ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ ᠣᠷᠣᠨ ᠤ ᠭᠠᠵᠠᠷ ᠰᠢᠷᠤᠢ ᠶᠢᠨ ᠡᠷᠬᠡ ᠶᠢ ᠨᠣᠲᠠᠯᠠᠨ ᠳᠠᠩᠰᠠᠯᠠᠵᠤ ᠦᠨᠡᠮᠯᠡᠯ ᠣᠯᠭᠤᠬᠤ ᠪᠠ ᠨᠤᠲᠤᠭ ᠪᠡᠯᠴᠢᠭᠡᠷ ᠤᠨ ᠡᠷᠬᠡ ᠶᠢ ᠨᠣᠲᠠᠯᠠᠨ ᠳᠠᠭᠠᠭᠠᠴᠢᠯᠠᠭᠤᠯᠬᠤ ᠠᠵᠢᠯ ᠤᠨ ᠲᠧᠯᠸᠢᠰ ᠳ᠋ᠢᠶᠠᠩᠬᠤᠸᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/3/1
     2 ᠳ᠋ᠤᠭᠠᠷ ᠰᠠᠷ᠎ᠠ ᠶᠢᠨ 29᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ ᠣᠷᠣᠨ ᠤ ᠭᠠᠵᠠᠷ ᠰᠢᠷᠤᠢ ᠶᠢᠨ ᠡᠷᠬᠡ ᠶᠢ ᠨᠣᠲᠠᠯᠠᠨ ᠳᠠᠩᠰᠠᠯᠠᠵᠤ ᠦᠨᠡᠮᠯᠡᠯ ᠣᠯᠭᠤᠬᠤ ᠪᠠ ᠨᠤᠲᠤᠭ ᠪᠡᠯᠴᠢᠭᠡᠷ ᠤᠨ ᠡᠷᠬᠡ ᠶᠢ ᠨᠣᠲᠠᠯᠠᠨ ᠳᠠᠭᠠᠭᠠᠴᠢᠯᠠᠭᠤᠯᠬᠤ ᠠᠵᠢᠯ ᠤᠨ ᠲᠧᠯᠸᠢᠰ ᠳ᠋ᠢᠶᠠᠩᠬᠤᠸᠠ ᠶᠢᠨ ᠬᠤᠷᠠᠯ ᠬᠤᠷᠠᠯᠳᠤᠵᠤ᠂ ᠭᠠᠵᠠᠷ ᠰᠢᠷᠤᠢ ᠶᠢᠨ ᠡᠷᠬᠡ ᠶᠢ ᠨᠣᠲᠠᠯᠠᠨ ᠳᠠᠩᠰᠠᠯᠠᠵᠤ ᠦᠨᠡᠮᠯᠡᠯ ᠣᠯᠭᠤᠬᠤ ᠪᠠ ᠨᠤᠲᠤᠭ ᠪᠡᠯᠴᠢᠭᠡᠷ ᠤᠨ ᠡᠷᠬᠡ ᠶᠢ ᠨᠣᠲᠠᠯᠠᠨ ᠳᠠᠭᠠᠭᠠᠴᠢᠯᠠᠭᠤᠯᠬᠤ ᠠᠵᠢᠯ ᠢ ᠪᠦᠬᠦ ᠣᠷᠣᠨ ᠤ ᠬᠡᠪᠴᠢᠶᠡᠨ ᠳᠤ ᠶᠠᠪᠤᠭᠤᠯᠬᠤ ᠶᠢ ᠳᠠᠶᠢᠴᠢᠯᠠᠨ ᠪᠠᠶᠢᠷᠢᠯᠠᠭᠤᠯᠪᠠ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ ᠢᠤᠢ ᠮᠢᠩ ᠬᠤᠷᠠᠯ ᠳᠤ ᠤᠷᠤᠯᠴᠠᠨ ᠶᠠᠷᠢᠶ᠎ᠠ ᠲᠠᠯᠪᠢᠵᠡᠢ᠃      ᠸᠠᠩ ᠢᠤᠢ ᠮᠢᠩ ᠵᠢᠭᠠᠵᠤ ᠭᠠᠷᠭᠠᠭᠰᠠᠨ ᠨᠢ᠂ ᠭᠠᠵᠠᠷ ᠰᠢᠷᠤᠢ ᠨᠤᠳᠤᠭ ᠪᠡᠯᠴᠢᠭᠡᠷ ᠤᠨ ᠡᠷᠭᠡ ᠶᠢ  ᠨᠣᠲᠠᠯᠠᠨ ᠲᠠᠩᠰᠠᠯᠠᠵᠤ ᠦᠨᠡᠮᠯᠡᠯ ᠤᠯᠭᠤᠬᠤ ᠪᠤᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠲᠤᠭᠳᠠᠭᠠᠭᠰᠠᠨ ᠦᠭᠡᠷᠡᠴᠢᠯᠡᠯᠳᠡ ᠶᠢᠨ ᠲᠤᠳᠤᠷᠠᠬᠢ ᠮᠠᠯᠵᠢᠬᠤ ᠲᠠᠷᠢᠶᠠᠯᠠᠬᠤ ᠤᠷᠤᠨ ᠯᠤᠭ᠎ᠠ ᠶᠢᠨ ᠬᠠᠮᠤᠭ ᠤᠨ ᠶᠡᠭᠡ᠂ ᠬᠠᠮᠤᠭ ᠤᠨ ᠴᠢᠬᠤᠯᠠ ᠬᠠᠷᠢᠴᠠᠭ᠎ᠠ ᠲᠠᠢ  ᠦᠭᠡᠷᠡᠴᠢᠯᠡᠯᠳᠡ ᠶᠢᠨ ᠨᠢᠭᠡ ᠪᠤᠯᠤᠨ᠎ᠠ᠃ ᠨᠢᠳᠤᠨᠤᠨ ᠵᠢᠯ ᠤᠨ ᠡᠴᠦᠰ ᠲᠤ᠂ ᠤᠯᠤᠰ ᠠᠴᠠ ᠮᠠᠨ ᠤ ᠣᠷᠣᠨ ᠢ ᠪᠦᠬᠦ ᠤᠯᠤᠰ ᠤᠨ ᠭᠠᠵᠠᠷ ᠰᠢᠷᠤᠢ ᠶᠢᠨ ᠡᠷᠬᠡ ᠶᠢ ᠨᠣᠲᠠᠯᠠᠨ ᠳᠠᠩᠰᠠᠯᠠᠵᠤ ᠦᠨᠡᠮᠯᠡᠯ ᠣᠯᠭᠤᠬᠤ ᠶᠢ ᠪᠦᠬᠦ ᠮᠤᠵᠢ ᠣᠷᠣᠨ ᠢᠶᠠᠷ ᠲᠦᠯᠬᠢᠨ ᠠᠬᠢᠭᠤᠯᠬᠤ ᠲᠤᠷᠰᠢᠯᠲᠠ ᠶᠢᠨ ᠴᠢᠭ᠋ ᠢᠶᠠᠷ ᠲᠣᠭᠲᠠᠭᠠᠵᠤ᠂ ᠡᠨᠡ ᠵᠢᠯ ᠳᠤ 2 ᠠᠶᠢᠮᠠᠭ ᠬᠤᠲᠠ᠂ 31 ᠬᠤᠰᠢᠭᠤ ᠰᠢᠶᠠᠨ ᠳᠤ ᠪᠦᠬᠦᠯᠢ ᠴᠣᠭᠴᠠ ᠪᠠᠷ ᠲᠦᠯᠬᠢᠨ ᠠᠬᠢᠭᠤᠯᠬᠤ ᠪᠠᠷ ᠲᠥᠯᠥᠪᠯᠡᠵᠦ᠂ ᠪᠤᠰᠤᠳ ᠬᠤᠰᠢᠭᠤ ᠰᠢᠶᠠᠨ ᠳᠤ ᠬᠡᠰᠡᠭ ᠰᠢᠶᠠᠩ ᠪᠠᠯᠭᠠᠰᠤ ᠪᠠᠷ ᠲᠦᠯᠬᠢᠨ ᠠᠬᠢᠭᠤᠯᠤᠨ᠎ᠠ︔ ᠨᠤᠲᠤᠭ ᠪᠡᠯᠴᠢᠭᠡᠷ ᠤᠨ ᠡᠷᠬᠡ ᠶᠢ ᠨᠣᠲᠠᠯᠠᠨ ᠳᠠᠭᠠᠭᠠᠴᠢᠯᠠᠭᠤᠯᠬᠤ ᠶᠢ ᠪᠦᠬᠦ ᠣᠷᠣᠨ ᠳᠤ ᠪᠦᠬᠦ ᠲᠠᠯ᠎ᠠ ᠪᠠᠷ ᠬᠡᠷᠡᠭᠵᠢᠭᠦᠯᠦᠨ᠎ᠡ᠃  ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠦᠴᠢᠷ ᠤᠳ ᠭᠠᠵᠠᠷ ᠰᠢᠷᠤᠢ ᠨᠤᠲᠤᠭ ᠪᠡᠯᠴᠢᠭᠡᠷ ᠤᠨ ᠡᠷᠬᠡ ᠶᠢ ᠨᠣᠲᠠᠯᠠᠨ ᠳᠠᠩᠰᠠᠯᠠᠬᠤ  ᠴᠢᠬᠤᠯᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠱᠠᠲᠤ ᠳᠠᠷᠠᠭᠠᠯᠠᠨ  ᠨᠠᠶᠢᠳᠠᠪᠤᠷᠢᠵᠢᠭᠤᠯᠤᠨ᠂ ᠠᠵᠢᠯ ᠤᠨ ᠡᠭᠦᠷᠭᠡ ᠪᠠᠨ ᠴᠢᠨᠠᠷᠯᠢᠭ ᠲᠤᠭ᠎ᠠ ᠶᠣᠰᠣᠭᠠᠷ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃ ᠸᠠᠩ ᠢᠤᠢ ᠮᠢᠩ ᠴᠢᠬᠤᠯᠠᠴᠢᠯᠠᠭᠰᠠᠨ ᠨᠢ᠂ ᠴᠠᠭ ᠤᠨ ᠠᠬᠢᠴᠠ᠂ ᠡᠭᠦᠷᠭᠡ ᠶᠢᠨ ᠱᠠᠭᠠᠷᠳᠠᠯᠭ᠎ᠠ ᠪᠣᠯᠣᠨ ᠦᠨᠳᠦᠰᠦᠨ ᠵᠠᠷᠴᠢᠮ ᠢᠶᠠᠨ ᠰᠠᠶᠢᠲᠤᠷ ᠠᠳᠬᠤᠵᠤ᠂ ᠭᠠᠵᠠᠷ ᠰᠢᠷᠤᠢ ᠨᠤᠲᠤᠭ ᠪᠡᠯᠴᠢᠭᠡᠷ ᠤᠨ ᠡᠷᠬᠡ ᠶᠢ ᠨᠣᠲᠠᠯᠠᠨ ᠳᠠᠩᠰᠠᠯᠠᠬᠤ ᠠᠵᠢᠯ ᠢ ᠡᠮᠬᠢ ᠵᠢᠷᠤᠮ ᠲᠠᠢ ᠪᠠᠲᠤᠲᠠᠢ ᠲᠦᠯᠬᠢᠨ ᠠᠬᠢᠭᠤᠯᠵᠤ᠂ ᠭᠠᠵᠠᠷ ᠰᠢᠷᠤᠢ ᠶᠢᠨ ᠡᠷᠬᠡ ᠶᠢ ᠨᠣᠲᠠᠯᠠᠨ ᠳᠠᠩᠰᠠᠯᠠᠵᠤ ᠦᠨᠡᠮᠯᠡᠯ ᠣᠯᠭᠤᠬᠤ ᠠᠵᠢᠯ ᠢ 2018 ᠣᠨ ᠤ ᠵᠢᠯ ᠤᠨ ᠡᠴᠦᠰ ᠪᠣᠯᠬᠤ ᠠᠴᠠ ᠡᠮᠦᠨ᠎ᠡ ᠪᠡᠶᠡᠯᠡᠭᠦᠯᠦᠨ᠂ ᠨᠤᠲᠤᠭ ᠪᠡᠯᠴᠢᠭᠡᠷ ᠤᠨ ᠡᠷᠬᠡ ᠶᠢ  ᠨᠣᠲᠠᠯᠠᠨ ᠳᠠᠭᠠᠭᠠᠴᠢᠯᠠᠭᠤᠯᠬᠤ ᠠᠵᠢᠯ ᠢ 2017 ᠣᠨ ᠤ ᠵᠢᠯ ᠤᠨ ᠡᠴᠦᠰ ᠪᠣᠯᠬᠤ ᠠᠴᠠ ᠡᠮᠦᠨ᠎ᠡ ᠪᠡᠶᠡᠯᠡᠭᠦᠯᠦᠨ᠎ᠡ᠃ ᠮᠠᠯᠴᠢᠨ ᠲᠠᠷᠢᠶᠠᠴᠢᠨ ᠪᠤᠰᠤ ᠬᠦᠮᠦᠰ ᠤᠨ ᠡᠵᠡᠯᠡᠵᠦ ᠬᠡᠷᠡᠭᠯᠡᠭᠰᠡᠨ ᠲᠠᠷᠢᠶᠠᠨ ᠭᠠᠵᠠᠷ᠂ ᠡᠪᠡᠰᠦᠨ ᠪᠡᠯᠴᠢᠭᠡᠷ ᠢ ᠰᠠᠶᠢᠲᠤᠷ ᠰᠢᠢᠳᠪᠦᠷᠢᠯᠡᠵᠦ᠂ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠦᠨᠡᠨ ᠬᠦ ᠬᠠᠮᠠᠭᠠᠯᠠᠬᠤ ᠬᠡᠷᠡᠭᠲᠡᠢ᠃ ᠭᠠᠵᠠᠷ ᠰᠢᠷᠤᠢ ᠶᠢᠨ ᠡᠷᠬᠡ ᠶᠢ ᠨᠣᠲᠠᠯᠠᠨ ᠳᠠᠩᠰᠠᠯᠠᠬᠤ ᠠᠵᠢᠯ ᠢ ᠭᠠᠵᠠᠷ ᠰᠢᠷᠤᠢ ᠶᠢ ᠥᠭᠡᠷᠡᠴᠢᠯᠡᠨ ᠵᠠᠰᠠᠬᠤ ᠲᠥᠷᠥᠯ ᠵᠦᠢᠯ᠂ ᠭᠠᠵᠠᠷ ᠰᠢᠷᠤᠢ ᠡᠪᠡᠰᠦᠨ ᠪᠡᠯᠴᠢᠭᠡᠷ ᠤᠨ ᠡᠷᠭᠢᠯᠲᠡ᠂ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠥᠭᠡᠷᠡᠴᠢᠯᠡᠯᠲᠡ ᠶᠢᠨ ᠶᠡᠷᠦᠩᠬᠡᠢ ᠦᠢᠯᠡᠳᠦᠯ ᠢ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠭᠰᠠᠨ ᠬᠦᠭᠵᠢᠯᠲᠡ ᠶᠢ ᠲᠦᠯᠬᠢᠨ ᠠᠬᠢᠭᠤᠯᠬᠤ ᠨᠡᠶᠢᠯᠡᠮᠡᠯ ᠬᠦᠴᠦᠨ ᠢ ᠪᠣᠢ  ᠪᠣᠯᠭᠠᠬᠤ ᠬᠡᠷᠡᠭᠲᠡᠢ᠃ ᠡᠷᠬᠡ ᠶᠢ ᠨᠣᠲᠠᠯᠠᠬᠤ ᠠᠵᠢᠯ ᠤᠨ ᠵᠠᠷᠤᠳᠠᠯ ᠢ ᠭᠦᠢᠴᠡᠳ ᠪᠠᠲᠤᠯᠠᠵᠤ᠂ ᠡᠷᠬᠡ ᠶᠢ ᠨᠣᠲᠠᠯᠠᠬᠤ ᠠᠵᠢᠯ ᠢ ᠡᠷᠬᠡ ᠲᠡᠭᠰᠢ᠂ ᠲᠥᠪ ᠭᠤᠣᠯᠴᠢ᠂ ᠠᠷᠠᠳᠴᠢᠯᠠᠯ ᠲᠠᠢ ᠪᠠᠷ ᠦᠷᠨᠢᠭᠦᠯᠦᠨ᠂ ᠨᠡᠶᠢᠭᠡᠮ ᠢ ᠲᠣᠭᠲᠠᠭᠤᠨ ᠪᠠᠶᠢᠯᠭᠠᠵᠤ ᠠᠶᠤᠯ ᠲᠦᠭᠰᠢᠭᠦᠷᠢ ᠶᠢᠨ ᠡᠵᠡᠮᠳᠡᠯ ᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠦᠴᠢᠷ ᠤᠳ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠢᠨᠠᠮᠠᠭᠠᠢ ᠬᠠᠷᠢᠭᠤᠴᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠨ᠂ ᠡᠷᠬᠡ ᠶᠢ ᠨᠣᠲᠠᠯᠠᠬᠤ ᠡᠭᠦᠷᠭᠡ ᠪᠠᠨ ᠬᠤᠭᠤᠴᠠᠭ᠎ᠠ ᠶᠤᠰᠤᠭᠠᠷ ᠲᠦᠭᠦᠷᠡᠩ ᠠᠮᠵᠢᠯᠲᠠ ᠲᠠᠢ  ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号