| | | ﹇ᠯᠢ ᠺᠧ ᠴᠢᠶᠠᠩ ᠭᠤᠸᠠᠩᠳᠦ᠋ᠩ ᠮᠤᠵᠢ ᠶᠢᠨ ︽ᠵᠣᠷᠢᠭᠲᠠᠶ ᠪᠠᠷ ᠲᠦᠷᠦᠭᠦᠯᠡᠬᠦ︾ ᠵᠣᠷᠢᠭ ᠰᠠᠨᠠᠭ᠎ᠠ ᠲᠠᠢ᠂ | ︽ᠣᠷᠣ ᠦᠭᠡᠶ ᠭᠠᠵᠠᠷ ᠣᠪᠣᠭ᠎ᠠ ᠪᠣᠰᠬᠠᠬᠤ︾ ᠴᠢᠳᠠᠪᠤᠷᠢ ᠶᠢ ᠮᠠᠭᠲᠠᠨ ᠰᠠᠶᠢᠰᠢᠶᠠᠪᠠ﹈ ᠶᠡᠷᠦᠩᠬᠡᠶ ᠰᠠᠶᠢᠳ ᠯᠢ ᠺᠧ | ᠴᠢᠶᠠᠩ 9 ᠤ ᠡᠳᠦᠷ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ ᠣᠷᠣᠯᠴᠠᠭᠰᠠᠨ ᠭᠤᠸᠠᠩᠳᠦ᠋ᠩ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠬᠡᠯᠡᠭᠰᠡᠨ ᠨᠢ᠂ ᠭᠤᠸᠠᠩᠳᠦ᠋ᠩ ᠤᠨ ᠠᠵᠤ ᠠᠬᠤᠶ | ᠨᠡᠶᠢᠭᠡᠮ ᠤᠨ ᠡᠯ᠎ᠡ ᠵᠦᠢᠯ ᠤᠨ ᠭᠦᠢᠴᠡᠳᠬᠡᠬᠦ ᠲᠤᠭ᠎ᠠ ᠨᠢ ᠴᠥᠮ ᠪᠦᠬᠦ ᠤᠯᠤᠰ ᠤᠨ ᠡᠮᠦᠨ᠎ᠡ ᠡᠩᠨᠡᠭᠡᠨ ᠳᠤ ᠶᠠᠪᠤᠵᠤ | ᠪᠤᠢ᠂ ᠡᠨᠡ ᠨᠢ ᠭᠤᠸᠠᠩᠳᠦ᠋ᠩ ᠤᠨ ᠬᠢᠨ ᠤ ᠠᠵᠢᠯ ᠳᠠᠭᠠᠨ ᠭᠠᠷᠮᠠᠭᠠᠢ ᠮᠥᠷᠲᠡᠭᠡᠨ ᠠᠵᠢᠯ ᠢᠶᠠᠨ ᠰᠠᠶᠢᠨ ᠬᠢᠵᠦ | ᠪᠠᠶᠢᠭ᠎ᠠ ᠶᠢᠨ ᠢᠯᠡᠷᠡᠯ ᠮᠦᠨ᠃ ᠭᠤᠸᠠᠩᠳᠦ᠋ᠩ ᠤᠨ ᠬᠢᠨ ︽ᠵᠣᠷᠢᠭᠲᠠᠶ ᠪᠠᠷ ᠲᠦᠷᠦᠭᠦᠯᠡᠬᠦ︾ ᠵᠣᠷᠢᠭ ᠰᠠᠨᠠᠭ᠎ᠠ | ᠲᠠᠢ ᠪᠠᠶᠢᠬᠤ ᠪᠠᠷ ᠪᠠᠷᠠᠬᠤ ᠦᠭᠡᠢ ᠪᠠᠰᠠ ︽ᠣᠷᠣ ᠦᠭᠡᠶ ᠭᠠᠵᠠᠷ ᠣᠪᠣᠭ᠎ᠠ ᠪᠣᠰᠬᠠᠬᠤ︾ ᠴᠢᠳᠠᠪᠤᠷᠢ ᠲᠠᠢ ᠪᠠᠶᠢᠨ᠎ᠠ᠃ | ᠲᠦᠷᠦ ᠶᠢᠨ ᠪᠤᠳᠤᠯᠭ᠎ᠠ ᠥᠭᠳᠡᠭ ᠯᠡ ᠶᠤᠮ ᠪᠣᠯ᠂ ᠢᠵᠢ ᠪᠦᠷᠢᠳᠦᠭᠦᠯᠬᠦ ᠪᠡᠯᠡ ᠮᠥᠩᠭᠦ ᠦᠭᠡᠶ ᠴᠦ ᠭᠡᠰᠡᠨ | ᠲᠡᠭᠦᠨ ᠤ ᠳᠤᠮᠳᠠ ᠠᠴᠠ ︽ᠠᠯᠲᠠ︾ ᠮᠠᠯᠲᠠᠭᠠᠳ ᠭᠠᠷᠭᠠᠵᠤ ᠴᠢᠳᠠᠵᠤ ᠪᠠᠶᠢᠨ᠎ᠠ ᠭᠡᠪᠡ᠃ | |