2 ᠳ᠋ᠤᠭᠠᠷ ᠰᠠᠷ᠎ᠡ ᠶᠢᠨ 24 ᠤ ᠡᠳᠦᠷ᠂ ᠪᠦᠬᠦ ᠤᠷᠤᠨ ᠤ ᠬᠢᠨᠠᠨ ᠪᠤᠳᠤᠬᠤ ᠠᠵᠢᠯ ᠤᠨ ᠲᠧᠯᠸᠢᠰ | ᠳ᠋ᠢᠶᠠᠩᠬᠤᠸᠠ ᠬᠤᠷᠠᠯ ᠬᠦᠬᠡᠬᠤᠲᠠ ᠳᠤ ᠬᠤᠷᠠᠯᠳᠤᠪᠠ᠃ ᠬᠤᠷᠠᠯ ᠳᠡᠭᠡᠷ᠎ᠠ ︽12· 5︾ ᠶᠢᠨ ᠲᠥᠯᠥᠪᠵᠢᠭᠦᠯᠭᠡ | ᠵᠢᠴᠢ 2015 ᠣᠨ ᠤ ᠪᠦᠬᠦ ᠤᠷᠤᠨ ᠤ ᠬᠢᠨᠠᠨ ᠪᠤᠳᠤᠬᠤ ᠠᠵᠢᠯ ᠳᠤ ᠳ᠋ᠦᠡᠭᠨᠡᠯᠲᠡ ᠬᠢᠵᠦ᠂ 2016 ᠣᠨ ᠤ | ᠬᠢᠨᠠᠨ ᠪᠤᠳᠤᠬᠤ ᠠᠵᠢᠯ ᠢ ᠪᠠᠶᠢᠷᠢᠯᠠᠭᠤᠯᠪᠠ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ ᠶᠢᠨ ᠱᠦᠵᠢ ᠸᠠᠩ ᠵᠢᠶᠦ᠋ᠨ ᠬᠤᠷᠠᠯ ᠳᠤ ᠴᠢᠬᠤᠯᠠ | ᠴᠤᠬᠤᠯᠠᠪᠤᠷᠢ ᠦᠭᠴᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠲᠡᠭᠡᠨ | ᠵᠠᠰᠠᠬᠤ ᠤᠷᠤᠨ ᠤ ᠲᠡᠷᠢᠭᠦᠯᠡᠭᠴᠢ ᠪᠠᠭᠠᠳᠤᠷ ᠬᠤᠷᠠᠯ ᠳᠤ ᠤᠷᠤᠯᠴᠠᠬᠰᠠᠨ ᠪᠦᠭᠡᠳ ᠶᠠᠷᠢᠶ᠎ᠡ ᠲᠠᠯᠪᠢᠵᠦ᠂ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶ᠎ᠡ ᠶᠢᠨ ᠪᠠᠶᠢᠡᠭᠭᠤ ᠶᠢᠨ ᠭᠡᠰᠢᠭᠦᠨ᠂ ᠦᠪᠡᠷᠲᠡᠭᠡᠨ ᠵᠠᠰᠠᠬᠤ ᠤᠷᠤᠨ ᠤ ᠳᠡᠳ᠋ | ᠲᠠᠷᠢᠭᠦᠯᠡᠭᠴᠢ ᠹᠦ᠋ ᠲᠠᠢ ᠽᠧᠩ ᠬᠤᠷᠠᠯ ᠡᠷᠬᠢᠯᠡᠪᠡ᠃ | ᠸᠠᠩ ᠵᠢᠶᠦ᠋ᠨ ᠴᠤᠬᠤᠯᠠᠪᠤᠷᠢ ᠳᠠᠭᠠᠨ᠂ ᠤᠢᠢᠷ᠎ᠡ ᠶᠢᠨ ᠬᠡᠳᠦᠨ ᠵᠢᠯ ᠤᠨ ᠪᠦᠬᠦ ᠤᠷᠤᠨ ᠤ ᠬᠢᠨᠠᠨ ᠪᠤᠳᠤᠬᠤ | ᠠᠵᠢᠯ ᠤᠨ ᠤᠯᠤᠬᠰᠡᠨ ᠠᠮᠵᠢᠯᠲᠠ ᠳᠤ ᠪᠦᠷᠢᠨ ᠭᠦᠢᠴᠡᠳ ᠨᠤᠲᠠᠯᠠᠯᠲᠠ ᠦᠭᠴᠦ᠂ ᠪᠦᠬᠦ ᠤᠷᠤᠨ ᠤ ᠡᠯ᠎ᠡ ᠱᠠᠳᠤᠨ | ᠤ ᠬᠢᠨᠠᠨ ᠪᠤᠳᠤᠬᠤ ᠪᠠᠶᠢᠭᠤᠯᠤᠯᠭ᠎ᠠ ᠶᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠨᠠᠮ ᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ ᠪᠦᠬᠦᠲᠡ ᠬᠤᠷᠠᠯ | ᠤᠨ ᠵᠤᠷᠢᠭ ᠰᠠᠨᠠᠭ᠎ᠠ ᠶᠢ ᠪᠦᠬᠦ ᠲᠠᠯ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ | ᠴᠢᠬᠤᠯᠠ ᠶᠠᠷᠢᠶ᠎ᠡ ᠪᠠ ᠦᠪᠦᠷ ᠮᠤᠩᠭᠤᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠡ ᠶᠢᠨ ᠵᠤᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠯᠢ ᠺᠧ ᠴᠢᠶᠠᠩ ᠶᠡᠷᠦᠩᠬᠡᠢ ᠰᠠᠶᠢᠳ ᠤᠨ ᠬᠢᠨᠠᠨ ᠪᠤᠳᠤᠬᠤ ᠶᠠᠮᠤᠨ ᠤ | ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠤᠨᠤᠰᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠦᠪ ᠤᠨ ᠠᠵᠦ ᠠᠬᠤᠢ ᠶᠢᠨ ᠠᠵᠢᠯ ᠤᠨ ᠬᠤᠷᠠᠯ ᠪᠠ ᠪᠦᠬᠦ | ᠤᠷᠤᠨ ᠤ ᠠᠵᠦ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠵᠤᠷᠢᠬᠲᠠᠢ ᠪᠠᠷ ᠡᠭᠦᠷᠭᠡᠯᠡᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠭᠡᠵᠤ᠂ ᠮᠠᠨ ᠤ ᠤᠷᠤᠨ ᠤ ᠬᠢᠨᠠᠨ ᠪᠤᠳᠤᠬᠤ ᠠᠵᠢᠯ ᠤᠨ ᠰᠢᠨ᠎ᠡ ᠲᠤᠬᠲᠠᠴᠠ ᠶᠢ ᠡᠭᠦᠳᠬᠦ ᠬᠡᠷᠡᠭᠳᠠᠢ᠃ | ᠬᠢᠨᠠᠨ ᠪᠤᠳᠤᠬᠤ ᠠᠵᠢᠯ ᠤᠨ ᠤᠢᠢᠯᠠᠭᠠᠬᠳᠠᠬᠤᠨ ᠤ ᠰᠢᠨ᠎ᠡ ᠶᠢ ᠡᠭᠦᠳᠴᠦ᠂ ᠤᠬᠠᠮᠰᠠᠷ ᠠᠴᠠ ᠪᠠᠨ ᠶᠡᠭᠡ ᠲᠠᠯ᠎ᠠ ᠳᠤ | ᠦᠢᠯᠡᠴᠢᠯᠡᠵᠦ᠂ ᠠᠵᠦ ᠠᠬᠤᠢ ᠶᠢᠨ ᠬᠦᠭᠵᠢᠯᠲᠠ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ | ᠵᠤᠬᠢᠴᠠᠵᠤ᠂ ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠤᠬᠢᠷᠳᠤᠯ ᠦᠭᠡᠢ᠂ ᠨᠡᠭᠡᠭᠡᠯᠲᠡ ᠬᠢᠬᠦ᠂ ᠬᠠᠮᠲᠤᠪᠡᠷ ᠡᠳ᠋ᠯᠡᠬᠦ | ᠬᠦᠭᠵᠢᠯᠲᠠ ᠶᠢᠨ ᠣᠨᠣᠯᠵᠢᠬᠤᠨ ᠢ ᠪᠠᠳᠤ ᠪᠤᠢ ᠪᠤᠯᠭᠠᠵᠤ᠂ ᠭᠤᠤᠯᠳᠠᠯᠭ᠎ᠠ ᠶᠢᠨ ᠲᠤᠭᠤᠷᠢᠨ ᠳᠤ᠂ ᠶᠡᠭᠡ ᠲᠠᠯ᠎ᠠ ᠳᠤ | ᠦᠢᠯᠡᠴᠢᠯᠡᠨ᠂ ᠠᠵᠢᠯᠯᠠᠭᠠᠨ ᠤ ᠲᠤᠬᠳᠠᠴᠠ ᠪᠠᠨ ᠲᠡᠭᠦᠯᠳᠡᠷᠵᠢᠭᠦᠯᠵᠤ᠂ ᠠᠵᠢᠯ ᠤᠨ ᠠᠷᠭ᠎ᠠ ᠪᠠᠷᠢᠯ ᠢᠶᠠᠨ | ᠰᠠᠶᠢᠵᠢᠷᠠᠭᠤᠯᠵᠤ᠂ ᠴᠠᠭ ᠦᠶ᠎ᠡ ᠲᠠᠢ ᠵᠡᠷᠭᠡᠪᠡᠷ ᠤᠷᠤᠬᠰᠢᠯᠠᠬᠤ ᠬᠢᠨᠠᠨ ᠪᠤᠳᠤᠬᠤ ᠠᠵᠢᠯ ᠢ ᠰᠠᠶᠢᠵᠢᠷᠠᠭᠤᠯᠤᠨ | ᠴᠢᠩᠭᠠᠳᠬᠠᠵᠤ᠂ ᠠᠵᠢᠯ ᠤᠨ ᠭᠤᠤᠯᠳᠠᠯᠭ᠎ᠠ ᠪᠠᠨ ᠲᠤᠪᠤᠶᠢᠯᠭᠠᠨ᠂ ᠬᠠᠤᠯᠢ ᠶᠤᠰᠤᠭᠠᠷ ᠬᠠᠷᠢᠭᠤᠴᠠᠯᠭ᠎ᠠ ᠡᠭᠦᠷᠭᠡᠯᠡᠵᠦ᠂ | ᠠᠵᠦ ᠠᠬᠤᠢ ᠶᠢᠨ ᠬᠦᠭᠵᠢᠯᠲᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠤᠭᠤᠷᠢᠨ ᠳᠤ᠂ | ᠬᠠᠨᠭ᠍ᠭᠠᠯᠭ᠎ᠠ ᠶᠢᠨ ᠲᠠᠯ᠎ᠡ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠠᠯᠲᠠ ᠶᠢ ᠠᠬᠢᠭᠤᠯᠤᠨ᠂ ᠬᠤᠷᠸ᠎ᠠ ᠡᠵᠡᠮᠰᠢᠯ | ᠲᠤᠬᠢᠷᠠᠭᠤᠯᠭ᠎ᠠ ᠶᠢ ᠰᠠᠶᠢᠵᠢᠷᠠᠭᠤᠯᠵᠦ᠂ ᠠᠵᠦ ᠦᠢᠯᠡᠰ ᠤᠨ ᠪᠦᠲᠦᠴᠡ ᠶᠢ ᠲᠤᠬᠢᠷᠠᠭᠤᠯᠤᠨ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠵᠦ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠵᠡᠷᠭᠡ | ᠭᠤᠤᠯᠳᠠᠯᠭ᠎ᠠ ᠲᠠᠢ ᠠᠵᠢᠯ ᠢ ᠠᠬᠢᠭᠤᠯᠤᠨ᠂ ︽ᠦᠢᠯᠡᠳᠪᠦᠷᠢᠯᠡᠯ ᠤᠨ ᠦᠯᠡᠭᠦᠦ ᠴᠢᠳᠠᠪᠤᠷᠢ ᠶᠢ ᠦᠭᠡᠶᠢᠰᠭᠡᠬᠦ᠂ | ᠬᠠᠳᠠᠭᠠᠯᠠᠮᠵᠢ ᠶᠢᠨ ᠦᠯᠡᠭᠦᠦ ᠶᠢ ᠦᠭᠡᠶᠢᠰᠬᠡᠬᠦ᠂ ᠬᠦᠰᠢᠬᠦᠷᠭᠡ ᠶᠢ ᠦᠭᠡᠶᠢᠰᠭᠡᠬᠦ᠂ ᠦᠪᠡᠷ ᠤᠨ ᠦᠷᠳᠡᠭ ᠢ | ᠪᠠᠭᠤᠷᠠᠭᠤᠯᠬᠤ᠂ ᠲᠤᠳᠠᠭᠤᠳᠠᠯ ᠢ ᠨᠦᠬᠦᠪᠦᠷᠢᠯᠡᠬᠦ︾ ᠲᠠᠪᠤᠨ ᠶᠡᠭᠡ ᠭᠤᠤᠯᠳᠠᠯᠭ᠎ᠠ ᠲᠠᠢ ᠡᠭᠦᠷᠭᠡ ᠶᠢ ᠲᠤᠪᠤᠶᠢᠯᠭᠠᠵᠦ᠂ | ᠤᠯᠠᠨ ᠨᠡᠶᠢᠲᠡ ᠶᠢᠨ ᠪᠡᠯᠡ ᠮᠦᠡᠭᠭᠦ ᠶᠢ ᠬᠡᠷᠡᠭᠯᠡᠬᠦ ᠬᠢᠷᠢ ᠪᠦᠲᠦᠮᠵᠢ ᠶᠢ ᠬᠢᠨᠠᠨ ᠪᠤᠳᠤᠵᠦ ᠬᠢᠨᠠᠯᠲᠠ ᠲᠠᠯᠪᠢᠬᠤ ᠠᠵᠢᠯ ᠢ | ᠨᠠᠷᠢᠨ ᠬᠢᠨᠠᠮᠠᠭᠠᠢ ᠰᠠᠶᠢᠳᠤᠷ ᠠᠳᠬᠤᠵᠦ᠂ ᠡᠳ᠋ ᠤᠨ ᠵᠠᠰᠠᠭ ᠠᠵᠦ ᠠᠬᠤᠢ ᠶᠢᠨ ᠬᠠᠷᠢᠭᠤᠴᠠᠯᠭ᠎ᠠ ᠪᠣᠯᠣᠨ ︽ | ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠵᠡᠷᠭᠡ ᠲᠦᠷᠦᠯ ᠵᠦᠢᠯ ᠢ ᠬᠢᠨᠠᠨ ᠪᠤᠳᠤᠬᠤ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠲᠤᠮᠵᠢ ᠪᠤᠯᠭᠠᠬᠤ ᠶᠢ ᠪᠠᠷᠢᠮᠲᠠᠯᠠᠨ᠂ ᠵᠤᠷᠢᠬᠲᠠᠢ ᠪᠠᠷ | ᠦᠭᠡᠷᠡᠴᠢᠯᠡᠯᠲᠡ ᠶᠢᠨ ᠰᠢᠨ᠎ᠡ ᠶᠢ ᠡᠭᠦᠳᠴᠦ᠂ ᠰᠢᠨ᠎ᠡ ᠬᠡᠪ ᠪᠠᠶᠢᠳᠠᠯ ᠲᠤᠤᠷᠠᠬᠢ ᠬᠢᠨᠠᠨ ᠪᠤᠳᠤᠬᠤ ᠠᠵᠢᠯ ᠤᠨ | ᠤᠨᠴᠠᠯᠢᠭ ᠪᠠ ᠵᠢᠮ᠎ᠡ ᠶᠤᠰᠤ ᠶᠢ ᠭᠦᠨᠵᠡᠭᠡᠢ ᠰᠤᠳᠤᠯᠵᠦ᠂ ᠰᠢᠨ᠎ᠡ ᠪᠠᠶᠢᠳᠠᠯ ᠲᠤᠤᠷᠠᠬᠢ ᠬᠢᠨᠠᠨ ᠪᠤᠳᠤᠬᠤ ᠠᠵᠢᠯ ᠳᠤ | ᠲᠤᠯᠭᠠᠷᠠᠬᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠵᠦ᠂ ᠵᠦᠷᠢᠶ᠎ᠡ ᠪᠠ ᠬᠦᠷᠦᠯᠴᠡᠬᠦ | ᠦᠭᠡᠢ ᠲᠠᠯ᠎ᠡ ᠪᠠᠨ ᠭᠦᠨᠵᠡᠭᠡᠢ ᠡᠷᠢᠵᠦ᠂ ᠬᠢᠨᠠᠨ ᠪᠤᠳᠤᠬᠤ ᠲᠦᠷᠢᠮ ᠲᠤᠬᠲᠠᠴᠠ ᠶᠢᠨ ᠲᠠᠯ᠎ᠠ ᠪᠠᠷ ᠬᠢ ᠵᠦᠷᠢᠶ᠎ᠠ ᠪᠠ | ᠭᠦᠢᠴᠡᠳ ᠦᠭᠡᠢ ᠲᠠᠯ᠎ᠠ ᠪᠠᠨ ᠡᠷᠢᠬᠦ ᠬᠡᠷᠡᠭᠳᠠᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ | ᠤᠳᠤᠷᠢᠳᠬᠤ ᠪᠠᠭ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠪᠠᠨ ᠦᠨᠡᠨᠬᠦ ᠴᠢᠩᠭᠠᠳᠬᠠᠵᠦ᠂ ᠬᠢᠨᠠᠨ ᠪᠤᠳᠤᠬᠤ | ᠠᠵᠢᠯᠲᠠᠨ ᠤ ᠬᠠᠤᠯᠢ ᠶᠤᠰᠤᠭᠠᠷ ᠡᠷᠬᠡ ᠪᠠᠨ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ ᠭᠡᠵᠠᠢ᠃ | ᠪᠠᠭᠠᠳᠤᠷ ᠲᠠᠷᠢᠭᠦᠯᠡᠭᠴᠢ ᠴᠢᠬᠤᠯᠠᠴᠢᠯᠠᠬᠰᠠᠨ ᠨᠢ᠂ ᠪᠦᠬᠦ ᠤᠷᠤᠨ ᠤ ᠡᠯ᠎ᠡ ᠱᠠᠳᠤᠨ ᠤ ᠬᠢᠨᠠᠨ ᠪᠤᠳᠤᠬᠤ | ᠪᠠᠶᠢᠭᠤᠯᠤᠯᠭ᠎ᠠ ᠸᠠᠩ ᠵᠢᠶᠦ᠋ᠨ ᠱᠦᠵᠢ ᠶᠢᠨ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠡᠷᠢᠨ ᠬᠢᠨᠠᠮᠠᠭᠠᠢ | ᠲᠤᠤᠱᠯᠠᠭᠤᠯᠵᠦ᠂ ᠬᠠᠨᠲᠤᠰᠢ ᠡᠭᠦᠷᠭᠡ ᠶᠢ ᠵᠦᠪ ᠤᠨᠤᠪᠴᠢᠳᠠᠢ ᠡᠵᠡᠮᠳᠡᠵᠤ᠂ ᠰᠤᠷᠤᠯᠴᠠᠯᠭ᠎ᠠ ᠰᠤᠳᠤᠯᠤᠯᠭ᠎ᠠ ᠪᠠᠨ | ᠴᠢᠩᠭᠠᠳᠬᠠᠨ᠂ ᠬᠢᠨᠠᠨ ᠪᠤᠳᠤᠬᠤ ᠣᠨᠣᠯᠵᠢᠬᠤᠨ ᠤ ᠰᠢᠨ᠎ᠡ ᠶᠢ ᠡᠭᠦᠳᠴᠤ᠂ ᠬᠢᠨᠠᠨ ᠪᠤᠳᠤᠬᠤ ᠠᠵᠢᠯ ᠢ ᠪᠦᠬᠦ | ᠲᠠᠯ᠎ᠠ ᠪᠠᠷ ᠰᠠᠶᠢᠳᠤᠷ ᠬᠢᠵᠤ᠂ ᠲᠦᠪ ᠤᠨ ᠪᠠ ᠦᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠲᠦᠷᠦ ᠶᠢᠨ | ᠪᠤᠳᠤᠯᠭ᠎ᠠ ᠶᠢᠨ ᠪᠠᠶᠢᠷᠢᠯᠠᠭᠤᠯᠤᠯᠲᠠ᠂ ᠡᠳ᠋ ᠤᠨ ᠵᠠᠰᠠᠭ ᠤᠨ ᠪᠡᠯᠡ ᠮᠦᠡᠭᠭᠦ᠂ ︽ᠠᠷᠪᠠ ᠶᠢ ᠪᠦᠷᠢᠨ ᠪᠦᠷᠬᠦᠭᠦᠯᠬᠦ︾ | ᠪᠠ ᠶᠠᠳᠠᠭᠤ ᠶᠢ ᠲᠡᠳᠭᠦᠬᠦ ᠵᠡᠷᠭᠡ ᠠᠷᠠᠳ ᠤᠨ ᠠᠮᠢᠲᠤᠷᠠᠯ ᠤᠨ ᠪᠡᠯᠡ ᠮᠦᠡᠭᠭᠦ᠂ ᠵᠠᠰᠠᠭ ᠤᠨ ᠤᠷᠳᠤᠨ ᠤ ᠦᠷᠢ ᠶᠢ | ᠬᠢᠨᠠᠨ ᠪᠤᠳᠤᠬᠤ ᠠᠵᠢᠯ ᠢ ᠰᠠᠶᠢᠳᠤᠷ ᠠᠳᠬᠤᠵᠦ᠂ ᠲᠤᠬᠳᠠᠭᠤᠨ ᠦᠰᠦᠯᠲᠠ᠂ ᠪᠦᠲᠦᠴᠡ ᠶᠢᠨ ᠲᠤᠬᠢᠷᠠᠭᠤᠯᠤᠯᠲᠠ᠂ | ᠠᠷᠠᠳ ᠳᠤ ᠠᠰᠢᠭ ᠬᠦᠷᠳᠡᠭᠡᠬᠦ᠂ ᠠᠶᠤᠯ ᠲᠦᠭᠰᠢᠭᠦᠷᠢ ᠠᠴᠠ ᠰᠡᠷᠭᠡᠶᠢᠯᠡᠬᠦ ᠳᠤ ᠨᠡᠩ ᠰᠠᠶᠢᠨ ᠦᠢᠯᠡᠴᠢᠯᠡᠭᠡ ᠪᠠ | ᠪᠠᠲᠤᠯᠠᠭ᠎ᠠ ᠬᠠᠨᠭ᠍ᠭᠠᠬᠤ ᠬᠡᠷᠡᠭᠳᠠᠢ︔ ᠬᠠᠨᠭ᠍ᠭᠠᠯᠭ᠎ᠠ ᠶᠢᠨ ᠳᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ | ᠲᠠᠪᠤᠨ ᠶᠡᠭᠡ ᠡᠭᠦᠷᠭᠡ᠂ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ | ᠪᠠᠶᠠᠯᠢᠭ ᠤᠨ ᠬᠢᠨᠠᠨ ᠪᠤᠳᠤᠯᠲᠠ ᠵᠡᠷᠭᠡ ᠴᠢᠬᠤᠯᠠ ᠶᠡᠭᠡ ᠦᠭᠡᠷᠡᠴᠢᠯᠡᠯᠲᠡ ᠪᠠᠶᠢᠷᠢᠯᠠᠭᠤᠯᠤᠯᠲᠠ ᠶᠢᠨ ᠬᠢᠨᠠᠨ ᠪᠤᠳᠤᠵᠤ | ᠬᠢᠨᠠᠨ ᠪᠠᠶᠢᠴᠠᠭᠠᠬᠤ ᠠᠵᠢᠯ ᠢ ᠯᠠᠪᠳᠠᠭᠤᠨ ᠪᠠᠳᠤᠲᠠᠢ ᠠᠳᠬᠤᠬᠤ ᠬᠡᠷᠡᠭᠳᠠᠢ︔ ᠬᠢᠨᠠᠨ ᠪᠤᠳᠤᠯᠳᠠ ᠶᠢᠨ ᠵᠠᠰᠠᠭ | ᠵᠠᠬᠢᠷᠭᠠᠨ ᠤ ᠡᠷᠬᠡ ᠶᠢᠨ ᠬᠡᠷᠡᠭᠵᠢᠭᠦᠯᠦᠯᠲᠡ ᠶᠢᠨ ᠲᠦᠷᠢᠮᠵᠢᠭᠦᠯᠦᠯᠳᠡ ᠲᠤᠮᠳᠠᠬᠢ ᠪᠦᠲᠦᠭᠡᠨ ᠪᠠᠶᠢᠭᠤᠯᠤᠯᠲᠠ ᠶᠢᠨ | ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠦ᠂ ᠵᠠᠰᠠᠭ ᠢ ᠴᠤᠮᠬᠠᠳᠬᠠᠨ ᠡᠷᠬᠡ ᠶᠢ ᠲᠠᠯᠪᠢᠬᠤ᠂ ᠵᠠᠰᠠᠭ ᠤᠨ | ᠤᠷᠳᠤᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠵᠡᠷᠭᠡ ᠲᠠᠯ᠎ᠡ ᠶᠢᠨ ᠤᠷᠤᠰᠢᠵᠦ ᠪᠠᠶᠢᠭ᠎ᠠ ᠠᠰᠠᠭᠤᠳᠠᠯ ᠢ | ᠢᠳᠡᠪᠬᠢᠲᠡᠢ ᠢᠯᠡᠴᠢᠯᠡᠨ ᠢᠯᠡᠷᠡᠭᠦᠯᠵᠦ᠂ ᠦᠪᠡᠷᠲᠡᠭᠡᠨ ᠵᠠᠰᠠᠬᠤ ᠤᠷᠤᠨ ᠢ ᠪᠦᠬᠦ ᠲᠠᠯ᠎ᠡ ᠪᠠᠷ ᠬᠠᠤᠯᠢ ᠪᠠᠷ ᠵᠠᠰᠠᠬᠤ ᠳᠤ | ᠨᠡᠩ ᠰᠠᠶᠢᠨ ᠦᠢᠯᠡᠴᠢᠯᠡᠭᠡ ᠪᠠ ᠪᠠᠲᠤᠯᠠᠭ᠎ᠠ ᠶᠢ ᠬᠠᠨᠭ᠍ᠭᠠᠬᠤ ᠬᠡᠷᠡᠭᠳᠠᠢ︔ ᠤᠳᠤᠷᠢᠳᠬᠤ ᠺᠠᠳ᠋ᠷ ᠤᠨ ᠠᠵᠦ ᠠᠬᠤᠢ ᠶᠢᠨ | ᠬᠠᠷᠢᠭᠤᠴᠠᠯᠭ᠎ᠠ ᠶᠢ ᠬᠢᠨᠠᠨ ᠪᠤᠳᠤᠬᠤ ᠡᠷᠴᠢᠮ ᠢᠶᠠᠨ ᠴᠢᠩᠭᠠᠳᠬᠠᠵᠦ᠂ ᠴᠢᠭᠡᠴᠢ ᠵᠠᠰᠠᠭ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠲᠦᠷᠢᠮ ᠤᠨ ᠨᠠᠶᠢᠲᠠᠪᠤᠷᠢᠵᠢᠭᠤᠯᠤᠯᠲᠠ ᠶᠢ ᠠᠬᠢᠭᠤᠯᠵᠦ᠂ ᠪᠦᠬᠦ ᠲᠠᠯ᠎ᠡ ᠪᠠᠷ ᠨᠠᠮ ᠢ ᠴᠢᠩᠭ᠎ᠠ | ᠵᠠᠰᠠᠬᠤ ᠳᠤ ᠨᠡᠩ ᠰᠠᠶᠢᠨ ᠦᠢᠯᠡᠴᠢᠯᠡᠭᠡ ᠪᠣᠯᠣᠨ ᠪᠠᠳᠤᠯᠠᠭ᠎ᠠ ᠬᠠᠨᠭ᠍ᠭᠠᠬᠤ ᠬᠡᠷᠡᠭᠳᠠᠢ ᠭᠡᠪᠡ᠃ | ᠪᠠᠭᠠᠲᠤᠷ ᠱᠠᠭᠠᠷᠳᠠᠬᠰᠡᠨ ᠨᠢ᠂ ᠡᠯ᠎ᠡ ᠱᠠᠳᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠵᠢᠴᠢ ᠬᠠᠮᠢᠶ᠎ᠡ | ᠪᠦᠬᠦᠢ ᠰᠠᠯᠠᠭ᠎ᠠ ᠮᠦᠴᠢᠷ ᠡᠷᠬᠡᠪᠰᠢ ᠬᠢᠨᠠᠨ ᠪᠤᠳᠤᠬᠤ ᠠᠵᠢᠯ ᠤᠨ ᠦᠭᠡᠷᠡᠴᠢᠯᠡᠯᠲᠡ ᠰᠢᠨ᠎ᠡ ᠶᠢ ᠡᠭᠦᠳᠬᠦ ᠪᠠ | ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠦ᠂ ᠨᠠᠮ ᠤᠨ ᠲᠦᠪ ᠬᠤᠷᠢᠶᠠᠨ ᠤ ᠠᠯᠪᠠᠨ | ᠲᠢᠩᠭᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠤᠨ ︽ᠬᠢᠨᠠᠨ ᠪᠤᠳᠤᠬᠤ ᠲᠦᠷᠢᠮ ᠢ | ᠲᠠᠭᠦᠯᠳᠡᠷᠵᠢᠭᠦᠯᠬᠦ ᠴᠢᠬᠤᠯᠠ ᠶᠡᠭᠡ ᠠᠰᠠᠭᠤᠳᠠᠯ ᠤᠨ ᠲᠤᠬᠠᠢ ᠪᠦᠳᠦᠭᠦᠪᠴᠢ ᠰᠠᠨᠠᠯ ᠤᠳ︾ ᠵᠢᠴᠢ ᠬᠠᠮᠢᠶ᠎ᠡ ᠪᠦᠬᠦᠢ | ᠢᠵᠢ ᠲᠦᠬᠦᠷᠵᠢᠭᠰᠡᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠨᠠᠮ ᠵᠠᠰᠠᠭ ᠬᠠᠮᠲᠦ ᠪᠠᠷ | ᠬᠠᠷᠢᠭᠤᠴᠠᠬᠤ᠂ ᠬᠠᠮᠲᠦ ᠪᠠᠷ ᠬᠠᠷᠢᠭᠤᠴᠠᠵᠤ ᠬᠠᠮᠳᠤ ᠪᠠᠷ ᠬᠢᠨᠠᠨ ᠪᠤᠳᠤᠬᠤ ᠶᠢ ᠪᠠᠷᠢᠮᠳᠠᠯᠠᠵᠤ᠂ ᠤᠯᠠᠨ ᠨᠡᠶᠢᠲᠠ ᠶᠢᠨ | ᠪᠡᠯᠡ ᠮᠦᠡᠭᠭᠦ᠂ ᠤᠯᠤᠰ ᠤᠨ ᠦᠮᠴᠢᠯᠡᠯ ᠤᠨ ᠬᠦᠷᠦᠩᠭᠡ᠂ ᠤᠯᠤᠰ ᠤᠨ ᠦᠮᠴᠢᠯᠡᠯ ᠤᠨ ᠡᠬᠢ ᠪᠠᠶᠠᠯᠢᠭ ᠪᠠ | ᠤᠳᠤᠷᠢᠳᠬᠤ ᠺᠠᠳ᠋ᠷ ᠤᠨ ᠠᠵᠦ ᠠᠬᠤᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠭᠰᠡᠨ ᠪᠠᠶᠢᠳᠠᠯ ᠳᠤ ᠬᠢᠨᠠᠨ | ᠪᠤᠳᠤᠯᠲᠠ ᠬᠢᠬᠦ ᠶᠢ ᠪᠦᠬᠦ ᠲᠠᠯ᠎ᠠ ᠪᠠᠷ ᠪᠦᠷᠬᠦᠭᠦᠯᠬᠦ ᠬᠡᠷᠡᠭᠳᠠᠢ ᠭᠡᠵᠠᠢ᠃ | ᠦᠪᠡᠷᠲᠡᠭᠡᠨ ᠵᠠᠰᠠᠬᠤ ᠤᠷᠤᠨ ᠤ ᠬᠠᠮᠢᠶ᠎ᠡ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠭᠤᠤᠯ | ᠬᠤᠷᠠᠯ ᠤᠨ ᠲᠠᠯᠠᠪᠠᠢ ᠳᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠬᠠᠷᠢᠭᠤᠴᠠᠯᠭᠠᠲᠠᠳ ᠬᠤᠪᠢᠶᠠᠷᠢ ᠬᠤᠷᠠᠯ | ᠤᠨ ᠲᠠᠯᠠᠪᠠᠢ ᠳᠤ ᠬᠤᠷᠠᠯ ᠳᠤ ᠤᠷᠤᠯᠴᠠᠪᠠ᠃ |