| | | | | | | 【 ᠯᠢ ᠺᠧ ᠴᠢᠶᠠᠩ᠄ ᠭᠤᠸᠠᠩᠳᠦ᠋ᠩ ᠳᠤ ᠬᠦᠰᠡᠬᠦ ᠨᠢ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ | ᠨᠡᠩ ᠶᠡᠭᠡ ᠦᠢᠯᠡᠳᠦᠯ ᠪᠠᠳᠠᠷᠠᠭᠤᠯᠵᠦ ᠪᠥᠬᠦ ᠤᠯᠤᠰ ᠢ ᠳᠠᠶᠢᠴᠢᠯᠠᠬᠤ ᠬᠡᠷᠡᠭᠲᠡᠢ】 ᠶᠡᠷᠦᠩᠬᠡᠶ ᠰᠠᠶᠢᠳ ᠯᠢ ᠺᠧ | ᠴᠢᠶᠠᠩ 9 ᠤ ᠡᠳᠦᠷ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ ᠣᠷᠣᠯᠴᠠᠨ ᠭᠤᠸᠠᠩᠳᠦ᠋ᠩ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠬᠡᠯᠡᠭᠰᠡᠨ ᠨᠢ᠂ ᠭᠤᠸᠠᠩᠳᠦ᠋ᠩ ᠮᠤᠵᠢ ᠶᠢᠨ ᠠᠵᠤ | ᠠᠬᠤᠶ ᠶᠢᠨ ᠬᠡᠮᠵᠢᠶ᠎ᠡ ᠨᠢ ᠶᠡᠭᠡ᠂ ᠳᠠᠶᠢᠴᠢᠯᠠᠬᠤ ᠬᠦᠴᠦᠨ ᠢᠶᠠᠷ ᠴᠢᠩᠭ᠎ᠠ ᠪᠠᠶᠢᠳᠠᠯ᠂ ᠤᠯᠤᠰ ᠲᠤ ᠨᠡᠩ ᠶᠡᠭᠡ ᠬᠤᠪᠢ | ᠨᠡᠮᠡᠷᠢ ᠪᠠᠨ ᠦᠵᠡᠭᠦᠯᠬᠦ ᠬᠡᠷᠡᠭᠲᠡᠶ᠃ ᠲᠥᠪ ᠠᠴᠠ ᠲᠠ ᠨᠠᠷ ᠲᠤ ᠨᠠᠩ ᠤᠯᠠᠨ ᠲᠦ᠋ᠷᠦ ᠶᠢᠨ ᠪᠤᠳᠤᠯᠭ᠎ᠠ ᠶᠢᠨ ᠴᠢᠨᠠᠷᠲᠠᠶ | ᠳᠡᠮᠵᠢᠯᠭᠡ ᠦᠵᠡᠭᠦᠯᠦᠨ᠎ᠡ᠃ ᠭᠤᠸᠠᠩᠳᠦ᠋ᠩ ᠮᠤᠵᠢ ᠥᠭᠡᠷᠡᠴᠢᠯᠡᠯᠲᠡ ᠨᠡᠭᠡᠭᠡᠯᠳᠡ ᠶᠢᠨ ᠳᠤᠮᠳᠠ ᠰᠠᠶᠢᠨ | ᠲᠠᠭᠠᠭᠤᠯᠤᠭᠴᠢ ᠪᠣᠯᠵᠦ ᠪᠠᠶᠢᠨ᠎ᠠ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ᠂ ᠠᠵᠤ ᠠᠬᠤᠶ ᠶᠢᠨ ᠪᠠᠭᠤᠷᠠᠬᠤ | ᠳᠠᠷᠤᠯᠲᠠ ᠶᠢ ᠲᠤᠯᠬᠤ ᠳᠤ ᠬᠦᠴᠦᠲᠡᠶ ᠲᠦᠰᠢᠭ ᠲᠤᠯᠭᠠᠭᠤᠷᠢ ᠬᠠᠩᠭᠠᠵᠦ ᠬᠡᠷᠡᠭᠲᠡᠶ᠂ ᠨᠡᠩ ᠶᠡᠭᠡ ᠦᠢᠯᠡᠳᠦᠯ | ᠪᠠᠳᠠᠷᠠᠭᠤᠯᠵᠦ ᠪᠥᠬᠦ ᠤᠯᠤᠰ ᠢ ᠳᠠᠶᠢᠴᠢᠯᠠᠬᠤ ᠶᠢ ᠬᠦᠰᠡᠵᠦ ᠪᠠᠶᠢᠨ᠎ᠠ ᠭᠡᠵᠡᠢ᠃ |