ ᠰᠦᠮ᠎ᠠ ᠲᠤᠰᠬᠤᠨ ᠤ ᠠᠷᠠᠳ ᠪᠤᠯᠤᠨ᠎ᠠ᠃ ᠲᠡᠷᠡ 1957 ᠤᠨ ᠳᠤ ᠨᠠᠮ ᠳᠤ ᠤᠷᠤᠵᠦ᠂ | ᠲᠤᠰᠬᠤᠨ ᠤ ᠠᠮᠤᠷ ᠢ ᠬᠠᠮᠠᠭᠠᠯᠠᠬᠤ ᠡᠷᠬᠢᠯᠡᠭᠴᠢ ᠪᠤᠯᠵᠦ ᠦᠩᠭᠡᠷᠡᠭᠰᠡᠨ ᠪᠦᠭᠡᠳ ᠤᠷᠳᠤ ᠬᠤᠭᠤᠴᠠᠭᠠᠨ ᠤ ᠲᠤᠷᠰᠢ | ᠲᠤᠰᠬᠤᠨ ᠤ ᠠᠷᠠᠳ ᠲᠠᠭᠠᠨ ᠮᠠᠰᠢ ᠤᠯᠠᠨ ᠪᠤᠳᠠᠳᠠᠢ ᠠᠵᠢᠯ ᠬᠢᠵᠤ᠂ ᠨᠠᠰᠤ ᠠᠬᠢᠨ ᠬᠦᠳᠡᠯᠮᠦᠷᠢᠯᠡᠬᠦ ᠴᠢᠳᠠᠪᠤᠷᠢ ᠪᠠᠨ | ᠠᠯᠳᠠᠭᠰᠠᠨ ᠠᠴᠠ ᠤᠳᠤ ᠶᠢᠨ ᠠᠮᠢᠳᠤᠷᠠᠯ ᠨᠢ ᠨᠡᠯᠢᠶᠡᠳ ᠬᠦᠴᠢᠷᠳᠡᠯᠲᠠᠢ ᠪᠠᠶᠢᠯ᠎ᠠ᠃ ᠨᠠᠰᠤᠳᠠᠨ ᠨᠢᠳᠤᠨᠤᠨ ᠵᠢᠯ | ᠨᠤᠷᠠᠬᠤ ᠠᠶᠤᠯᠳᠠᠢ ᠭᠡᠷ ᠪᠠᠶᠢᠰᠢᠩ ᠢ ᠰᠢᠨᠡᠳᠭᠡᠨ ᠵᠠᠰᠠᠬᠤ ᠲᠦᠷᠦ ᠶᠢᠨ ᠪᠤᠳᠤᠯᠭ᠎ᠠ ᠶᠢᠨ ᠠᠴᠢ ᠶᠢ ᠬᠦᠷᠳᠡᠵᠦ᠂ | ᠬᠠᠭᠤᠴᠢᠷᠠᠵᠦ ᠨᠠᠪᠳᠠᠶᠢᠭᠰᠠᠨ ᠨᠤᠷᠠᠬᠤ ᠠᠶᠤᠯᠳᠠᠢ ᠰᠢᠷᠤᠢ ᠶᠢᠨ ᠪᠠᠶᠢᠰᠢᠩ ᠪᠠᠨ ᠨᠤᠷᠠᠭᠠᠵᠦ᠂ ᠲᠦᠷ ᠴᠠᠭ ᠢᠶᠠᠷ | ᠬᠦᠦ ᠶᠢᠨ ᠢᠶᠠᠨ ᠭᠡᠷ ᠲᠤ ᠰᠠᠭᠤᠵᠤ ᠪᠤᠢ᠃ ᠸᠠᠩ ᠵᠢᠶᠦ᠋ᠨ ᠭᠡᠷ ᠤᠨ ᠬᠢᠨᠢ ᠬᠦᠮᠦᠰ ᠲᠠᠢ ᠬᠠᠮᠳᠤ ᠰᠠᠭᠤᠯᠴᠠᠵᠦ᠂ | ᠭᠡᠷ ᠤᠨ ᠶᠠᠪᠤᠳᠠᠯ ᠢ ᠨᠢ ᠬᠠᠯᠠᠮᠵᠢᠯᠠᠨ᠂ ᠨᠠᠰᠤᠳᠠᠨ ᠤ ᠪᠡᠶ᠎ᠠ ᠳᠡᠩᠭᠡᠭᠡ᠂ ᠠᠮᠢᠳᠤᠷᠠᠯ ᠪᠠ ᠭᠡᠷ ᠪᠦᠯᠢ ᠶᠢᠨ ᠪᠠᠶᠢᠳᠠᠯ ᠢ | ᠠᠰᠠᠭᠤᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠮᠦᠨ᠎ᠠ ᠠᠴᠠ | ᠲᠤᠬᠤᠨᠢᠭᠤᠯᠵᠦ ᠪᠠᠶᠢᠬᠤ ᠪᠠ ᠳᠠᠯᠠᠷᠬᠠᠵᠦ ᠪᠠᠶᠢᠬᠤ ᠪᠠᠨ ᠢᠯᠡᠳᠭᠡᠵᠦ᠂ ᠡᠯ᠎ᠠ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠳᠠ ᠠᠴᠠ ᠠᠬᠠᠮᠠᠳ ᠨᠠᠮ ᠤᠨ ᠭᠡᠰᠢᠬᠦᠨ᠂ ᠤᠨᠴᠠᠭᠠᠢᠢᠯᠠᠨ ᠶᠠᠳᠠᠭᠤ ᠬᠦᠴᠢᠷᠳᠡᠯᠳᠠᠢ ᠨᠠᠮ ᠤᠨ | ᠭᠡᠰᠢᠬᠦᠨ ᠳᠤ ᠨᠡᠩ ᠤᠯᠠᠨ ᠬᠠᠶᠢᠷ᠎ᠠ ᠬᠠᠯᠠᠮᠵᠢ ᠬᠦᠷᠳᠡᠭᠡᠬᠦ ᠭᠡᠷᠡᠭᠲᠡᠢ ᠭᠡᠵᠦ | ᠱᠠᠭᠠᠷᠳᠠᠪᠠ᠃ | ᠪᠠᠢ ᠮᠢᠶᠤᠤ ᠲᠤᠰᠬᠤᠨ ᠤ ᠯᠢ ᠼᠦᠨ ᠪᠢᠶᠤᠤ ᠡᠷ᠎ᠠ ᠡᠮ᠎ᠠ ᠬᠤᠶᠠᠭᠤᠯᠠ ᠪᠦᠷ ᠡᠪᠡᠳᠴᠢᠨ ᠲᠠᠢ ᠠᠴᠠ | ᠡᠪᠡᠳᠴᠢᠨ ᠢᠶᠠᠨ ᠦᠵᠡᠬᠦᠯᠵᠤ ᠡᠮ ᠤᠤᠭᠤᠬᠤ ᠵᠠᠷᠤᠳᠠᠯ ᠢᠶᠠᠷ ᠮᠠᠰᠢ ᠶᠡᠭᠡ ᠪᠤᠯᠵᠠᠢ᠃ ᠸᠠᠩ ᠵᠢᠶᠦ᠋ᠨ ᠲᠡᠳᠡᠨ ᠤ | ᠰᠢᠨᠡᠳᠬᠡᠨ ᠵᠠᠰᠠᠬᠰᠠᠨ ᠭᠡᠷ ᠲᠤ ᠢᠷᠡᠵᠤ᠂ ᠬᠤᠶᠠᠷ ᠨᠠᠰᠤᠳᠠᠨ ᠲᠠᠢ ᠵᠡᠷᠬᠡᠴᠡᠨ ᠰᠠᠭᠤᠵᠤ ᠲᠤᠳᠤᠨᠤ ᠪᠠᠷ ᠶᠠᠷᠢᠯᠴᠠᠪᠠ᠃ | ᠯᠢ ᠼᠦᠨ ᠪᠢᠶᠤᠤ ᠨᠠᠮ ᠪᠤᠯᠤᠨ ᠵᠠᠰᠠᠬ ᠤᠨ ᠤᠷᠳᠤᠨ ᠤ ᠠᠷᠠᠳ ᠲᠤ ᠠᠰᠢᠬ ᠬᠦᠷᠳᠡᠬᠡᠬᠦ ᠡᠯ᠎ᠠ ᠵᠦᠢᠯ ᠤᠨ | ᠲᠦᠷᠤ ᠶᠢᠨ ᠪᠤᠳᠤᠯᠭ᠎ᠠ ᠶᠢ ᠮᠠᠬᠳᠠᠨ ᠰᠠᠶᠢᠰᠢᠶᠠᠵᠤ᠂ ︽︿ᠠᠷᠪᠠ ᠶᠢ ᠪᠦᠷᠬᠦᠬᠦᠯᠬᠦ﹀ ᠢᠨᠵᠧᠨᠧᠷᠢᠩ ᠢ | ᠭᠡᠷᠡᠭᠵᠢᠬᠦᠯᠦᠭᠰᠡᠨ ᠠᠴᠠ ᠪᠢᠳᠠ ᠲᠤᠭᠤᠰᠬᠠᠨ ᠪᠠᠶᠢᠰᠢᠩ ᠳᠤ ᠰᠠᠭᠤᠵᠤ᠂ ᠲᠦᠬᠡᠬᠡᠯ ᠤᠰᠤ ᠤᠤᠭᠤᠵᠤ᠂ ᠨᠠᠭᠠᠳᠤ | ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠪᠤᠯᠤᠨ ᠨᠠᠰᠤᠵᠢᠯ ᠤᠨ ᠲᠠᠭᠠᠳᠬᠠᠯ ᠤᠨ ᠮᠦᠩᠬᠦ ᠬᠦᠷᠳᠡᠵᠦ᠂ ᠡᠪᠡᠳᠴᠢᠨ | ᠦᠵᠡᠬᠦᠯᠬᠦ ᠳᠤ ᠲᠠᠩᠰᠠ ᠲᠠᠶᠢᠯᠵᠤ᠂ ᠠᠮᠢᠳᠤᠷᠠᠯ ᠡᠳᠤᠷ ᠠᠴᠠ ᠡᠳᠤᠷ ᠰᠠᠶᠢᠨ ᠪᠤᠯᠵᠤ᠂ ᠰᠠᠨᠠᠭ᠎ᠠ ᠰᠡᠳᠬᠢᠯ ᠴᠦ | ᠶᠠᠪᠤᠬᠤ ᠳᠤᠳᠤᠮ ᠠᠭᠤᠵᠢᠭᠤ ᠪᠤᠯᠪᠠ︾ ᠬᠡᠵᠤ ᠬᠡᠯᠡᠯ᠎ᠡ᠃ | ᠨᠠᠰᠤᠳᠠᠨ ᠤ ᠰᠡᠳᠬᠢᠯ ᠤᠨ ᠦᠬᠡ ᠶᠢ ᠰᠤᠨᠤᠰᠤᠭᠠᠳ ᠸᠠᠩ ᠵᠢᠶᠦ᠋ᠨ ᠮᠠᠰᠢ ᠪᠠᠶᠠᠷᠯᠠᠵᠤ᠂ ᠡᠯ᠎ᠠ | ᠱᠠᠳᠤᠨ ᠤ ᠬᠢᠨ ᠡᠯ᠎ᠠ ᠲᠦᠷᠦᠯ ᠤᠨ ᠠᠷᠠᠳ ᠤᠨ ᠠᠮᠢᠳᠤᠷᠠᠯ ᠤᠨ ᠪᠤᠳᠠᠳᠠᠢ ᠶᠠᠪᠤᠳᠠᠯ ᠢ ᠨᠠᠷᠢᠨ ᠬᠢᠨᠠᠮᠠᠭᠠᠢ ᠰᠠᠶᠢᠳᠤᠷ | ᠬᠢᠵᠤ᠂ ᠦᠨᠳᠤᠰᠤᠳᠠᠨ ᠨᠦᠭᠦᠳ ᠤᠨ ᠮᠠᠯᠴᠢᠨ ᠲᠠᠷᠢᠶᠠᠴᠢᠨ ᠢ ᠨᠡᠩ ᠵᠤᠯ ᠵᠢᠷᠭᠠᠯ ᠲᠠᠢ ᠠᠮᠢᠳᠤᠷᠠᠭᠤᠯᠬᠤ ᠭᠡᠷᠡᠭᠳᠠᠢ | ᠬᠡᠵᠤ | ᠱᠠᠭᠠᠷᠳᠠᠪᠠ᠃ | 80 ᠰᠢᠬᠠᠬᠰᠠᠨ ᠵᠤᠤ ᠬᠤᠸᠠᠨ ᠺᠦᠢ ᠨᠠᠰᠤᠳᠠᠨ 1954 ᠤᠨ ᠳᠤ ᠴᠡᠷᠢᠭ ᠲᠤ ᠤᠷᠤᠵᠤ᠂ ᠠᠮᠧᠷᠢᠺᠠ ᠶᠢ | ᠡᠰᠡᠷᠬᠦᠴᠡᠵᠤ ᠰᠤᠯᠤᠩᠭᠤᠰ ᠢ ᠳᠤᠰᠠᠯᠠᠬᠤ ᠲᠠᠶᠢᠨ ᠳᠤ ᠤᠷᠤᠯᠴᠠᠵᠤ ᠦᠩᠬᠡᠷᠡᠵᠠᠢ᠃ ᠨᠠᠰᠤᠳᠠᠨ ᠲᠠᠶᠢᠴᠢᠨ | ᠨᠠᠶᠢᠵᠠ ᠲᠠᠢ ᠪᠠᠨ ᠬᠠᠮᠳᠤ ᠶᠠᠯᠤᠵᠢᠶᠡᠩ ᠮᠦᠷᠡᠨ ᠢ ᠭᠠᠳᠤᠯᠤᠨ ᠰᠤᠯᠤᠩᠭᠤᠰ ᠲᠤ ᠬᠦᠷᠴᠤ ᠴᠢᠰᠤᠳᠦ ᠪᠠᠶᠢᠯᠳᠤᠭᠠᠨ | ᠬᠢᠭᠰᠡᠨ ᠪᠠᠶᠢᠳᠠᠯ ᠢᠶᠠᠨ ᠬᠦᠨ ᠰᠡᠳᠬᠢᠯᠬᠡ ᠲᠠᠢ ᠪᠠᠷ ᠡᠷᠬᠢᠴᠡᠬᠦᠯᠵᠤ᠂ ᠬᠡᠳᠤᠨ ᠠᠷᠪᠠᠨ ᠵᠢᠯ ᠤᠨᠴᠠᠭᠠᠢᠢᠯᠠᠨ | ᠤᠢᠢᠷ᠎ᠠ ᠶᠢᠨ ᠬᠡᠳᠤᠨ ᠵᠢᠯ ᠤᠨ ᠲᠤᠷᠰᠢᠬᠢ ᠬᠦᠳᠡᠭᠡ ᠲᠤᠰᠬᠤᠨ ᠤ ᠯᠤᠳᠤ ᠶᠡᠭᠡ ᠬᠤᠪᠢᠷᠠᠯᠳᠠ ᠶᠢ ᠪᠠᠶᠠᠷ ᠲᠠᠢ | ᠡᠷᠬᠢᠴᠡᠬᠦᠯᠤᠯᠠ᠃ ᠸᠠᠩ ᠵᠢᠶᠦ᠋ᠨ ᠨᠠᠰᠤᠳᠠᠨ ᠤ ᠭᠠᠷ ᠢ ᠠᠳᠬᠤᠵᠤ᠂ ᠲᠡᠬᠦᠨ ᠳᠤ ᠡᠷᠬᠢᠮ ᠲᠡᠭᠡᠳᠤ | ᠬᠦᠨᠳᠤᠳᠬᠡᠯ ᠢᠶᠠᠨ ᠲᠡᠪᠰᠢᠬᠦᠯᠪᠠ᠃ ᠸᠠᠩ ᠵᠢᠶᠦ᠋ᠨ᠄ ︽60 ᠭᠠᠷᠤᠢ ᠵᠢᠯ ᠤᠨ ᠡᠮᠦᠨ᠎ᠠ᠂ ᠲᠠ ᠡᠭᠡ ᠤᠯᠤᠰ ᠢᠶᠠᠨ | ᠬᠠᠮᠠᠭᠠᠯᠠᠵᠦ᠂ ᠡᠩᠭᠡ ᠲᠠᠶᠢᠪᠤᠩ ᠢ ᠬᠠᠨᠮᠭᠠᠯᠠᠬᠤ ᠶᠢᠨ ᠲᠦᠯᠦᠭᠡ ᠬᠤᠪᠢ ᠨᠡᠮᠡᠷᠢ ᠦᠵᠡᠬᠦᠯᠦᠭᠰᠡᠨ᠂ ᠨᠠᠮ ᠪᠠ | ᠵᠠᠰᠠᠭ ᠤᠨ ᠤᠷᠲᠤᠨ ᠴᠠᠭ ᠢᠮᠠᠭᠲᠠ ᠲᠠᠨᠠᠷ ᠢ ᠲᠤᠷᠠᠰᠤᠨ ᠰᠠᠨᠠᠭᠠᠯᠵᠠᠬᠤ ᠶᠤᠮ᠃ ᠲᠠᠨᠠᠷ ᠤᠨ ᠠᠮᠢᠲᠤᠷᠠᠯ | ᠤᠯᠠᠮ ᠠᠴᠠ ᠤᠯᠠᠮ ᠰᠠᠶᠢᠵᠢᠷᠠᠬᠤ ᠶᠢ ᠵᠦᠩᠨᠡᠡ ᠪᠡᠯᠭᠡᠲᠡᠵᠦ ᠪᠠᠶᠢᠨ᠎ᠠ︾ ᠭᠡᠵᠦ ᠬᠡᠯᠡᠪᠡ᠃ | ᠸᠠᠩ ᠵᠢᠶᠦ᠋ᠨ ᠴᠢᠬᠤᠯᠠᠴᠢᠯᠠᠭᠰᠠᠨ ᠨᠢ᠂ ᠤᠯᠠᠠ ᠲᠦᠮᠡᠡ ᠤ ᠬᠦᠰᠡᠯ ᠡᠷᠡᠮᠡᠯᠵᠡᠯ ᠪᠤᠯ ᠲᠠᠷᠤᠢ ᠮᠠᠠ ᠤ | ᠬᠠᠷᠠᠯᠲᠠ ᠮᠦᠨ᠂ ᠤᠯᠠᠠ ᠲᠦᠮᠡᠡ ᠤ ᠨᠤᠲᠠᠯᠠᠯ ᠪᠤᠯ ᠲᠠᠷᠤᠢ ᠮᠠᠠ ᠳᠤ ᠲᠠᠯᠪᠢᠵᠦ ᠪᠠᠶᠢᠭ᠎ᠠ ᠱᠠᠭᠠᠷᠲᠠᠯᠭ᠎ᠠ ᠮᠦᠨ᠃ | ᠰᠢᠨ᠎ᠠ ᠨᠢᠭᠡ ᠵᠢᠯ ᠳᠤ ᠡᠯ᠎ᠠ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠬᠢᠨ ᠮᠠᠯᠵᠢᠬᠤ ᠲᠠᠷᠢᠶᠠᠯᠠᠬᠤ | ᠤᠷᠤᠨ ᠳᠤ ︽ᠠᠷᠪᠠ ᠶᠢ ᠪᠦᠷᠭᠦᠬᠦᠯᠬᠦ︾ ᠢᠨᠵᠧᠨᠧᠷᠢᠩ ᠢ ᠯᠠᠪᠲᠠᠭᠤᠨ ᠠᠬᠢᠭᠤᠯᠵᠦ᠂ ᠪᠦᠲᠦᠭᠡᠡ | ᠪᠠᠶᠢᠭᠤᠯᠤᠯᠲᠠ ᠶᠢᠨ ᠡᠭᠦᠷᠭᠡ ᠪᠠᠨ ᠲᠤᠭᠲᠠᠭᠰᠠᠠ ᠬᠤᠭᠤᠴᠠᠭᠠᠠ ᠳᠤ ᠪᠡᠶᠡᠯᠡᠭᠦᠯᠬᠦ ᠶᠢ ᠪᠠᠲᠤᠯᠠᠵᠦ᠂ ᠮᠠᠯᠵᠢᠬᠤ | ᠲᠠᠷᠢᠶᠠᠯᠠᠬᠤ ᠤᠷᠤᠨ ᠤ ᠬᠤᠴᠤᠷᠤᠩᠭᠤᠢ ᠲᠦᠷᠰᠦ ᠪᠠᠶᠢᠲᠠᠯ ᠢ ᠦᠨᠲᠦᠰᠦᠨ ᠠᠴᠠ ᠨᠢ ᠬᠤᠪᠢᠷᠠᠭᠤᠯᠬᠤ ᠬᠡᠷᠡᠭᠲᠡᠢ᠃ | ᠭᠠᠵᠠᠷ ᠤᠷᠤᠨ ᠤ ᠪᠠᠶᠢᠲᠠᠯ ᠳᠠᠭᠠᠨ ᠲᠤᠬᠢᠷᠠᠭᠤᠯᠵᠤ ᠮᠠᠯᠵᠢᠬᠤ ᠲᠠᠷᠢᠶᠠᠯᠠᠬᠤ ᠤᠷᠤᠨ ᠤ ᠠᠵᠦ ᠦᠢᠯᠡᠰ ᠢ | ᠬᠦᠭᠵᠢᠭᠦᠯᠵᠤ᠂ ᠠᠷᠭ᠎ᠠ ᠪᠦᠬᠦᠨ ᠢ ᠰᠦᠪᠡᠭᠴᠢᠯᠡᠨ ᠮᠠᠯᠴᠢᠨ ᠲᠠᠷᠢᠶᠠᠴᠢᠠ ᠤ ᠤᠷᠤᠯᠭ᠎ᠠ ᠶᠢ ᠨᠡᠮᠡᠭᠲᠡᠭᠦᠯᠵᠦ᠂ | ᠲᠡᠲᠡᠡ ᠤ ᠠᠮᠢᠲᠤᠷᠠᠯ ᠤᠨ ᠲᠦᠪᠰᠢᠨ ᠢ ᠲᠡᠰᠤᠷᠠᠯᠲᠠ ᠦᠭᠡᠢ ᠲᠡᠭᠡᠭᠰᠢᠯᠡᠭᠦᠯᠬᠦ ᠭᠡᠷᠡᠭᠲᠡᠢ᠃ ᠮᠠᠯᠵᠢᠬᠤ ᠲᠠᠷᠢᠶᠠᠯᠠᠬᠤ | ᠤᠷᠤᠨ ᠤ ᠦᠨᠲᠦᠰᠦᠨ ᠱᠠᠲᠤᠨ ᠤ ᠨᠠᠮ ᠤᠨ ᠵᠤᠬᠢᠶᠠᠠ ᠪᠠᠶᠢᠭᠤᠯᠤᠯᠲᠠ ᠶᠢᠨ ᠴᠤᠭᠴᠠᠯᠠᠯᠲᠠ ᠶᠢ ᠴᠢᠨᠠᠭᠰᠢᠲᠠ | ᠴᠢᠩᠭᠠᠳᠬᠠᠠ᠂ ᠦᠨᠲᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠤᠨ ᠤᠯᠠᠠ ᠲᠦᠮᠡᠡ ᠳᠤ ᠦᠢᠯᠡᠴᠢᠯᠡᠬᠦ | ᠴᠢᠲᠠᠪᠤᠷᠢ ᠪᠤᠯᠤᠨ ᠬᠢᠷᠢ ᠲᠦᠪᠰᠢᠨ ᠢ ᠴᠢᠷᠮᠠᠶᠢᠨ ᠲᠡᠭᠡᠭᠰᠢᠯᠡᠭᠦᠯᠵᠦ᠂ ᠦᠨᠲᠦᠰᠦᠨ ᠱᠠᠲᠤᠨ ᠤ ᠨᠠᠮ ᠤᠨ ᠵᠤᠬᠢᠶᠠᠠ | ᠪᠠᠶᠢᠭᠤᠯᠤᠯᠲᠠ ᠶᠢᠨ ᠪᠠᠶᠢᠯᠲᠤᠭᠠᠠ ᠤ ᠪᠠᠬᠢᠯᠡᠯᠲᠡ ᠶᠢᠨ ᠦᠢᠯᠡᠲᠦᠯ ᠪᠤᠯᠤᠨ ᠨᠠᠮ ᠤᠨ ᠭᠡᠰᠢᠭᠦᠨ ᠤ ᠬᠤᠰᠢᠭᠤᠴᠢ | ᠵᠢᠱᠢᠶᠡᠴᠢ ᠶᠢᠨ ᠦᠢᠯᠡᠲᠦᠯ ᠢ ᠬᠦᠢᠴᠡᠳ ᠪᠠᠲᠠᠷᠠᠭᠤᠯᠬᠤ ᠭᠡᠷᠡᠭᠲᠡᠢ᠃ ᠴᠠᠭᠠᠠ ᠰᠠᠷ᠎ᠠ ᠤᠳᠠᠯ ᠦᠭᠡᠢ ᠬᠦᠷᠴᠦ ᠢᠷᠡᠯ᠎ᠠ | ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ ᠬᠢᠨ ᠤᠯᠠᠠ ᠲᠦᠮᠡᠡ ᠳᠤ ᠬᠦᠨ ᠵᠤᠵᠠᠭᠠᠠ ᠬᠠᠶᠢᠷ᠎ᠠ ᠰᠡᠳᠭᠢᠯᠭᠡ ᠶᠢ | ᠡᠪᠦᠷᠯᠡᠡ ᠡᠷᠬᠢᠨ ᠦᠵᠡᠵᠦ ᠲᠤᠬᠤᠨᠢᠭᠤᠯᠬᠤ᠂ ᠬᠦᠴᠢᠷ ᠵᠤᠪᠠᠭᠤᠷᠢ ᠶᠢ ᠨᠢ ᠠᠷᠢᠯᠭᠠᠠ ᠬᠦᠴᠢᠷᠲᠠᠯ ᠢ ᠨᠢ | ᠰᠢᠢᠳᠪᠦᠷᠢᠯᠡᠵᠤ ᠦᠭᠬᠦ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠨᠠᠮ ᠪᠠ ᠵᠠᠰᠠᠭ ᠤᠨ ᠤᠷᠲᠤᠨ ᠤ ᠬᠠᠶᠢᠷ᠎ᠠ | ᠬᠠᠯᠠᠮᠵᠢ ᠶᠢ ᠲᠦᠭ ᠲᠦᠮᠡᠡ ᠡᠷᠦᠭᠡ ᠳᠤ ᠬᠦᠷᠭᠡᠵᠦ᠂ ᠤᠯᠠᠠ ᠲᠦᠮᠡᠡ ᠢᠯᠠᠩᠭᠤᠶ᠎ᠠ ᠬᠦᠴᠢᠷᠲᠠᠯ ᠲᠠᠢ ᠤᠯᠠᠠ | ᠲᠦᠮᠡᠡ ᠢ ᠪᠠᠶᠠᠷ ᠵᠢᠷᠭᠠᠯ ᠲᠠᠢ ᠪᠠᠷ ᠴᠠᠭᠠᠠ ᠰᠠᠷ᠎ᠠ ᠪᠠᠨ ᠦᠩᠭᠡᠷᠡᠭᠦᠯᠬᠦ ᠶᠢ ᠪᠠᠲᠤᠯᠠᠬᠤ ᠭᠡᠷᠡᠭᠲᠡᠢ ᠭᠡᠵᠦ | ᠴᠢᠬᠤᠯᠠᠴᠢᠯᠠᠪᠠ᠃ | ᠦᠪᠡᠷᠲᠡᠭᠡᠡ ᠵᠠᠰᠠᠬᠤ ᠤᠷᠤᠨ ᠤ ᠤᠲᠤᠷᠢᠲᠤᠯᠭ᠎ᠠ ᠨᠠᠰᠦ᠋ᠨᠮᠦᠩᠭᠡ᠂ ᠬᠠᠩ ᠭᠦᠢ ᠯᠢᠨ᠂ ᠸᠠᠩ ᠬᠤᠸᠠᠠ ᠴᠧᠩ | ᠪᠠᠷ᠎ᠠ ᠪᠤᠯᠵᠦ ᠲᠤᠬᠤᠨᠢᠭᠤᠯᠵᠠᠢ᠃ | |