3 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠠᠷᠪᠠᠨ ᠬᠤᠶᠠᠳᠤᠭᠠᠷ ᠬᠤᠭᠤᠴᠠᠭᠠᠨ ᠤ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ | ᠣᠷᠣᠯᠴᠠᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠪᠥᠬᠦ ᠪᠦᠯᠬᠦᠮ ᠤᠨ ᠬᠤᠷᠠᠯ ᠬᠢᠪᠡ᠂ ᠲᠤᠰ | ᠤᠳᠠᠭᠠᠨ ᠤ ᠬᠤᠷᠠᠯ ᠳᠤ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠢ ᠴᠢᠯᠤᠭᠡᠲᠡᠢ ᠣᠷᠣᠯᠴᠠᠭᠤᠯᠪᠠ᠃ ︽ | ᠠᠷᠠᠳ ᠤᠨ ᠡᠳᠦᠷ ᠤᠨ ᠰᠣᠨᠢᠨ︾᠂ ᠰᠢᠨᠬᠤᠸᠠ ᠬᠤᠷᠢᠶ᠎ᠠ᠂ ᠲᠥᠪ ᠤᠨ ᠠᠷᠠᠳ ᠤᠨ ᠷᠠᠳᠢᠤ᠋ ᠨᠡᠪᠲᠡᠷᠡᠭᠦᠯᠭᠡ ᠶᠢᠨ | ᠬᠤᠷᠢᠶ᠎ᠠ᠂ ᠲᠥᠪ ᠤᠨ ᠲᠧᠯᠸᠢᠰ ᠬᠤᠷᠢᠶ᠎ᠠ᠂ ᠰᠢᠶᠠᠩᠭᠠᠩ ᠤᠨ ︽ᠳ᠋ᠠ ᠬᠥᠩ ᠪᠦᠦ ᠰᠣᠨᠢᠨ︾ ᠪᠠ ᠷᠥᠲ᠋ᠧᠷᠰ | ᠬᠤᠷᠢᠶ᠎ᠠ᠂ ︽ᠸᠤᠯ ᠵᠡᠭᠡᠯᠢ ᠶᠢᠨ ᠡᠳᠦᠷ ᠤᠨ ᠰᠣᠨᠢᠨ︾᠂ ᠶᠠᠫᠣᠨ ᠤ ᠨᠢᠭᠡᠳᠦᠭᠰᠡᠨ ᠴᠢᠮᠡᠭᠡᠯᠡᠯ ᠤᠨ ᠬᠤᠷᠢᠶ᠎ᠠ ᠵᠡᠷᠭᠡ | ᠤᠯᠤᠰ ᠤᠨ ᠳᠣᠲᠣᠭᠠᠳᠤ ᠭᠠᠳᠠᠭᠠᠳᠤ ᠶᠢᠨ 38 ᠵᠠᠭᠤᠴᠢᠯᠠᠭᠤᠷ ᠤᠨ ᠰᠤᠷᠪᠤᠯᠵᠢᠯᠠᠭᠴᠢ ᠨᠢᠭᠡ ᠲᠠᠩᠬᠢᠮ ᠳᠤ | ᠴᠤᠭᠯᠠᠷᠠᠵᠤ᠂ ᠥᠪᠥᠷ ᠮᠣᠩᠭᠤᠯ ᠳᠤ ᠶᠢᠰᠤᠨ ᠠᠰᠠᠭᠤᠯᠲᠠ ᠲᠠᠯᠪᠢᠪᠠ᠂ ᠲᠥᠯᠥᠭᠡᠯᠡᠭᠴᠢᠳ ᠠᠴᠠ ᠡᠯ᠎ᠡ | ᠵᠠᠭᠤᠴᠢᠯᠠᠭᠤᠷ ᠤᠨ ᠬᠢᠨ ᠳᠤ᠂ ᠪᠦᠬᠦ ᠤᠯᠤᠰ ᠤᠨ ᠠᠷᠠᠳ ᠲᠦᠮᠡᠨ ᠳᠤ᠂ ᠪᠦᠬᠦ ᠳᠡᠯᠡᠬᠡᠶ ᠳᠤ ᠬᠠᠷᠢᠭᠤᠯᠲᠠ | ᠥᠭᠭᠦᠭᠰᠡᠨ ᠪᠠᠶᠢᠨ᠎ᠠ᠃ | ᠠᠰᠠᠭᠤᠯᠲᠠ ᠨᠢᠭᠡ᠄ ︽12.5︾ ᠶᠢᠨ ᠬᠤᠭᠤᠴᠠᠭᠠᠨ ᠤ ᠬᠠᠮᠤᠭ ᠤᠨ ᠶᠡᠭᠡ ᠭᠢᠯᠠᠰ ᠴᠢᠭ᠋ ᠨᠢ ᠶᠠᠭᠤ ᠪᠤᠢ︖ | | | ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ᠥᠪᠥᠷ ᠮᠣᠩᠭᠤᠯ ᠤᠨ ᠡᠨᠡ ᠬᠡᠳᠦᠨ ᠵᠢᠯ ᠤᠨ ᠬᠥᠭᠵᠢᠯᠲᠡ | ᠭᠠᠳᠠᠭᠠᠳᠤ ᠶᠢᠨ ᠬᠢᠨ ᠤ ᠠᠩᠬᠠᠷᠤᠯ ᠢ ᠣᠨᠴᠠᠭᠠᠢ ᠲᠠᠲᠠᠪᠠ᠂ ᠲᠡᠭᠡᠪᠡᠯ ᠥᠪᠥᠷ ᠮᠣᠩᠭᠤᠯ ᠥᠩᠭᠡᠷᠡᠭᠰᠡᠨ 5 ᠵᠢᠯ ᠳᠤ | ᠶᠠᠮᠠᠷ ᠶᠠᠮᠠᠷ ᠭᠤᠣᠯ ᠠᠮᠵᠢᠯᠲᠠ ᠣᠯᠤᠭᠰᠠᠨ ᠪᠣᠢ᠂ ᠬᠠᠮᠤᠭ ᠤᠨ ᠶᠡᠭᠡ ᠭᠢᠯᠠᠰ ᠴᠢᠭ᠋ ᠨᠢ ᠶᠠᠭᠤ ᠪᠤᠢ︖ | ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠱᠦᠵᠢ ᠸᠠᠩ ᠵᠢᠶᠦ᠋ᠨ᠄ ︽12.5︾ ᠶᠢᠨ ᠬᠤᠭᠤᠴᠠᠭ᠎ᠠ ᠪᠣᠯ ᠥᠪᠥᠷ ᠮᠣᠩᠭᠤᠯ ᠤᠨ ᠶᠡᠷᠦ ᠪᠤᠰᠤ ᠶᠢᠨ ᠲᠠᠪᠤᠨ | ᠵᠢᠯ ᠮᠥᠨ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠮᠡᠳᠡᠭᠳᠡᠬᠦ᠋ᠢᠴᠡ ᠠᠮᠵᠢᠯᠲᠠ ᠣᠯᠵᠤ᠂ | ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢᠲᠦ ᠣᠷᠣᠨ ᠢ ᠴᠤᠭᠴᠠᠯᠠᠨ ᠪᠠᠶᠢᠭᠤᠯᠬᠤ ᠳᠤ ᠢᠳᠡᠷᠡᠭᠦᠨ | ᠲᠣᠷᠪᠢᠯᠢᠭ ᠠᠯᠬᠤᠭ᠎ᠠ ᠶᠢ ᠠᠯᠬᠤᠪᠠ᠃ ᠪᠣᠳᠠᠲᠠᠶ ᠪᠠᠷ ᠬᠡᠯᠡᠪᠡᠯ ᠳᠣᠣᠷᠠᠬᠢ ᠵᠢᠷᠭᠤᠭᠠᠨ ᠲᠠᠯ᠎ᠠ ᠶᠢᠨ ᠭᠢᠯᠠᠰ ᠴᠢᠭ᠋ ᠪᠤᠶ᠄ | | ᠨᠢᠭᠡ ᠳᠤ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠨᠢ ᠨᠢᠭᠡᠨ ᠲᠣᠮᠣ ᠦᠰᠦᠷᠦᠯᠲᠡ ᠲᠠᠢ | ᠪᠣᠯᠵᠠᠢ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠯ ᠪᠦᠷᠢ ᠳᠤᠮᠳᠠᠴᠢ ᠪᠠᠷ 10% | ᠨᠡᠮᠡᠭᠳᠡᠵᠦ᠂ ᠡ᠊ᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠵᠢᠯ ᠪᠦᠷᠢ ᠳᠤᠮᠳᠠᠴᠢ ᠪᠠᠷ 13% | ᠨᠡᠮᠡᠭᠳᠡᠵᠦ᠂ ᠲᠤᠰ ᠲᠤᠰ 1.8 ᠲᠦᠮᠡᠨ ᠳ᠋ᠥᠡᠭᠰᠢᠭᠤᠷ ᠲᠥᠭᠦᠷᠢᠭ᠂ 1963 ᠳ᠋ᠦᠩᠰᠢᠭᠤᠷ ᠲᠥᠭᠦᠷᠢᠭ ᠲᠤ | ᠬᠦᠷᠴᠦ᠂ ᠬᠥᠮᠦᠨ ᠪᠦᠷᠢ ᠶᠢᠨ ᠳᠤᠮᠳᠠᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ 1.15 | ᠲᠥᠮᠡᠨ ᠳ᠋ᠦᠩᠰᠢᠭᠤᠷ ᠳ᠋ᠣᠯᠯᠠᠷ ᠲᠤ ᠬᠦᠷᠴᠦ᠂ ᠪᠦᠬᠦ ᠣᠯᠣᠰ ᠲᠤ 6 ᠳ᠋ᠤᠭᠠᠷ ᠲᠤ ᠣᠷᠣᠪᠠ᠃ | ᠬᠤᠶᠠᠷ ᠲᠤ ᠠᠵᠤ ᠦᠢᠯᠡᠰ ᠤᠨ ᠬᠥᠭᠵᠢᠯᠲᠡ ᠶᠢᠨ ᠲᠡᠰ ᠳᠠᠪᠬᠤᠷᠭ᠎ᠠ ᠨᠢᠭᠡᠨ ᠲᠣᠮᠣ ᠦᠰᠦᠷᠦᠯᠲᠡ ᠲᠠᠢ | ᠪᠣᠯᠵᠠᠢ᠂ ᠳᠡᠭᠡᠳᠦ ᠰᠢᠨ᠎ᠡ ᠮᠡᠷᠭᠡᠵᠢᠯ᠂ ᠥᠩᠭᠡᠲᠦ ᠲᠡᠮᠦᠷᠯᠢᠭ᠂ ᠲᠣᠨᠣᠭᠯᠠᠯ ᠦᠢᠯᠡᠳᠬᠦ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠦᠢᠯᠡᠰ ᠠᠴᠠ ᠠᠵᠤ ᠦᠢᠯᠡᠳᠪᠦᠷᠢ ᠶᠢᠨ ᠨᠡᠮᠡᠭᠳᠡᠯ ᠳᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 50% ᠳᠤ ᠣᠶᠢᠷᠠᠲᠤᠵᠤ᠂ ᠨᠡᠭᠦᠷᠡᠰᠦᠨ ᠤ ᠠᠵᠤ ᠦᠢᠯᠡᠳᠪᠦᠷᠢ ᠶᠢᠨ | ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 11% ᠬᠦᠷᠲᠡᠯ᠎ᠡ ᠪᠠᠭᠤᠷᠠᠵᠤ᠂ ᠦᠢᠯᠡᠴᠢᠯᠡᠭᠡᠨ ᠤ | ᠦᠢᠯᠡᠰ ᠤᠨ ᠬᠤᠪᠢ ᠶᠢᠨ ᠵᠢᠩ 40% ᠳᠤ ᠬᠦᠷᠴᠦ᠂ ︽ᠲᠠᠪᠤᠨ ᠶᠡᠭᠡ ᠰᠠᠭᠤᠷᠢᠨ ᠭᠠᠵᠠᠷ︾ ᠤᠨ ᠪᠦᠳᠦᠭᠡᠨ | ᠪᠠᠶᠢᠭᠤᠯᠤᠯᠲᠠ ᠴᠢᠬᠤᠯᠠ ᠠᠯᠬᠤᠮ ᠢ ᠠᠯᠬᠤᠪᠠ᠃ | ᠭᠤᠷᠪᠠ ᠳᠤ ᠬᠥᠭᠵᠢᠯᠲᠡ ᠶᠢ ᠪᠠᠲᠤᠯᠠᠬᠤ ᠴᠢᠳᠠᠪᠤᠷᠢ ᠨᠢᠭᠡᠨ ᠲᠣᠮᠣ ᠦᠰᠦᠷᠦᠯᠲᠡ ᠲᠠᠢ ᠪᠣᠯᠵᠠᠢ᠂ ᠵᠠᠰᠠᠮᠠᠯ | ᠵᠠᠮ ᠤᠨ ᠪᠦᠬᠦ ᠣᠷᠳᠣ ᠨᠢ 17.5 ᠲᠦᠮᠡᠨ ᠺᠢᠯᠣᠮᠧᠲᠷ ᠲᠤ ᠬᠦᠷᠴᠦ᠂ ᠡᠭᠦᠨ ᠳᠤ ᠲᠥᠷᠭᠡᠨ ᠬᠤᠷᠳᠤ ᠶᠢᠨ ᠵᠠᠰᠠᠮᠠᠯ | ᠵᠠᠮ 5000 ᠺᠢᠯᠣᠮᠧᠲᠷ ᠢ ᠳᠠᠪᠠᠵᠤ᠂ ᠪᠦᠬᠦ ᠤᠯᠤᠰ ᠤᠨ ᠲᠡᠷᠢᠭᠦᠨ ᠡᠩᠨᠡᠭᠡᠨ ᠳᠤ ᠣᠷᠣᠪᠠ︔ ᠲᠡᠮᠦᠷ ᠵᠠᠮ ᠤᠨ | ᠲᠡᠭᠡᠭᠡᠪᠦᠷᠢ ᠶᠢᠨ ᠡᠵᠡᠩᠨᠡᠯᠲᠡ ᠶᠢᠨ ᠶᠡᠷᠦᠩᠬᠡᠶ ᠤᠷᠳᠤ ᠨᠢ 1.35 ᠲᠥᠮᠡᠨ ᠺᠢᠯᠣᠮᠧᠲᠷ ᠲᠤ ᠬᠦᠷᠴᠦ᠂ ᠪᠦᠬᠦ | ᠤᠯᠤᠰ ᠤᠨ ᠲᠡᠷᠢᠭᠦᠨ ᠳᠤ ᠣᠷᠣᠪᠠ︔ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ 24 | ᠪᠣᠯᠵᠤ᠂ ᠪᠦᠬᠦ ᠤᠯᠤᠰ ᠤᠨ ᠲᠡᠷᠢᠭᠦᠨ ᠡᠩᠨᠡᠭᠡᠨ ᠳᠤ ᠣᠷᠣᠪᠠ︔ ᠴᠠᠬᠢᠯᠭᠠᠨ ᠬᠦᠴᠦᠨ ᠤ ᠮᠠᠰᠢᠨ ᠴᠣᠭᠴᠠᠯᠠᠪᠤᠷᠢ 1 | ᠳ᠋ᠦᠩᠰᠢᠭᠤᠷ ᠺᠢᠯᠣᠸᠠᠲ ᠳᠤ ᠬᠦᠷᠴᠦ᠂ ᠪᠦᠬᠦ ᠤᠯᠤᠰ ᠤᠨ ᠲᠡᠷᠢᠭᠦᠨ ᠡᠩᠨᠡᠭᠡᠨ ᠳᠤ ᠣᠷᠣᠪᠠ︔ ᠤᠢ ᠰᠢᠭᠤᠶ ᠶᠢᠨ | ᠪᠦᠷᠬᠦᠴᠡ ᠶᠢᠨ ᠨᠤᠷᠮ᠎ᠠ 21% ᠳᠤ ᠬᠦᠷᠴᠦ᠂ ᠨᠤᠲᠤᠭ ᠪᠡᠯᠴᠢᠭᠡᠷ ᠤᠨ ᠳᠤᠮᠳᠠᠴᠢ ᠤᠷᠭᠤᠮᠠᠯ ᠤᠨ | ᠬᠤᠴᠢᠯᠭ᠎ᠠ ᠶᠢᠨ ᠪᠦᠷᠬᠦᠴᠡ ᠶᠢᠨ ᠬᠡᠮᠵᠢᠶ᠎ᠡ 44% ᠳᠤ ᠬᠦᠷᠪᠡ᠃ | ᠲᠥᠷᠪᠡ ᠳᠤ ᠬᠤᠳᠠ ᠬᠥᠳᠡᠭᠡ ᠶᠢᠨ ᠬᠥᠭᠵᠢᠯᠲᠡ ᠶᠢᠨ ᠳᠦᠷᠰᠦ ᠪᠠᠶᠢᠳᠠᠯ ᠨᠢᠭᠡᠨ ᠲᠣᠮᠣ ᠦᠰᠦᠷᠦᠯᠲᠡ ᠲᠠᠢ | ᠪᠣᠯᠵᠠᠢ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠳᠠ ᠪᠠᠯᠭᠠᠰᠤᠵᠢᠯᠳᠡ ᠶᠢᠨ ᠨᠤᠷᠮ᠎ᠠ 60% ᠳᠤ ᠬᠦᠷᠴᠦ᠂ | 84.4% ᠶᠢᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ | ᠵᠠᠰᠠᠬᠤ᠂ ᠵᠡᠭᠡᠯᠢ ᠭᠤᠳᠤᠮᠵᠢ ᠶᠢ ᠬᠠᠲᠠᠭᠤᠷᠠᠭᠤᠯᠬᠤ᠂ ᠤᠤᠭᠤᠬᠤ ᠤᠰᠤᠨ ᠤ ᠠᠮᠤᠷ ᠲᠥᠪᠰᠢᠨ ᠢ ᠪᠠᠲᠤᠯᠠᠬᠤ ᠵᠡᠷᠭᠡ | ︽ᠠᠷᠪᠠ ᠶᠢ ᠪᠦᠷᠢᠨ ᠪᠥᠷᠬᠦᠬᠦᠯᠬᠦ︾ ᠶᠢ ᠪᠡᠶᠡᠯᠡᠭᠦᠯᠵᠦ᠂ ᠬᠤᠲᠠ ᠪᠠᠯᠭᠠᠰᠤ ᠳᠤ ᠴᠤ ᠲᠡᠷᠡ ᠮᠠᠯᠵᠢᠬᠤ ᠲᠠᠷᠢᠶᠠᠯᠠᠬᠤ | ᠣᠷᠣᠨ ᠳᠤ ᠴᠤ ᠲᠡᠷᠡ᠂ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠴᠥᠮ ᠯᠤᠲᠤ ᠶᠡᠭᠡ ᠬᠤᠪᠢᠷᠠᠯᠲᠠ ᠲᠠᠢ | ᠪᠣᠯᠪᠠ᠃ | ᠲᠠᠪᠤ ᠳᠤ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠬᠢᠷᠢ ᠬᠡᠮᠵᠢᠶ᠎ᠡ ᠨᠢᠭᠡᠨ ᠲᠣᠮᠣ ᠦᠰᠦᠷᠦᠯᠲᠡ | ᠲᠠᠢ ᠪᠣᠯᠵᠠᠢ᠂ ᠬᠥᠬᠡᠬᠤᠲᠠ ᠪᠤᠭᠤᠲᠤ ᠤᠷᠳᠤᠰ ᠵᠡᠷᠭᠡ ᠳᠠᠪᠠᠭᠤᠯᠢᠭ ᠭᠠᠵᠠᠷ ᠣᠷᠣᠨ ᠤ ᠨᠥᠯᠥᠭᠡᠯᠡᠨ ᠳᠠᠶᠢᠴᠢᠯᠠᠬᠤ | ᠦᠢᠯᠡᠳᠦᠯ ᠴᠢᠩᠭᠠᠷᠠᠵᠤ᠂ ᠵᠡᠭᠦᠨ ᠬᠡᠰᠡᠭ ᠤᠨ ᠠᠶᠢᠮᠠᠭ ᠬᠤᠳᠠ ᠶᠢᠨ ᠭᠤᠣᠯ ᠠᠵᠤ ᠠᠬᠤᠶ ᠶᠢᠨ ᠭᠦᠢᠴᠡᠳᠬᠡᠬᠦ | ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠣᠷᠣᠨ ᠤ ᠳᠤᠮᠳᠠᠴᠢ ᠬᠡᠮᠵᠢᠶ᠎ᠡ ᠠᠴᠠ ᠳᠠᠪᠠᠵᠤ᠂ ᠡᠷᠲᠡ | ᠴᠢᠯᠦᠭᠡᠯᠡᠭᠳᠡᠭᠰᠡᠨ ᠣᠷᠣᠨ᠂ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠭᠠᠵᠠᠷ ᠣᠷᠣᠨ᠂ ᠬᠢᠯᠢ | ᠳᠠᠭᠠᠤ ᠭᠠᠵᠠᠷ ᠣᠷᠣᠨ᠂ ᠶᠠᠳᠠᠭᠤ ᠬᠤᠴᠣᠷᠣᠩᠭᠤᠢ ᠭᠠᠵᠠᠷ ᠣᠷᠣᠨ ᠤ ᠳᠣᠲᠣᠭᠠᠳᠤ ᠶᠢᠨ ᠬᠥᠭᠵᠢᠯᠲᠡ ᠶᠢᠨ | ᠬᠥᠳᠡᠯᠭᠡᠭᠴᠢ ᠬᠦᠴᠦᠨ ᠨᠢ ᠢᠯᠡᠳᠲᠡ ᠳᠡᠭᠡᠭᠰᠢᠯᠡᠪᠡ᠃ | ᠵᠢᠷᠭᠤᠭ᠎ᠠ ᠳᠤ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠨᠢᠭᠡᠨ ᠲᠣᠮᠣ ᠦᠰᠦᠷᠦᠯᠲᠡ ᠲᠠᠢ ᠪᠣᠯᠵᠠᠢ᠂ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠵᠢᠯ ᠪᠦᠷᠢ ᠳᠤᠮᠳᠠᠴᠢ ᠪᠠᠷ 11.1% ᠪᠣᠯᠣᠨ 13. | 3% ᠪᠠᠷ ᠨᠡᠮᠡᠭᠳᠡᠵᠦ᠂ ᠲᠤᠰ ᠲᠤᠰ 3 ᠲᠥᠮᠡᠨ ᠲᠥᠭᠦᠷᠢᠭ ᠪᠣᠯᠣᠨ 1 ᠲᠦᠮᠡᠨ ᠲᠥᠭᠦᠷᠢᠭ ᠢ ᠳᠠᠪᠠᠵᠤ᠂ 5 | ᠵᠢᠯ ᠳᠤ ᠶᠠᠳᠠᠭᠤ ᠬᠦᠴᠢᠷᠳᠡᠯᠲᠡᠶ ᠬᠥᠮᠦᠨ ᠠᠮᠠ ᠶᠢ 192 ᠲᠥᠮᠨ ᠴᠥᠬᠡᠷᠡᠭᠦᠯᠵᠦ᠂ ᠬᠤᠳᠠ ᠪᠠᠯᠭᠠᠰᠤᠨ ᠳᠤ 134 | ᠲᠥᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠣ᠂ 140 ᠲᠥᠮᠡᠨ ᠢᠵᠢ ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠶᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ 80 ᠲᠦᠮᠡᠨ | ᠡᠷᠦᠬᠡ ᠰᠢᠨᠡᠳᠬᠡᠨ ᠵᠠᠰᠠᠵᠤ᠂ ᠰᠤᠷᠭᠠᠨ ᠬᠥᠮᠦᠵᠢᠯ᠂ ᠰᠣᠶᠣᠯ᠂ ᠡᠮ ᠡᠮᠨᠡᠯᠭᠡ᠂ ᠡᠷᠡᠭᠦᠯ ᠬᠠᠮᠠᠭᠠᠯᠠᠯ᠂ ᠨᠡᠶᠢᠭᠡᠮ ᠤᠨ | ᠪᠠᠲᠤᠯᠠᠭ᠎ᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ | ᠪᠥᠬᠦ ᠣᠷᠣᠨ ᠳᠠᠶᠠᠭᠠᠷ ᠤᠨ ᠴᠥᠬᠦᠷᠡᠯ ᠦᠭᠡᠢ ᠴᠢᠷᠮᠠᠶᠢᠯᠭ᠎ᠠ ᠪᠠᠷ ᠳᠠᠮᠵᠢᠭᠠᠳ᠂ ᠨᠠᠮ ᠤᠨ ᠲᠥᠪ ᠬᠤᠷᠢᠶ᠎ᠠ ᠪᠣᠯᠣᠨ | ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠢᠭᠡᠨ ᠬᠤᠪᠢ ᠬᠠᠨᠤᠮᠵᠢᠲᠠᠶ ᠰᠢᠯᠭᠠᠯᠲᠠ ᠶᠢᠨ | ᠬᠠᠭᠤᠳᠠᠰᠤ ᠲᠤᠰᠢᠶᠠᠵᠤ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠮᠥᠨ ᠬᠦ ᠰᠢᠨ᠎ᠡ ᠨᠢᠭᠡᠨ | ᠲᠡᠦᠬᠡ ᠶᠢᠨ ᠡᠬᠢᠯᠡᠯᠲᠡ ᠶᠢᠨ ᠴᠢᠭ᠋ ᠳᠡᠭᠡᠷ᠎ᠡ ᠵᠣᠭᠰᠤᠪᠠ ᠭᠡᠵᠦ ᠬᠡᠯᠡᠵᠦ ᠪᠣᠯᠣᠨ᠎ᠠ᠃ | ᠠᠰᠠᠭᠤᠯᠲᠠ ᠬᠤᠶᠠᠷ᠄ ︽13 · 5︾ ᠶᠢᠨ ᠬᠤᠭᠤᠴᠠᠭᠠᠨ ᠳᠤ ᠠᠵᠤ ᠠᠬᠤᠶ ᠶᠢᠨ ᠬᠥᠭᠵᠢᠯᠲᠡ ᠨᠢ | ᠵᠠᠯᠭᠠᠯᠲᠠ ᠪᠠᠨ ᠰᠣᠯᠢᠭᠠᠳ ᠬᠤᠷᠳᠤᠴᠠ ᠪᠠᠨ ᠠᠯᠲᠠᠬᠤ ᠦᠭᠡᠢ ᠪᠠᠶᠢᠬᠤ ᠶᠢ ᠬᠡᠷᠬᠢᠨ ᠪᠠᠲᠤᠯᠠᠬᠤ ᠪᠣᠢ︖ | | ︽ᠠᠵᠤ ᠠᠬᠤᠶ ᠶᠢᠨ ᠡᠳᠦᠷ ᠤᠨ ᠰᠣᠨᠢᠨ︾ ᠤ ᠰᠤᠷᠪᠤᠯᠵᠢᠯᠠᠭᠴᠢ᠄ ᠡᠨᠡ ᠵᠢᠯ ᠪᠣᠯ ︽13.5︾ ᠶᠢᠨ | ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠦᠨ᠂ ᠠᠵᠤ ᠠᠬᠤᠶ ᠶᠢᠨ ᠲᠡᠰᠦᠷᠡᠯᠳᠠ ᠤᠢᠭᠡᠢ ᠪᠠᠭᠤᠷᠠᠵᠤ ᠪᠠᠶᠢᠭ᠎ᠠ | ᠳᠠᠷᠤᠯᠲᠠ ᠳᠣᠣᠷ᠎ᠠ ᠥᠪᠥᠷ ᠮᠣᠩᠭᠤᠯ ︽13.5︾ ᠬᠤᠭᠤᠴᠠᠭᠠᠨ ᠳᠤ ᠠᠵᠤ ᠠᠬᠤᠶ ᠶᠢᠨ ᠬᠥᠭᠵᠢᠯᠲᠡ ᠶᠢᠨ | ᠵᠠᠯᠭᠠᠯᠲᠠ ᠪᠠᠨ ᠰᠣᠯᠢᠭᠠᠳ ᠬᠤᠷᠳᠤᠴᠠ ᠪᠠᠨ ᠠᠯᠲᠠᠬᠤ ᠦᠭᠡᠢ ᠪᠠᠶᠢᠵᠤ ᠴᠢᠳᠠᠨ᠎ᠠ ᠦᠦ ᠦᠭᠡᠢ ᠦᠦ︖ ︽13.5︾ | ᠶᠢᠨ ᠬᠤᠭᠤᠴᠠᠭᠠᠨ ᠳᠠᠬᠢ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ | ᠪᠣᠯᠣᠨ ᠡᠭᠦᠷᠭᠡ ᠨᠢ ᠶᠠᠭᠤ ᠪᠤᠢ︖ | ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠤᠷ | ᠄ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ︽ | 13.5︾ ᠶᠢᠨ ᠲᠥᠯᠥᠪᠵᠢᠭᠦᠯᠭᠡ ᠶᠢᠨ ᠬᠥᠲᠥᠯᠪᠦᠷᠢ ᠶᠢ ᠲᠣᠭᠲᠠᠭᠠᠵᠤ᠂ ᠵᠢᠷᠭᠤᠭᠠᠨ ᠲᠠᠯ᠎ᠠ ᠶᠢᠨ ᠬᠠᠷᠠᠯᠲᠠ ᠶᠢ | ᠪᠣᠳᠠᠲᠠᠶ ᠲᠣᠭᠲᠠᠭᠠᠪᠠ᠃ | ᠨᠢᠭᠡ ᠳᠤ ᠠᠵᠤ ᠠᠬᠤᠶ ᠶᠢᠨ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠬᠦ ᠶᠢ ᠪᠠᠲᠤᠯᠠᠨ᠎ᠠ᠂ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ ᠵᠢᠯ ᠪᠦᠷᠢ ᠳᠤᠮᠳᠠᠴᠢ ᠪᠠᠷ 7.5% ᠣᠷᠴᠢᠮ ᠨᠡᠮᠡᠭᠳᠡᠭᠦᠯᠵᠦ | ᠂ ᠬᠥᠮᠦᠨ ᠪᠦᠷᠢ ᠶᠢᠨ ᠳᠤᠮᠳᠠᠴᠢ GDP ᠶᠢ 1.8 ᠲᠦᠮᠡᠨ ᠳ᠋ᠣᠯᠯᠠᠷ ᠲᠤ ᠬᠦᠷᠦᠭᠦᠯᠵᠦ᠂ ᠡᠩ ᠤᠨ ᠤᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 7% ᠣᠷᠴᠢᠮ ᠨᠡᠮᠡᠭᠳᠡᠭᠦᠯᠵᠦ᠂ ︽ᠳᠥᠷᠪᠡᠨ | ᠳᠠᠬᠢᠨ ᠢᠶᠠᠷ ᠨᠡᠮᠡᠭᠳᠡᠭᠦᠯᠬᠦ︾ ᠬᠠᠷᠠᠯᠲᠠ ᠪᠡᠶᠡᠯᠡᠭᠳᠡᠬᠦ ᠶᠢ ᠦᠨᠡᠨ ᠬᠦ ᠪᠠᠲᠤᠯᠠᠨ᠎ᠠ᠃ | ᠬᠤᠶᠠᠷ ᠲᠤ ᠠᠵᠤ ᠦᠢᠯᠡᠰ ᠤᠨ ᠳᠤᠮᠳᠠ ᠳᠡᠭᠡᠳᠦ ᠳᠠᠪᠬᠤᠷᠭ᠎ᠠ ᠵᠦᠭ ᠬᠥᠭᠵᠢᠬᠦ ᠶᠢ ᠠᠬᠢᠭᠤᠯᠤᠨ᠎ᠠ᠂ | ᠰᠢᠨᠵᠢᠯᠡᠬᠦ ᠤᠬᠠᠭᠠᠨ ᠮᠡᠷᠭᠡᠵᠢᠯ ᠠᠴᠠ ᠠᠵᠤ ᠠᠬᠤᠶ ᠶᠢᠨ ᠨᠡᠮᠡᠭᠳᠡᠯ ᠳᠤ ᠦᠵᠡᠭᠦᠯᠬᠦ ᠬᠤᠪᠢ ᠨᠡᠮᠡᠷᠢ ᠶᠢᠨ ᠨᠤᠷᠮ᠎ᠠ ᠶᠢ | ᠣᠳᠣ ᠶᠢᠨ 42% ᠠᠴᠠ ᠨᠢ 55% ᠬᠦᠷᠲᠡᠯ᠎ᠡ ᠳᠡᠭᠡᠭᠰᠢᠯᠡᠭᠦᠯᠵᠦ᠂ ᠦᠢᠯᠡᠴᠢᠯᠡᠭᠡᠨ ᠤ ᠦᠢᠯᠡᠰ ᠤᠨ ᠡᠵᠡᠯᠡᠬᠦ | ᠬᠤᠪᠢ ᠶᠢᠨ ᠵᠢᠩ ᠢ 40% ᠠᠴᠠ ᠨᠢ 45% ᠬᠦᠷᠲᠡᠯ᠎ᠡ ᠳᠡᠭᠡᠭᠰᠢᠯᠡᠭᠦᠯᠵᠦ᠂ ᠪᠠᠶᠢᠯᠳᠤᠬᠤ ᠪᠤᠳᠤᠯᠭ᠎ᠠ ᠶᠢᠨ | ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠤᠪᠢ ᠶᠢᠨ ᠵᠢᠩ ᠢ 6% ᠠᠴᠠ ᠨᠢ 10% ᠬᠦᠷᠲᠡᠯ᠎ᠡ | ᠳᠡᠭᠡᠭᠰᠢᠯᠡᠭᠦᠯᠦᠨ᠎ᠡ᠃ | ᠭᠤᠷᠪᠠ ᠳᠤ ᠨᠡᠩ ᠪᠦᠷᠢᠨ ᠲᠡᠭᠦᠯᠳᠡᠷ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠪᠥᠲᠦᠭᠡᠨ ᠪᠠᠶᠢᠭᠤᠯᠵᠤ᠂ | 12 ᠠᠶᠢᠮᠠᠭ ᠬᠤᠳᠠ ᠲᠠᠢ ᠵᠠᠯᠭᠠᠯᠳᠤᠭᠰᠠᠨ ᠥᠨᠳᠥᠷ ᠬᠤᠷᠳᠤᠴᠠᠲᠤ ᠲᠡᠮᠦᠷ ᠵᠠᠮ ᠤᠨ ᠰᠢᠭᠤᠳ ᠨᠡᠪᠳᠡᠷᠡᠯ ᠵᠠᠮ ᠢ | ᠲᠥᠷᠭᠡᠨ ᠪᠠᠶᠢᠭᠤᠯᠤᠨ᠎ᠠ︔ ᠰᠢᠶᠠᠨ ᠪᠣᠯᠭᠠᠨ ᠳᠤ ᠲᠦᠷᠭᠡᠨ ᠬᠤᠷᠳᠤ ᠪᠤᠶᠤ ᠨᠢᠭᠡᠳᠦᠭᠡᠷ ᠳᠡᠰ ᠤᠨ ᠵᠠᠰᠠᠮᠠᠯ ᠵᠠᠮ ᠶᠢ | ᠨᠡᠪᠲᠡᠷᠡᠭᠦᠯᠵᠦ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠴᠦᠮ ᠪᠠᠷᠤᠭᠰᠢᠨ ᠱᠦᠢᠨᠢ ᠵᠠᠮ ᠨᠡᠪᠲᠡᠷᠡᠭᠦᠯᠦᠨ᠎ᠡ︔ | ᠨᠢᠰᠬᠡᠯ ᠤᠨ ᠪᠠᠭᠤᠳᠠᠯ ᠤᠨ ᠶᠡᠷᠦᠩᠬᠡᠶ ᠲᠤᠭ᠎ᠠ ᠶᠢ ᠣᠳᠣ ᠶᠢᠨ 24 ᠠᠴᠠ ᠨᠢ 60 ᠣᠷᠴᠢᠮ ᠬᠦᠷᠲᠡᠯ᠎ᠡ | ᠨᠡᠮᠡᠭᠳᠡᠭᠦᠯᠦᠨ᠎ᠡ᠃ | ᠳᠦᠷᠪᠡ ᠳᠤ ᠠᠷᠠᠳ ᠲᠦᠮᠡᠨ ᠤ ᠠᠮᠢᠳᠤᠷᠠᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ | ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠵᠢᠯ ᠪᠦᠷᠢ ᠳᠤᠮᠳᠠᠴᠢ ᠪᠠᠷ 8% ᠪᠣᠯᠣᠨ 9% ᠪᠠᠷ | ᠨᠡᠮᠡᠭᠳᠡᠭᠦᠯᠦᠨ᠎ᠡ᠃ 80 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠴᠦᠮ ᠶᠠᠳᠠᠭᠤ ᠠᠴᠠ | ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠶᠠᠳᠠᠭᠤ ᠮᠠᠯᠠᠭᠠᠢ ᠶᠢ ᠨᠢ ᠴᠦᠮ ᠠᠪᠴᠤ | ᠬᠠᠶᠠᠨ᠎ᠠ᠃ | ᠲᠠᠪᠤ ᠳᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ | ᠭᠤᠣᠯ ᠪᠣᠯᠬᠤ ᠠᠮᠢ ᠠᠬᠤᠶ ᠶᠢᠨ ᠰᠢᠰᠲ᠋ᠧᠮ ᠢ ᠰᠠᠶᠢᠠ ᠣᠷᠴᠢᠯ ᠲᠠᠢ ᠪᠣᠯᠭᠠᠵᠤ᠂ ᠪᠡᠶᠡᠴᠢ ᠴᠣᠭᠴᠠ ᠶᠢᠨ | ᠦᠢᠯᠡᠳᠦᠯᠲᠦ ᠣᠷᠣᠨ ᠤ ᠪᠠᠶᠢᠷᠢᠯᠠᠭᠤᠯᠤᠯᠲᠠ ᠪᠣᠯᠣᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ | ᠦᠨᠳᠦᠰᠦᠨ ᠳᠡᠭᠡᠨ ᠪᠦᠷᠢᠯᠳᠦᠭᠦᠯᠦᠨ᠎ᠡ᠃ | ᠵᠢᠷᠭᠤᠭ᠎ᠠ ᠳᠤ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠣᠭᠠᠨ ᠤ ᠥᠭᠡᠷᠡᠴᠢᠯᠡᠯᠲᠡ ᠶᠢᠨ | ᠲᠠᠯ᠎ᠠ ᠪᠠᠷ ᠰᠢᠢᠳᠪᠦᠷᠢᠲᠦ ᠴᠢᠨᠠᠷᠲᠠᠶ ᠦᠷ᠎ᠡ ᠪᠦᠲᠦᠭᠡᠯ ᠣᠯᠣᠨ᠎ᠠ᠃ | ᠡᠨᠡ ᠵᠢᠯ ᠤᠨ ᠪᠥᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠪᠣᠯ ︽ | ᠵᠢᠷᠭᠤᠭᠠᠨ ᠲᠠᠯ᠎ᠠ ᠪᠠᠷ ᠬᠦᠴᠦᠯᠡᠬᠦ︾ ᠪᠣᠯᠣᠨ᠎ᠠ᠃ | ᠨᠢᠭᠡ ᠳᠤ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠬᠦᠴᠦᠯᠡᠨ ᠴᠢᠩᠭᠠᠳᠬᠠᠵᠤ᠂ ᠭᠤᠷᠪᠠ ᠶᠢ | ᠦᠭᠡᠶᠢᠰᠬᠡᠬᠦ᠂ ᠨᠢᠭᠡ ᠶᠢ ᠪᠠᠭᠤᠷᠠᠭᠤᠯᠬᠤ᠂ ᠨᠢᠭᠡ ᠶᠢ ᠨᠥᠬᠦᠪᠦᠷᠢᠯᠡᠬᠦ ᠲᠠᠪᠤᠨ ᠶᠡᠭᠡ ᠡᠭᠦᠷᠭᠡ ᠶᠢ ᠰᠠᠶᠢᠲᠤᠷ | ᠬᠡᠷᠡᠭᠵᠢᠭᠦᠯᠦᠨ᠎ᠡ᠃ ᠵᠢᠱᠢᠶᠡᠯᠡᠪᠡᠯ᠂ ᠦᠢᠯᠡᠳᠪᠦᠷᠢᠯᠡᠬᠦ ᠴᠢᠳᠠᠪᠤᠷᠢ ᠶᠢ ᠦᠭᠡᠶᠢᠰᠬᠡᠬᠦ ᠲᠠᠯ᠎ᠠ ᠪᠠᠷ 3 ᠵᠢᠯ ᠤᠨ ᠳᠣᠲᠣᠷ᠎ᠠ | ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ ᠬᠥᠲᠥᠯᠥᠨ ᠵᠢᠯᠣᠭᠤᠳᠴᠤ ᠪᠠᠶᠢᠭᠠᠳ 1 ᠳ᠋ᠦᠩᠰᠢᠭᠤᠷ ᠲᠣᠨ | ᠬᠠᠰᠤᠭᠳᠠᠭᠤᠯᠤᠨᠠ᠃ | ᠬᠤᠶᠠᠷ ᠲᠤ ᠠᠵᠤ ᠠᠬᠤᠶ ᠶᠢᠨ ᠨᠡᠮᠡᠭᠳᠡᠯ ᠢ ᠬᠦᠴᠦᠯᠡᠨ ᠲᠣᠭᠲᠠᠪᠤᠷᠢᠵᠢᠭᠤᠯᠵᠤ᠂ ᠪᠥᠲᠥᠮᠵᠢᠲᠡᠢ ᠪᠡᠯᠡ | ᠣᠷᠣᠭᠤᠯᠤᠯᠲᠠ ᠪᠣᠯᠣᠨ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠥᠷᠭᠡᠳᠬᠡᠬᠦ ᠪᠠᠷ ᠳᠠᠮᠵᠢᠭᠤᠯᠤᠨ᠂ ᠠᠵᠤ | ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠲᠣᠭᠲᠠᠮᠠᠯ | ᠬᠥᠷᠥᠩᠭᠡ ᠶᠢᠨ ᠪᠡᠯᠡ ᠣᠷᠤᠭᠤᠯᠤᠯᠲᠠ ᠶᠢ 1.5 ᠲᠦᠮᠡᠨ ᠳ᠋ᠥᠡᠭᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ | ᠪᠠᠷ ᠴᠢᠷᠮᠠᠶᠢᠨ᠎ᠠ᠃ | ᠭᠤᠷᠪᠠ ᠳᠤ ︽ᠲᠠᠷᠢᠶᠠᠯᠠᠩ ᠲᠠᠷᠢᠶᠠᠯᠠᠬᠤ ᠣᠷᠣᠨ ᠲᠠᠷᠢᠶᠠᠴᠢᠨ᠂ ᠮᠠᠯ ᠠᠵᠤ ᠠᠬᠤᠢ ᠮᠠᠯᠵᠢᠬᠤ ᠣᠷᠣᠨ | ᠮᠠᠯᠴᠢᠨ︾ ᠤ ᠠᠵᠢᠯ ᠢ ᠬᠦᠴᠦᠯᠡᠨ ᠰᠠᠶᠢᠲᠤᠷ ᠬᠢᠨ᠎ᠡ᠃ ᠠᠮᠤ ᠪᠤᠳᠠᠭᠠᠨ ᠤ ᠭᠠᠷᠤᠯᠲᠠ ᠪᠣᠯᠣᠨ ᠲᠠᠷᠢᠬᠤ ᠲᠠᠯᠠᠪᠠᠢ ᠶᠢ | ᠲᠣᠭᠲᠠᠪᠤᠷᠢᠵᠢᠭᠤᠯᠵᠤ᠂ ᠡᠷᠳᠡᠨᠢ ᠰᠢᠰᠢ ᠶᠢᠨ ︽ᠨᠢᠭᠡ ᠲᠥᠷᠥᠯ ᠢᠶᠠᠷ ᠭᠤᠣᠯᠯᠠᠬᠤ︾ ᠲᠠᠷᠢᠮᠠᠯ ᠤᠨ ᠪᠦᠲᠦᠴᠡ ᠶᠢ | ᠲᠣᠬᠢᠷᠠᠭᠤᠯᠵᠤ᠂ ᠰᠠᠭᠠᠯᠢ ᠶᠢᠨ ᠦᠨᠢᠶ᠎ᠡ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ ᠶᠢ | 85% ᠠᠴᠠ ᠳᠡᠭᠡᠭᠰᠢ ᠳᠤ ᠬᠦᠷᠦᠭᠦᠯᠦᠨ᠎ᠡ᠃ | ᠲᠦᠷᠪᠡ ᠳᠤ ᠥᠭᠡᠷᠡᠴᠢᠯᠡᠯᠲᠡ ᠨᠡᠭᠡᠭᠡᠯᠲᠡ ᠪᠣᠯᠣᠨ ᠰᠢᠨ᠎ᠡ ᠡᠭᠦᠳᠦᠯᠲᠡ ᠶᠢᠨ ᠬᠥᠭᠵᠢᠯᠲᠡ ᠶᠢ ᠬᠦᠴᠦᠯᠡᠨ | ᠠᠬᠢᠭᠤᠯᠤᠨ᠎ᠠ᠃ ᠠᠵᠤ ᠠᠬᠤᠶ ᠶᠢᠨ ᠠᠮᠢ ᠠᠬᠤᠶ ᠪᠣᠯᠤᠨ ᠨᠡᠶᠢᠭᠡᠮ ᠤᠨ ᠦᠢᠯᠡᠰ ᠤᠨ ᠬᠦᠷᠢᠶᠡᠨ ᠳᠤ 95 | ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠬᠡᠷᠡᠭᠵᠢᠭᠦᠯᠵᠦ᠂ 126 ᠵᠦᠢᠯ ᠤᠨ ᠥᠭᠡᠷᠡᠴᠢᠯᠡᠯᠲᠡ ᠶᠢᠨ ᠦᠷ᠎ᠡ | ᠪᠦᠲᠦᠭᠡᠯ ᠢ ᠨᠡᠶᠢᠲᠡᠯᠡᠵᠦ᠂ ᠤᠯᠤᠰ ᠤᠨ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠡᠾᠧᠪᠸᠢ ᠶᠢᠨ | ᠬᠠᠮᠵᠢᠯᠴᠠᠨ ᠬᠥᠭᠵᠢᠬᠦ ᠪᠠᠶᠢᠯᠳᠤᠬᠤ ᠪᠤᠳᠤᠯᠭ᠎ᠠ ᠳᠤ ᠪᠥᠬᠦ ᠲᠠᠯ᠎ᠠ ᠪᠠᠷ ᠠᠭᠤᠰᠤᠨ ᠣᠷᠣᠨ᠎ᠠ᠃ | ᠲᠠᠪᠤ ᠳᠤ ᠪᠣᠬᠢᠷᠲᠤᠯ ᠦᠭᠡᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠤᠢ ᠰᠢᠭᠤᠶ ᠶᠢᠨ ᠠᠮᠢ | ᠠᠬᠤᠶ ᠶᠢᠨ ᠪᠥᠳᠥᠭᠡᠨ ᠪᠠᠶᠢᠭᠤᠯᠤᠯᠲᠠ ᠶᠢ 1000 ᠲᠦᠮᠡᠨ ᠮᠣ᠋ ᠪᠡᠶᠡᠯᠡᠭᠦᠯᠵᠦ᠂ ᠪᠠᠶᠢᠭᠠᠯᠢ ᠶᠢᠨ ᠤᠢ ᠶᠢᠨ ᠡᠬᠢ | ᠪᠠᠶᠠᠯᠢᠭ ᠢ ᠬᠠᠮᠠᠭᠠᠯᠠᠬᠤ ᠬᠦᠷᠢᠶ᠎ᠡ ᠬᠡᠪᠴᠢᠶ᠎ᠡ ᠶᠢ ᠪᠥᠬᠦ ᠣᠷᠣᠨ ᠳᠠᠶᠠᠭᠠᠷ ᠲᠤ ᠬᠦᠷᠲᠡᠯ᠎ᠡ ᠠᠯᠬᠤᠮ ᠠᠯᠬᠤᠮ ᠢᠶᠠᠷ | ᠥᠷᠭᠡᠳᠬᠡᠵᠦ᠂ ᠪᠥᠬᠦᠶᠢᠯᠡ ᠲᠣᠭᠲᠠᠮᠠᠯ ᠪᠣᠬᠢᠷᠲᠤᠯ ᠤᠨ ᠡᠬᠢ ᠰᠤᠷᠪᠣᠯᠵᠢ ᠶᠢ ᠬᠠᠮᠤᠷᠤᠭᠰᠠᠨ ᠪᠣᠬᠢᠷᠳᠤᠯ | ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠪᠠᠶᠢᠭᠤᠯᠤᠨ᠎ᠠ᠃ | ᠵᠢᠷᠭᠤᠭ᠎ᠠ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠴᠢᠩᠭᠠᠳᠬᠠᠨ᠎ᠠ᠃ ᠪᠥᠬᠦ ᠵᠠᠰᠠᠭ | ᠵᠠᠬᠢᠷᠭᠠᠨ ᠤ ᠭᠠᠴᠠᠭ᠎ᠠ ᠲᠣᠰᠬᠤᠨ ᠳᠤ ︽ᠠᠷᠪᠠ ᠶᠢ ᠪᠦᠷᠢᠨ ᠪᠥᠷᠭᠦᠭᠦᠯᠬᠦ︾ ᠶᠢ ᠪᠦᠬᠦ ᠲᠠᠯ᠎ᠠ ᠪᠠᠷ ᠪᠡᠶᠡᠯᠡᠭᠦᠯᠵᠦ᠂ | 21 ᠲᠦᠮᠡᠨ ᠬᠥᠮᠦᠨ ᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ᠂10 ᠣᠷᠴᠢᠮ ᠤᠨ ᠣᠷᠣᠨ ᠤ | ᠶᠠᠳᠠᠭᠤ ᠰᠢᠶᠠᠨ ᠢ ᠶᠠᠳᠠᠭᠤ ᠠᠴᠠ ᠠᠩᠭᠢᠵᠢᠷᠠᠭᠤᠯᠬᠤ᠂ ᠬᠤᠲᠠ ᠪᠠᠯᠭᠠᠰᠤᠨ ᠳᠤ 26 ᠲᠦᠮᠡ ᠬᠥᠮᠦᠨ ᠳᠤ | ᠰᠢᠨ᠎ᠡ ᠪᠠᠷ ᠠᠵᠢᠯ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠠᠰᠠᠭᠤᠯᠲᠠ ᠭᠤᠷᠪᠠ᠄ ᠨᠠᠮ ᠢ ᠴᠢᠩᠭ᠎ᠠ ᠵᠠᠰᠠᠬᠤ ᠲᠠᠯ᠎ᠠ ᠪᠠᠷ ᠶᠠᠮᠠᠷ ᠶᠠᠮᠠᠷ ᠰᠢᠨ᠎ᠡ ᠠᠬᠢᠯᠲᠠ ᠲᠠᠢ ᠪᠣᠯᠤᠭᠰᠠᠨ | ᠪᠤᠢ︖ | ︽ᠠᠷᠠᠳ ᠤᠨ ᠡᠳᠦᠷ ᠤᠨ ᠰᠣᠨᠢᠨ︾ — ᠠᠷᠠᠳ ᠤᠨ ᠰᠦᠯᠵᠢᠶᠡᠨ ᠤ ᠰᠤᠷᠪᠤᠯᠵᠢᠯᠠᠭᠴᠢ᠄ ︽ | ᠠᠷᠠᠳ ᠤᠨ ᠡᠳᠦᠷ ᠤᠨ ᠰᠣᠨᠢᠨ︾ 2015 ᠣᠨ ᠳᠤ ︽ᠥᠪᠥᠷ ᠮᠣᠩᠭᠤᠯ ᠤᠨ ᠲᠤᠰᠬᠠᠶ ᠰᠡᠳᠦᠪᠲᠦ ᠨᠠᠮ ᠤᠨ | ᠬᠢᠴᠢᠶᠡᠯ ᠨᠢ ᠠᠰᠠᠭᠤᠳᠠᠯ ᠠᠴᠠ ᠡᠬᠢᠯᠡᠵᠦ ᠠᠳᠬᠤᠵᠠᠢ︾ ᠭᠡᠰᠡᠨ ᠭᠠᠷᠴᠠᠭ ᠲᠠᠢ ᠵᠣᠬᠢᠶᠠᠯ ᠨᠡᠶᠢᠲᠡᠯᠡᠵᠦ᠂ ᠭᠤᠣᠯ ᠨᠢ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠥᠷ ᠮᠣᠩᠭᠤᠯ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠶᠠᠪᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠨ ᠢ ᠮᠡᠳᠡᠭᠡᠯᠡᠪᠡ᠃ ᠲᠡᠭᠡᠪᠡᠯ ᠣᠶᠢᠷ᠎ᠠ ᠳᠤ ᠥᠪᠥᠷ | ᠮᠣᠩᠭᠤᠯ ᠨᠠᠮ ᠢ ᠴᠢᠩᠭ᠎ᠠ ᠵᠠᠰᠠᠬᠤ ᠠᠵᠢᠯ ᠤᠨ ᠲᠠᠯ᠎ᠠ ᠪᠠᠷ ᠪᠠᠰᠠ ᠶᠠᠮᠠᠷ ᠶᠠᠮᠠᠷ ᠰᠢᠨ᠎ᠡ ᠠᠬᠢᠴᠠ ᠲᠠᠢ ᠪᠣᠯᠤᠭᠰᠠᠨ ᠪᠠ | ᠢᠯᠡᠳᠲᠡ ᠦᠷ᠎ᠡ ᠪᠦᠲᠦᠮᠵᠢ ᠣᠯᠤᠭᠰᠠᠨ ᠪᠤᠢ︖ | ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠱᠦᠵᠢ ᠸᠠᠩ ᠵᠢᠶᠦ᠋ᠨ᠄ ᠥᠪᠥᠷ ᠮᠣᠩᠭᠤᠯ ᠨᠠᠮ ᠤᠨ ᠲᠥᠪ ᠬᠤᠷᠢᠶ᠎ᠠ ᠶᠢᠨ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ | ᠪᠠᠶᠢᠭᠤᠯᠤᠯᠲᠠ ᠪᠠ ᠳᠦᠷᠢᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠤᠭᠠᠳ ᠰᠢᠨ᠎ᠡ | ᠦᠷ᠎ᠡ ᠪᠦᠲᠦᠮᠵᠢ ᠣᠯᠪᠡ᠃ | ᠨᠢᠭᠡ ᠳᠤ ᠦᠵᠡᠯ ᠰᠠᠨᠠᠭᠠᠨ ᠤ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠪᠠ᠃ ᠠᠷᠪᠠᠨ ᠨᠠᠢᠮᠠᠳᠤᠭᠠᠷ | ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠ᠂ ᠳᠥᠷᠪᠡ᠂ ᠲᠠᠪᠤᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠪᠦᠬᠦ ᠨᠠᠮ ᠢ ᠵᠡᠪᠰᠡᠭᠯᠡᠬᠦ ᠶᠢ ᠪᠠᠷᠢᠮᠳᠠᠯᠠᠨ᠂ ᠶᠡᠷᠦᠩᠬᠡᠢ ᠱᠦᠵᠢ ᠰᠢ ᠶᠢᠨ | ᠫᠢᠩ ᠤᠨ ᠠᠯᠢ ᠤᠯᠠᠨ ᠴᠢᠬᠤᠯᠠ ᠶᠠᠷᠢᠶ᠎ᠠ ᠪᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠠᠷ ᠪᠦᠬᠦ ᠨᠠᠮ ᠢ ᠵᠡᠪᠰᠡᠭᠯᠡᠵᠦ᠂ ᠨᠠᠮ ᠤᠨ ᠭᠡᠰᠢᠭᠦᠨ ᠺᠠᠳ᠋ᠷᠴᠤᠳ ᠲᠤ | ᠬᠠᠨᠳᠤᠭᠤᠯᠤᠭᠰᠠᠨ ᠪᠣᠯᠪᠠᠰᠤᠷᠠᠭᠤᠯᠤᠯ ᠡᠭᠡᠯᠵᠢᠲᠦ ᠪᠣᠯᠪᠠᠰᠤᠷᠠᠭᠤᠯᠤᠯ ᠪᠠ ᠦᠨᠳᠦᠰᠦᠨ ᠱᠠᠲᠤᠨ ᠤ ᠤᠯᠠᠨ ᠲᠦᠮᠡᠨ | ᠳᠤ ᠬᠠᠨᠳᠤᠭᠤᠯᠤᠭᠰᠠᠨ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠦᠷᠨᠢᠭᠦᠯᠪᠡ᠃ | ᠬᠤᠶᠠᠷ ᠲᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠪᠠ᠃ ᠰᠢᠨᠵᠢᠯᠡᠬᠦ ᠤᠬᠠᠭᠠᠨᠴᠢ | ᠪᠥᠭᠡᠳ ᠪᠦᠲᠦᠮᠵᠢᠲᠡᠶ ᠬᠥᠮᠦᠨ ᠰᠣᠩᠭᠤᠵᠤ ᠬᠥᠮᠦᠨ ᠬᠡᠷᠡᠭᠯᠡᠬᠦ ᠲᠣᠭᠲᠠᠴᠠ ᠶᠢ ᠪᠠᠶᠢᠭᠤᠯᠤᠨ᠂ ᠨᠠᠮ ᠤᠨ | ᠭᠤᠣᠯᠯᠠᠭᠴᠢ ᠦᠢᠯᠡᠳᠦᠯ ᠢ ᠢᠯᠡᠳᠲᠡ ᠪᠠᠳᠠᠷᠠᠭᠤᠯᠵᠤ᠂ ᠺᠠᠳ᠋ᠷ ᠤᠨ ᠡ᠊ᠡᠭᠨᠡᠭᠡᠨ ᠤ ᠪᠠᠶᠢᠭᠤᠯᠤᠯᠲᠠ ᠶᠢᠨ ᠠᠵᠢᠯ ᠢ | ᠬᠦᠴᠦᠲᠡᠶ ᠲᠦᠯᠬᠢᠨ ᠠᠬᠢᠭᠤᠯᠪᠠ᠃ | ᠭᠤᠷᠪᠠ ᠳᠤ ᠰᠤᠷᠲᠠᠯ ᠤᠨ ᠪᠠᠶᠢᠭᠤᠯᠤᠯᠲᠠ ᠶᠢ ᠤᠳᠠᠭᠠᠨ ᠳᠠᠭᠠᠭᠠᠮᠠᠭᠠᠶ ᠪᠠᠷ ᠳᠥᠯᠭᠢᠨ ᠠᠬᠢᠭᠤᠯᠪᠠ᠃ | ᠨᠠᠮ ᠤᠨ ᠲᠥᠪ ᠬᠤᠷᠢᠶ᠎ᠠ ᠶᠢᠨ ᠨᠠᠢᠮᠠᠨ ᠵᠤᠷᠪᠤᠰ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠨᠠᠮ ᠤᠨ ᠣᠯᠠᠨ | ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠪᠠ ︽ᠭᠤᠷᠪᠠᠨ ᠴᠢᠩᠭ᠎ᠠ ᠭᠤᠷᠪᠠᠨ ᠪᠣᠳᠠᠲᠠᠶ︾ | ᠶᠢᠨ ᠲᠤᠰᠬᠠᠶ ᠬᠥᠮᠦᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠬᠡᠪ ᠰᠤᠷᠲᠠᠯ ᠢ ᠴᠡᠭᠴᠡᠯᠡᠵᠦ | ᠰᠠᠬᠢᠯᠭ᠎ᠠ ᠪᠠᠲᠤ ᠶᠢ ᠴᠢᠩᠳᠠᠯᠠᠬᠤ ᠪᠠ ᠲᠤᠰᠬᠠᠶ ᠴᠡᠭᠴᠡᠯᠡᠨ ᠵᠠᠰᠠᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ | ᠲᠥᠪ ᠤᠨ ᠲᠣᠭᠤᠷᠢᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠰᠠᠨᠠᠯ ᠪᠠ ᠬᠥᠮᠦᠵᠢᠯ ᠦᠢᠯᠡᠳᠦᠯᠭᠡ ᠶᠢᠨ | ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ ᠪᠣᠳᠠᠲᠠᠶ︾ ᠶᠢᠨ ᠲᠤᠰᠬᠠᠶ ᠰᠡᠳᠦᠪᠲᠦ ᠬᠥᠮᠦᠵᠢᠯ ᠤᠨ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠭᠰᠠᠨ ᠪᠠ ᠪᠠᠰᠠ ᠤᠳᠠᠯ ᠦᠭᠡᠢ ︽ | ᠬᠤᠶᠠᠷ ᠢ ᠰᠤᠷᠤᠯᠴᠠᠵᠤ ᠨᠢᠭᠡ ᠶᠢ ᠬᠢᠬᠦ︾ ᠶᠢᠨ ᠰᠤᠷᠤᠯᠴᠠᠯᠭ᠎ᠠ ᠬᠦᠮᠦᠵᠢᠯ ᠢ ᠥᠷᠨᠢᠭᠦᠯᠵᠦ᠂ ᠰᠤᠷᠲᠠᠯ ᠤᠨ | ᠪᠠᠶᠢᠭᠤᠯᠤᠯᠲᠠ ᠶᠢ ᠴᠢᠩᠭ᠎ᠠ ᠠᠳᠬᠤᠬᠤ ᠪᠠᠷ ᠳᠠᠮᠵᠢᠭᠤᠯᠤᠨ᠂ ᠰᠢᠯᠢᠳᠡᠭ ᠰᠠᠶᠢᠨ ᠨᠠᠮ ᠤᠨ ᠰᠤᠷᠲᠠᠯ ᠵᠠᠰᠠᠭ ᠤᠨ | ᠰᠤᠷᠲᠠᠯ ᠢᠶᠠᠷ ᠪᠦᠬᠦ ᠨᠡᠶᠢᠭᠡᠮ ᠤᠨ ᠬᠡᠪ ᠰᠤᠷᠲᠠᠯ ᠢ ᠳᠠᠶᠢᠴᠢᠯᠠᠨ ᠦᠨᠳᠦᠰᠦ ᠠᠴᠠ ᠨᠢ ᠰᠠᠶᠢᠵᠢᠷᠠᠭᠤᠯᠬᠤ ᠪᠠᠷ ᠪᠠᠶᠢᠨ᠎ᠠ | ᠃ | ᠲᠦᠷᠪᠡ ᠳᠤ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠢᠯᠵᠠᠷᠠᠯ ᠢ | ᠡᠰᠡᠷᠭᠦᠴᠡᠬᠦ ᠠᠵᠢᠯ ᠢ ᠰᠢᠨᠲᠠᠷᠠᠰᠢ ᠦᠭᠡᠢ ᠰᠠᠶᠢᠲᠤᠷ ᠠᠳᠬᠤᠪᠠ᠃ ᠲᠥᠪ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ | ᠢᠯᠵᠠᠷᠠᠯ ᠢ ᠵᠠᠯᠬᠠᠭᠠᠨ ᠰᠢᠳᠬᠡᠬᠦ ᠲᠠᠯ᠎ᠠ ᠪᠠᠷ ᠥᠴᠦᠬᠡᠨ ᠴᠦ ᠢᠯᠳᠠᠷ ᠬᠠᠶᠠᠬᠤ ᠦᠭᠡᠢ᠂ ᠴᠠᠭᠠᠵᠠᠲᠤ ᠣᠷᠣᠨ ᠥᠭᠡᠢ | ᠂ ᠪᠦᠷᠢᠨ ᠪᠦᠷᠬᠦᠭᠦᠯᠬᠦ ᠶᠢ ᠬᠡᠷᠡᠭᠵᠢᠭᠦᠯᠵᠦ᠂ ︽ᠪᠠᠷᠰ︾ ︽ᠢᠯᠠᠭ᠎ᠠ︾ ᠶᠢ ᠬᠠᠮᠲᠤ ᠳᠤᠨᠢ ᠴᠣᠬᠢᠬᠤ ᠶᠢ ᠪᠠᠷᠢᠮᠳᠠᠯᠠᠨ | ᠂ ᠪᠦᠬᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠤᠭᠤᠳ | ᠨᠡᠶᠢᠲᠡ 10 ᠲᠦᠮᠡ ᠭᠠᠷᠤᠢ ᠵᠠᠬᠢᠳᠠᠯ ᠰᠤᠷᠪᠤᠯᠵᠢᠯᠠᠯ ᠤᠨ ᠢᠯᠡᠴᠢᠯᠡᠯᠲᠡ ᠶᠢ ᠬᠦᠯᠢᠶᠡᠨ ᠠᠪᠴᠤ ᠰᠢᠢᠳᠪᠦᠷᠢᠯᠡᠨ᠂ | ᠠᠰᠠᠭᠤᠳᠠᠯ ᠤᠨ ᠰᠦᠪᠡᠭᠴᠢ ᠶᠢ 3.6 ᠲᠦᠮᠡ ᠭᠠᠷᠤᠢ ᠰᠢᠢᠳᠪᠦᠷᠢᠯᠡᠵᠦ᠂ ᠰᠠᠬᠢᠯᠭ᠎ᠠ ᠪᠠᠲᠤ ᠬᠠᠤᠯᠢ ᠶᠢ | ᠵᠥᠷᠢᠴᠡᠭᠰᠡᠨ ᠬᠡᠷᠡᠭ ᠢ 11163 ᠪᠠᠶᠢᠴᠠᠭᠠᠨ ᠰᠢᠢᠳᠪᠦᠷᠢᠯᠡᠵᠦ᠂ 11310 ᠬᠥᠮᠦᠨ ᠳᠤ ᠨᠠᠮ ᠵᠠᠰᠠᠭ ᠤᠨ | ᠰᠠᠬᠢᠯᠭ᠎ᠠ ᠪᠠᠲᠤ ᠶᠢᠨ ᠰᠢᠳᠬᠡᠯ ᠥᠭᠪᠡ᠂ ᠡᠭᠦᠨ ᠳᠤ ᠲᠢᠩᠬᠢᠮ ᠲᠣᠪᠴᠢᠶᠠᠨ ᠤ ᠲᠡᠰ ᠤᠨ ᠺᠠᠳ᠋ᠷ 80 ᠬᠥᠮᠦᠨ᠂ | ᠰᠢᠶᠠᠨ ᠭᠠᠵᠠᠷ ᠤᠨ ᠳᠡᠰ ᠤᠨ ᠺᠠᠳ᠋ᠷ 465 ᠬᠥᠮᠦᠨ ᠪᠠᠶᠢᠵᠤ᠂ 385 ᠬᠥᠮᠦᠨ ᠢ ᠬᠠᠤᠯᠢ ᠴᠠᠭᠠᠵᠠ ᠶᠢᠨ | ᠪᠠᠶᠢᠭᠤᠯᠤᠯᠭ᠎ᠠ ᠳᠤ ᠰᠢᠯᠵᠢᠭᠦᠯᠦᠨ ᠲᠤᠰᠢᠶᠠᠪᠠ᠂ ᠡᠭᠦᠨ ᠳᠤ ᠲᠢᠩᠬᠢᠮ ᠲᠣᠪᠴᠢᠶ᠎ᠠ ᠶᠢᠨ ᠲᠡᠰ ᠤᠨ ᠺᠠᠳ᠋ᠷ 27 | ᠬᠥᠮᠦᠨ᠂ ᠰᠢᠶᠠᠨ ᠭᠠᠵᠠᠷ ᠤᠨ ᠳᠡᠰ ᠤᠨ ᠺᠠᠳ᠋ᠷ 42 ᠪᠠᠶᠢᠪᠠ᠃ | ᠲᠠᠪᠤ ᠳᠤ ᠨᠠᠮ ᠢ ᠴᠢᠩᠭ᠎ᠠ ᠵᠠᠰᠠᠬᠤ ᠲᠦᠷᠢᠮ ᠤᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠪᠡ᠃ ︽ | ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠪᠠᠷᠢᠮᠵᠢᠶ᠎ᠠ︾ ︽ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ | ᠪᠠ ︽ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ︾ ︽ᠲᠣᠭᠤᠷᠢᠨ ᠪᠠᠶᠢᠴᠠᠭᠠᠬᠤ ᠠᠵᠢᠯ ᠤᠨ | ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠲᠤᠤᠱᠠᠯᠠᠭᠤᠯᠤᠨ ᠨᠠᠶᠢᠳᠠᠪᠤᠷᠢᠵᠢᠭᠤᠯᠬᠤ ᠶᠢᠨ | ᠬᠡᠷᠡᠭᠵᠢᠭᠦᠯᠬᠦ ᠰᠠᠨᠠᠯ ᠢ ᠰᠤᠳᠤᠯᠤᠨ ᠲᠣᠭᠲᠠᠭᠠᠵᠤ᠂ ᠠᠷᠠᠳᠴᠢᠯᠠᠯ ᠲᠥᠪᠯᠡᠷᠡᠯ ᠤᠨ ᠶᠣᠰᠤ᠂ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠺᠠᠳ᠋ᠷ ᠤᠨ ᠡᠩᠨᠡᠭᠡᠨ ᠤ ᠬᠠᠮᠢᠶᠠᠷᠤᠯᠲᠠ᠂ ᠰᠤᠷᠲᠠᠯ ᠤᠨ | ᠪᠠᠶᠢᠭᠤᠯᠤᠯᠲᠠ᠂ ᠤᠯᠠᠨ ᠲᠦᠮᠡᠨ ᠲᠠᠢ ᠬᠠᠷᠢᠯᠴᠠᠬᠤ ᠪᠠ ᠦᠢᠯᠡᠴᠢᠯᠡᠬᠦ᠂ ᠡᠷᠬᠡ ᠶᠢᠨ ᠠᠵᠢᠯᠯᠠᠭᠠᠨ ᠢ | ᠵᠢᠷᠤᠮᠵᠢᠭᠤᠯᠬᠤ ᠶᠢ ᠲᠤᠤᠱᠠᠯᠠᠭᠤᠯᠬᠤ ᠵᠡᠷᠭᠡ ᠲᠠᠯ᠎ᠠ ᠪᠠᠷ᠂ ᠨᠢᠭᠡ ᠪᠦᠯᠦᠭ ᠠᠵᠢᠯ ᠤᠨ ᠲᠦᠷᠢᠮ ᠪᠠ | ᠬᠠᠮᠢᠶᠠᠷᠤᠯᠲᠠ ᠶᠢᠨ ᠳᠦᠷᠢᠮ ᠢ ᠲᠣᠭᠲᠠᠭᠠᠭᠰᠠᠨ ᠪᠠ ᠲᠡᠭᠦᠨ ᠳᠤ ᠵᠠᠰᠠᠪᠤᠷᠢ ᠣᠷᠤᠭᠤᠯᠤᠭᠭᠠᠳ ᠲᠤᠤᠱᠯᠠᠭᠤᠯᠤᠨ | ᠬᠡᠷᠡᠭᠵᠢᠭᠦᠯᠬᠦ ᠪᠠ ᠬᠢᠨᠠᠯᠲᠠ ᠲᠠᠯᠪᠢᠨ ᠪᠠᠶᠢᠴᠠᠭᠠᠬᠤ ᠪᠠᠨ ᠤᠯᠠᠮ ᠴᠢᠩᠭᠠᠳᠬᠠᠵᠤ᠂ ᠳᠦᠷᠢᠮ ᠢᠶᠠᠷ ᠡᠷᠬᠡ ᠶᠢ | ᠬᠠᠮᠢᠶᠠᠷᠬᠤ᠂ ᠬᠡᠷᠡᠭ ᠤᠴᠢᠷ ᠢ ᠬᠠᠮᠢᠶᠠᠷᠬᠤ᠂ ᠬᠥᠮᠦᠨ ᠢ ᠬᠠᠮᠢᠶᠠᠷᠬᠤ ᠶᠢ ᠦᠨᠡᠨᠬᠦ ᠭᠦᠢᠴᠡᠳᠬᠡᠪᠡ᠃ | ᠠᠰᠠᠭᠤᠯᠲᠠ ᠳᠦᠷᠪᠡ᠄ ︽ᠠᠷᠪᠠ ᠶᠢ ᠪᠦᠷᠢᠨ ᠪᠦᠷᠬᠦᠭᠦᠯᠬᠦ︾ ᠳᠤ 886 ᠳ᠋ᠦᠩᠰᠢᠭᠤᠷ ᠲᠥᠭᠦᠷᠢᠭ | ᠣᠷᠤᠭᠤᠯᠪᠠ᠂ ᠶᠠᠭᠠᠬᠢᠭᠠᠳ ᠪᠤᠶ︖ | ᠲᠥᠪ ᠤᠨ ᠠᠷᠠᠳ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠶᠢᠨ ᠰᠤᠷᠪᠤᠯᠵᠢᠯᠠᠭᠴᠢ᠄ ᠡᠨᠡ ᠤᠳᠠᠭᠠᠨ ᠤ | ᠪᠦᠬᠦ ᠤᠯᠤᠰ ᠤᠨ ᠬᠤᠶᠠᠷ ᠬᠤᠷᠠᠯ ᠳᠡᠭᠡᠷ᠎ᠡ᠂ ᠥᠪᠥᠷ ᠮᠣᠩᠬᠤᠯ ᠤᠨ ᠲᠥᠯᠥᠭᠡᠯᠡᠭᠴᠢᠳ ᠤᠨ ᠪᠦᠯᠬᠦᠮ ᠤᠨ ᠮᠠᠰᠢ | ᠤᠯᠠᠨ ᠲᠥᠯᠥᠭᠡᠯᠡᠭᠴᠢᠳ ᠪᠦᠷ ᠥᠪᠥᠷ ᠮᠣᠩᠭᠤᠯ ᠨᠢ ᠮᠠᠯᠵᠢᠬᠤ ᠲᠠᠷᠢᠶᠠᠯᠠᠬᠤ ᠣᠷᠣᠨ ᠳᠤ ︽ᠠᠷᠪᠠ ᠶᠢ ᠪᠦᠷᠢᠨ | ᠪᠦᠷᠬᠦᠭᠦᠯᠬᠦ ︾ ᠢᠨᠵᠧᠨᠧᠷᠢᠩ ᠢ ᠬᠡᠷᠡᠭᠵᠢᠭᠦᠯᠦᠭᠰᠡᠨ ᠢ ᠳᠤᠷᠠᠳᠪᠠ᠂ ᠲᠡᠷᠢᠭᠦᠯᠡᠭᠴᠢ ᠪᠠᠭᠠᠲᠤᠷ ᠴᠦ ᠡᠨᠡ ᠬᠦ | ᠠᠵᠢᠯ ᠳᠤ ᠥᠪᠥᠷ ᠮᠣᠩᠭᠤᠯ ᠨᠢᠭᠡᠨᠲᠡ 886 ᠳ᠋ᠦᠩᠰᠢᠭᠤᠷ ᠲᠥᠭᠦᠷᠢᠭ ᠪᠡᠯᠡ ᠣᠷᠣᠭᠤᠯᠪᠠ ᠭᠡᠵᠦ ᠳᠤᠷᠠᠳᠪᠠ᠂ | ᠶᠠᠭᠠᠬᠢᠬᠤ ᠳᠠᠭᠠᠨ ᠡᠶᠢᠮᠦ ᠶᠡᠭᠡ ᠪᠡᠯᠡ ᠮᠥᠩᠭᠦ ᠵᠠᠷᠤᠴᠠᠭᠤᠯᠤᠨ ᠡᠨᠡᠬᠦ ᠢᠨᠵᠧᠨᠧᠷᠢᠩ ᠢ ᠬᠡᠷᠡᠭᠵᠢᠭᠦᠯᠦᠭᠰᠡᠨ ᠪᠤᠢ︖ | ᠡᠭᠦᠨ ᠠᠴᠠ ᠭᠠᠳᠠᠨ᠎ᠠ᠂ ᠮᠠᠯᠵᠢᠬᠤ ᠲᠠᠷᠢᠶᠠᠯᠠᠬᠤ ᠣᠷᠣᠨ ᠳᠤ ᠵᠠᠮ ᠨᠡᠪᠲᠡᠷᠡᠭᠦᠯᠬᠦ᠂ ᠴᠠᠬᠢᠯᠭᠠᠨ ᠨᠡᠪᠲᠡᠷᠡᠭᠦᠯᠬᠦ᠂ ᠤᠰᠤ | ᠨᠡᠪᠲᠡᠷᠡᠭᠦᠯᠬᠦ ᠵᠡᠷᠭᠡ ᠰᠠᠭᠤᠷᠢ ᠪᠡᠯᠡᠳᠬᠡᠮᠵᠢ ᠶᠢᠨ ᠦᠢᠯᠡᠴᠢᠯᠡᠭᠡ ᠬᠠᠩᠭᠠᠬᠤ ᠠᠴᠠ ᠭᠠᠳᠠᠨ᠎ᠠ᠂ ᠲᠠᠷᠠᠭᠠᠴᠢ ᠶᠢᠨ | ᠠᠯᠬᠤᠮ ᠳᠤ ᠪᠠᠰᠠ ᠶᠠᠮᠠᠷ ᠶᠠᠮᠠᠷ ᠲᠠᠯ᠎ᠠ ᠪᠠᠷ ᠡᠨᠡᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠬᠦ ᠪᠤᠢ︖ | ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠱᠦᠵᠢ ᠸᠠᠩ ᠵᠢᠶᠦ᠋ᠨ᠄ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠨᠢ ᠬᠤᠶᠠᠷ ᠬᠤᠷᠠᠯ ᠤᠨ | ᠲᠦᠯᠦᠭᠡᠯᠡᠭᠴᠢᠳ ᠤᠨ ᠬᠠᠯᠠᠭᠤᠨ ᠶᠠᠷᠢᠯᠴᠠᠭ᠎ᠠ ᠪᠣᠯᠤᠭᠰᠠᠨ ᠢᠶᠠᠷ ᠥᠯᠥ ᠪᠠᠷᠠᠮ ᠪᠠᠰᠠᠴᠤ ᠮᠠᠯᠴᠢᠨ ᠲᠠᠷᠢᠶᠠᠴᠢᠨ ᠤᠯᠠᠨ | ᠲᠦᠮᠡᠨ᠂ ᠨᠠᠮ ᠤᠨ ᠭᠡᠰᠢᠭᠦᠨ ᠺᠠᠳ᠋ᠷ ᠪᠠ ᠵᠠᠭᠤᠴᠢᠯᠠᠭᠤᠷ ᠤᠨ ᠬᠢᠨ ᠬᠠᠯᠠᠭᠤᠨ ᠶᠠᠷᠢᠯᠴᠠᠭ᠎ᠠ ᠪᠣᠯᠪᠠ᠃ ᠶᠠᠭᠤᠨ ᠤ | ᠤᠴᠢᠷ ᠠᠴᠠ ᠡᠶᠢᠮᠦ ᠪᠣᠯᠪᠠ ᠭᠡᠪᠡᠯ᠂ ᠮᠢᠨᠦ ᠪᠣᠳᠣᠬᠤ ᠪᠠᠷ ᠭᠤᠣᠯ ᠨᠢ ︽ᠠᠷᠪᠠ ᠶᠢ ᠪᠦᠷᠢᠨ ᠪᠦᠷᠬᠦᠭᠦᠯᠬᠦ︾ ᠡᠨᠡᠬᠦ | ᠠᠷᠠᠳ ᠤᠨ ᠠᠮᠢᠳᠤᠷᠠᠯ ᠤᠨ ᠢᠨᠵᠧᠨᠧᠷᠢᠩ ᠨᠢ ᠤᠯᠠᠨ ᠲᠦᠮᠡᠨ ᠤ ᠰᠠᠨᠠᠵᠤ ᠪᠣᠳᠤᠵᠤ ᠪᠠᠶᠢᠭᠰᠠᠨ ᠵᠦᠢᠯ ᠢ ᠬᠢᠭᠰᠡᠨ | ᠳᠤ ᠪᠣᠢ ᠰᠡᠳᠭᠢᠯ ᠳᠤ ᠨᠡᠶᠢᠴᠡᠪᠡ᠃ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠤᠶᠢᠯᠭᠠᠶᠠ ᠭᠡᠪᠡᠯ᠂ | ᠬᠡᠳᠦᠨ ᠤᠬᠠᠭᠳᠠᠬᠤᠨ ᠢ ᠲᠣᠳᠣᠷᠬᠠᠶ ᠮᠡᠳᠡᠬᠦ ᠬᠡᠷᠡᠭᠲᠡᠶ ᠭᠡᠪᠡ᠃ | ᠶᠠᠭᠤ ᠶᠢ ︽ᠠᠷᠪᠠ ᠶᠢ ᠪᠦᠷᠢᠨ ᠪᠦᠷᠬᠦᠭᠦᠯᠬᠦ︾ ᠭᠡᠳᠡᠭ ᠪᠣᠢ ᠭᠡᠪᠡᠯ᠂ 2014 ᠣᠨ ᠠᠴᠠ ᠡᠬᠢᠯᠡᠨ᠂ | ᠥᠪᠥᠷ ᠮᠣᠩᠭᠤᠯ 3 ᠵᠢᠯ ᠳᠤ 1000 ᠳ᠋ᠦᠩᠰᠢᠭᠤᠷ ᠲᠥᠭᠦᠷᠢᠭ ᠣᠷᠤᠭᠤᠯᠬᠤ ︽ᠠᠷᠪᠠ ᠶᠢ ᠪᠦᠷᠢᠨ ᠪᠦᠷᠬᠦᠭᠦᠯᠬᠦ︾ | ᠢᠨᠵᠧᠨᠧᠷᠢᠩ ᠢ ᠡᠬᠢᠯᠡᠨ ᠬᠡᠷᠡᠭᠵᠢᠭᠦᠯᠪᠡ᠂ ᠡᠭᠦᠨ ᠳᠤ ᠭᠤᠣᠯᠳᠠᠭᠤ ᠨᠤᠷᠠᠬᠤ ᠠᠶᠤᠯᠲᠠᠶ ᠭᠡᠷ ᠪᠠᠶᠢᠰᠢᠩ ᠢ | ᠥᠭᠡᠷᠡᠴᠢᠯᠡᠬᠦ᠂ ᠤᠰᠤ ᠤᠮᠳᠠ ᠶᠢᠨ ᠠᠮᠤᠷ ᠲᠦᠪᠰᠢᠨ᠂ ᠵᠡᠭᠡᠯᠢ ᠭᠤᠳᠤᠮ ᠤᠨ ᠬᠠᠲᠠᠭᠤᠷᠠᠭᠤᠯᠤᠯ᠂ ᠭᠠᠴᠠᠭ᠎ᠠ | ᠪᠦᠬᠦᠨ ᠳᠤ ᠴᠠᠬᠢᠯᠭᠠᠨ ᠨᠡᠪᠲᠡᠷᠡᠭᠦᠯᠬᠦ ᠪᠠ ᠴᠠᠬᠢᠯᠭᠠᠨ ᠲᠣᠣᠷ ᠢ ᠦᠭᠡᠷᠡᠴᠢᠯᠡᠬᠦ᠂ ᠲᠣᠰᠬᠤᠨ ᠪᠣᠯᠭᠠᠨ ᠳᠤ ᠷᠠᠳᠢᠣ᠋ | ᠲᠧᠯᠸᠢᠰ ᠨᠡᠪᠲᠡᠷᠡᠭᠦᠯᠬᠦ᠂ ᠰᠤᠷᠭᠠᠭᠤᠯᠢ ᠶᠢᠨ ᠪᠠᠶᠢᠷᠢ ᠶᠢ ᠪᠦᠳᠦᠭᠡᠨ ᠪᠠᠶᠢᠭᠤᠯᠬᠤ ᠠᠮᠤᠷ ᠲᠥᠪᠰᠢᠨ ᠢ | ᠰᠠᠶᠢᠵᠢᠷᠠᠭᠤᠯᠬᠤ᠂ ᠪᠠᠷᠢᠮᠵᠢᠶᠠᠵᠢᠭᠤᠯᠤᠭᠰᠠᠨ ᠡᠷᠡᠭᠦᠯ ᠬᠠᠮᠠᠭᠠᠯᠠᠯ ᠤᠨ ᠦᠷᠦᠭᠡ᠂ ᠪᠠᠷᠢᠮᠵᠢᠶᠠᠵᠢᠭᠤᠯᠤᠭᠰᠠᠨ | ᠰᠣᠶᠣᠯ ᠤᠨ ᠦᠷᠦᠭᠡ᠂ ᠤᠯᠠᠨ ᠲᠦᠮᠡᠨ ᠳᠤ ᠲᠦᠬᠦᠮ ᠦᠵᠡᠭᠦᠯᠬᠦ ᠬᠤᠯᠪᠤᠭᠠᠲᠤ ᠬᠡᠳᠦ ᠳᠡᠯᠭᠡᠭᠦᠷ ᠪᠠᠶᠢᠭᠤᠯᠬᠤ ᠪᠠ | ᠨᠠᠰᠤᠵᠢᠯ ᠤᠨ ᠠᠰᠠᠷᠠᠮᠵᠢ ᠡᠮ ᠡᠮᠨᠡᠯᠭᠡ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠪᠠᠭᠲᠠᠭᠠᠪᠠ᠃ | ᠶᠠᠭᠤᠨ ᠳᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠬᠡᠷᠡᠭᠵᠢᠭᠦᠯᠵᠦ ᠪᠠᠶᠢᠬᠤ ᠪᠣᠢ ᠭᠡᠪᠡᠯ᠂ | ᠥᠪᠥᠷ ᠮᠣᠩᠭᠤᠯ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠶᠡᠬᠡᠪᠡᠷ ᠬᠡᠷᠡᠭᠵᠢᠭᠦᠯᠦᠭᠰᠡᠨ ᠨᠢ᠂ | ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠢ ᠶᠡᠬᠡᠪᠡᠷ ᠬᠦᠭᠵᠢᠭᠦᠯᠵᠦ᠂ ᠠᠷᠠᠳ ᠤᠨ ᠠᠮᠢᠳᠤᠷᠠᠯ ᠭᠡᠬᠦ ᠡᠨᠡ | ᠬᠠᠮᠤᠭ ᠤᠨ ᠶᠡᠭᠡ ︽ᠲᠤᠲᠠᠮᠠᠭ ᠲᠠᠯ᠎ᠠ︾ ᠶᠢ ᠬᠦᠴᠦ ᠲᠠᠯᠪᠢᠨ ᠨᠦᠬᠦᠪᠦᠷᠢᠯᠡᠬᠦ ᠶᠠᠪᠤᠳᠠᠯ ᠶᠤᠮ᠃ ᠬᠡᠷᠪᠡ ᠡᠨᠡᠬᠦ | ᠳᠤᠲᠠᠮᠠᠭ ᠲᠠᠯ᠎ᠠ ᠪᠠᠨ ᠨᠦᠬᠦᠪᠦᠷᠢᠯᠡᠵᠦ ᠴᠢᠳᠠᠬᠤ ᠦᠭᠡᠢ ᠪᠣᠯ᠂ 2020 ᠣᠨ ᠪᠣᠯᠬᠤ ᠳᠤ᠂ ᠥᠪᠥᠷ ᠮᠣᠩᠭᠤᠯ ᠳᠤ | 1000 ᠲᠦᠮᠡᠨ ᠬᠦᠮᠦᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠡᠩᠨᠡᠭᠡᠨ ᠠᠴᠠ | ᠬᠤᠴᠤᠷᠠᠵᠤ ᠮᠡᠳᠡᠨ᠎ᠡ᠃ | ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠬᠡᠷᠡᠭᠵᠢᠭᠦᠯᠦᠭᠰᠡᠨ ᠤ ᠦᠷ᠎ᠡ ᠪᠦᠲᠦᠮᠵᠢ ᠨᠢ ᠬᠢᠷᠢ | ᠵᠡᠷᠭᠡ ᠪᠣᠢ ᠭᠡᠪᠡᠯ᠂ ᠣᠳᠣᠬᠠᠨ ᠳᠤ ᠨᠢᠭᠡᠨᠲᠡ ᠪᠡᠯᠡ ᠣᠷᠣᠭᠤᠯᠤᠯᠲᠠ ᠶᠢᠨ ᠬᠢ ᠪᠠᠨ 886 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ 84.4% ᠶᠢᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠪᠥᠳᠥᠭᠡᠨ | ᠪᠠᠶᠢᠭᠤᠯᠤᠨ ᠥᠭᠡᠷᠡᠴᠢᠯᠡᠬᠦ ᠡᠭᠦᠷᠭᠡ ᠪᠠᠨ ᠪᠡᠶᠡᠯᠡᠭᠦᠯᠦᠭᠰᠡᠨ ᠪᠠᠶᠢᠨ᠎ᠠ᠃ ᠢᠨᠵᠧᠨᠧᠷᠢᠩ ᠢ ᠪᠦᠬᠦ ᠲᠠᠯ᠎ᠠ ᠪᠠᠷ | ᠬᠡᠷᠡᠭᠵᠢᠭᠦᠯᠦᠭᠰᠡᠨ ᠠᠴᠠ ᠮᠠᠯᠵᠢᠬᠤ ᠲᠠᠷᠢᠶᠠᠯᠠᠬᠤ ᠣᠷᠣᠨ ᠤ ᠬᠤᠴᠣᠷᠤᠩᠭᠤᠶ ᠳᠦᠷᠰᠦ ᠪᠠᠶᠢᠳᠠᠯ ᠢ ᠮᠠᠰᠢ ᠲᠦᠷᠭᠡᠨ | ᠬᠤᠪᠢᠷᠠᠭᠤᠯᠵᠦ᠂ ᠠᠵᠤ ᠠᠬᠤᠶ ᠶᠢᠨ ᠨᠡᠮᠡᠭᠳᠡᠯ ᠢ ᠲᠠᠲᠠᠨ ᠳᠠᠶᠢᠴᠢᠯᠠᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠪᠠᠨ | ᠨᠡᠮᠡᠭᠳᠡᠭᠦᠯᠬᠦ ᠶᠢ ᠠᠬᠢᠭᠤᠯᠤᠨ᠂ ᠨᠠᠮ ᠪᠣᠯᠤᠨ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠦᠨᠳᠦᠰᠦᠲᠡᠨ | ᠨᠦᠭᠦᠳ ᠤᠨ ᠤᠯᠠᠨ ᠲᠦᠮᠡᠨ ᠤ ᠬᠦᠷᠢᠶᠡᠯᠡᠯ ᠪᠠ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃ | ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠬᠡᠷᠡᠭᠵᠢᠭᠦᠯᠬᠦ ᠨᠢ ᠲᠠᠭᠠᠷᠠᠨ᠎ᠠ ᠤᠤ ᠦᠭᠡᠢ ᠤᠤ᠂ | ᠳᠠᠷᠠᠭᠠᠴᠢ ᠪᠠᠷ ᠶᠠᠭᠠᠬᠢᠵᠤ ᠠᠵᠢᠯᠯᠠᠬᠤ ᠭᠡᠪᠡᠯ ᠶᠡᠷᠦᠩᠬᠡᠶ ᠱᠦᠵᠢ ᠰᠢ ᠶᠢᠨ ᠫᠢᠩ ᠲᠠᠬᠢᠨ ᠳᠠᠪᠲᠠᠨ ᠴᠢᠬᠤᠯᠠᠴᠢᠯᠠᠭᠰᠠᠨ | ᠨᠢ᠄ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠳᠠᠷᠤᠶ ᠮᠠᠨ ᠤ ᠲᠡᠮᠡᠴᠡᠬᠦ | ᠬᠠᠷᠠᠯᠲᠠ ᠮᠥᠨ︾ ᠭᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠢᠳᠠ ᠲᠥᠪ ᠤᠨ ᠨᠠᠭᠠᠳᠤ | ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ᠂ ᠭᠤᠣᠯᠳᠠᠯᠭ᠎ᠠ ᠶᠢ ᠳᠣᠪᠤᠶᠢᠯᠭᠠᠬᠤ᠂ ᠳᠦᠷᠢᠮ ᠲᠣᠭᠲᠠᠭᠠᠯ ᠢ | ᠪᠦᠷᠢᠨᠰᠢᠭᠦᠯᠬᠦ᠂ ᠵᠢᠱᠢᠭᠰᠡᠨ ᠰᠡᠳᠬᠢᠴᠡ ᠪᠠ ᠱᠠᠭᠠᠷᠳᠠᠯᠭ᠎ᠠ ᠶᠢ ᠬᠥᠲᠥᠯᠥᠨ ᠵᠢᠯᠤᠭᠤᠳᠬᠤ ᠶᠢ ᠭᠦᠨᠵᠡᠭᠡᠢ | ᠲᠤᠤᠱᠠᠯᠠᠭᠤᠯᠤᠨ᠂ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠬᠥᠭᠵᠢᠯᠲᠡ ᠶᠢᠨ ᠤᠳᠤᠷᠢᠳᠤᠮᠵᠢ ᠶᠢ | ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠠᠭᠤᠷᠠᠶ ᠲᠠᠯ᠎ᠠ ᠶᠢ ᠴᠢᠩᠭ᠎ᠠ ᠠᠳᠬᠤᠨ᠂ | ᠬᠠᠮᠤᠭ ᠠᠴᠠ ᠢᠯᠡᠭᠦᠦ ᠬᠠᠯᠠᠮᠵᠢᠯᠠᠬᠤ ᠴᠢᠬᠤᠯᠠ ᠲᠠᠢ ᠬᠥᠮᠦᠰ ᠢ ᠨᠢᠭᠲᠠ ᠬᠠᠷᠠᠭᠠᠯᠵᠠᠵᠤ᠂ ᠭᠤᠣᠯᠳᠠᠯᠭᠠᠲᠤ | ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠬᠦ ᠠᠷᠭ᠎ᠠ ᠪᠠᠷ ᠲᠥᠪᠯᠡᠷᠡᠭᠦᠯᠦᠨ ᠰᠢᠪᠲᠤᠯᠤᠯᠲᠠ ᠬᠢᠵᠦ᠂ | ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠩ | ᠢᠯᠡᠭᠦᠦ ᠨᠡᠩ ᠭᠤᠣᠯᠴᠢ ᠪᠠᠷ ᠬᠦᠷᠲᠡᠭᠡᠪᠡ᠃ ᠤᠢᠢᠷ᠎ᠠ ᠶᠢᠨ ᠭᠤᠷᠪᠠᠨ ᠵᠢᠯ ᠳᠤ᠂ ᠪᠦᠬᠦ ᠣᠷᠣᠨ ᠤ ᠡᠯ᠎ᠡ ᠱᠠᠲᠤᠨ ᠤ | ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠵᠠᠷᠤᠴᠠᠭᠤᠯᠤᠭᠰᠠᠨ ᠵᠠᠷᠤᠳᠠᠯ ᠤᠨ ᠬᠠᠷᠢᠴᠠᠯ ᠨᠢ ᠵᠢᠯ ᠪᠦᠷᠢ | ᠴᠦᠮ 70% ᠠᠴᠠ ᠳᠡᠭᠡᠭᠰᠢ ᠪᠠᠶᠢᠵᠤ᠂ ᠨᠡᠶᠢᠲᠡ 7653 ᠳ᠋ᠦᠩᠰᠢᠭᠤᠷ ᠲᠥᠭᠦᠷᠢᠭ ᠣᠷᠤᠭᠤᠯᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤᠯᠠᠮ ᠠᠷᠪᠢᠨ ᠪᠣᠳᠠᠲᠠᠶ ᠠᠰᠢᠭ ᠬᠦᠷᠲᠡᠵᠦ᠂ ᠵᠣᠯ ᠵᠢᠷᠭᠠᠯ ᠤᠨ | ᠵᠢᠭᠠᠯᠲᠠ ᠲᠤᠭ᠎ᠠ ᠲᠠᠰᠤᠷᠠᠯᠲᠠ ᠦᠭᠡᠶ ᠳᠡᠭᠡᠭᠰᠢᠯᠡᠵᠦ ᠪᠠᠶᠢᠨ᠎ᠠ᠃ | ᠠᠰᠠᠭᠤᠯᠲᠠ ᠲᠠᠪᠤ᠄ ᠬᠦᠭᠡ ᠴᠡᠩᠬᠡᠭ ᠤᠰᠤ ᠴᠡᠩᠬᠡᠷ ᠠᠭᠤᠯᠠ ᠪᠠᠨ ᠬᠡᠷᠬᠢᠨ ᠳᠠᠩᠳᠠ ᠪᠠᠨ ᠴᠡᠯᠭᠡᠷᠡᠭᠦᠯᠬᠦ ᠪᠤᠢ | ︖ | ᠲᠥᠪ ᠤᠨ ᠲᠧᠯᠸᠢᠰ ᠬᠤᠷᠢᠶ᠎ᠠ ᠶᠢᠨ ᠲᠥᠪ ᠲᠧᠯᠸᠢᠰ ᠤᠨ ᠰᠣᠨᠢᠨ ᠮᠡᠳᠡᠭᠡᠨ ᠤ ᠬᠠᠮ ᠵᠠᠭᠤᠴᠢᠯᠠᠭᠤᠷ ᠤᠨ | ᠰᠤᠷᠪᠤᠯᠵᠢᠯᠠᠭᠴᠢ᠄ ᠡᠨᠡ ᠵᠢᠯ ᠤᠨ ᠲᠥᠪ ᠲᠧᠯᠸᠢᠰ ᠤᠨ ᠴᠠᠭᠠᠨ ᠰᠠᠷ᠎ᠠ ᠶᠢᠨ ᠦᠳᠡᠰᠢᠯᠡᠭᠡ ᠶᠢᠨ ᠬᠤᠪᠢᠶᠠᠷᠢ | ᠲᠠᠯᠠᠪᠠᠢ ᠠᠴᠠ ᠪᠢᠳᠡ ᠥᠪᠥᠷ ᠮᠣᠩᠭᠤᠯ ᠤᠨ ᠲᠠᠯ᠎ᠠ ᠨᠤᠲᠤᠭ ᠤᠨ ᠭᠤᠶᠣ ᠦᠵᠡᠰᠬᠦᠯᠡᠩ ᠢ ᠪᠠᠭ᠋ᠠᠷᠬᠠᠪᠠ᠂ ᠭᠡᠪᠡᠴᠦ | ᠡᠨᠡ ᠬᠤᠶᠠᠷ ᠵᠢᠯ ᠥᠪᠥᠷ ᠮᠣᠩᠭᠤᠯ ᠳᠤ ᠪᠠᠰᠠ ᠲᠩᠷᠢ ᠡᠯᠡᠰᠦᠨ ᠤ ᠪᠣᠬᠢᠷᠲᠤᠯ ᠤᠨ ᠬᠡᠷᠡᠭ᠂ ᠬᠥᠯᠥᠨ ᠨᠠᠭᠤᠷ ᠤᠨ | ᠤᠰᠤᠨ ᠤ ᠪᠣᠬᠢᠷᠲᠤᠯ ᠵᠡᠷᠭᠡ ᠬᠡᠷᠡᠭ ᠶᠠᠪᠤᠳᠠᠯ ᠤᠳ ᠭᠠᠷᠴᠤ᠂ ᠤᠯᠠᠨ ᠤ ᠠᠩᠬᠠᠷᠤᠯ ᠢ ᠲᠠᠲᠠᠪᠠ᠃ ᠥᠪᠥᠷ ᠮᠣᠩᠭᠤᠯ | ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ | ᠠᠮᠵᠢᠯᠲᠠ ᠣᠯᠪᠠ᠂ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠠᠷ ᠪᠠᠶᠢᠬᠤ ᠪᠤᠢ︖ | ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠤᠷ | ᠄ ᠥᠪᠥᠷ ᠮᠣᠩᠭᠤᠯ ᠤᠨ ᠠᠮᠢ ᠠᠬᠤᠶ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠨᠢ ᠲᠤᠰ ᠪᠡᠶ᠎ᠡ ᠲᠠᠢ ᠪᠠᠨ | ᠬᠤᠯᠪᠣᠭᠳᠠᠵᠤ ᠪᠠᠶᠢᠬᠤ ᠪᠠᠷ ᠪᠠᠷᠠᠬᠤ ᠦᠭᠡᠶ ᠨᠡᠩ ᠴᠤ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠳᠤ | ᠬᠤᠯᠪᠣᠭᠳᠠᠵᠤ ᠪᠠᠶᠢᠳᠠᠭ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠶᠡᠷᠦᠩᠬᠡᠶ ᠱᠦᠵᠢ ᠶᠢᠨ ︽ᠬᠦᠭᠡ ᠴᠡᠩᠬᠡᠭ ᠤᠰᠤ ᠴᠡᠩᠬᠡᠷ ᠠᠭᠤᠯᠠ ᠪᠣᠯ ᠳᠠᠷᠤᠶ ᠠᠯᠲᠠᠨ ᠠᠭᠤᠯᠠ ᠮᠥᠩᠭᠦᠨ | ᠬᠠᠶᠢᠷᠬᠠᠨ ᠮᠥᠨ︾ ᠭᠡᠰᠡᠨ ᠴᠢᠬᠤᠯᠠ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠪᠣᠯᠤᠨ ︽ᠥᠪᠥᠷ | ᠮᠣᠩᠭᠤᠯ ᠢᠶᠠᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ | ᠪᠣᠯᠭᠠᠨ ᠪᠠᠶᠢᠭᠤᠯᠬᠤ ᠬᠡᠷᠡᠭᠲᠡᠢ︾ ᠭᠡᠰᠡᠨ ᠴᠢᠬᠤᠯᠠ ᠵᠢᠭᠠᠪᠤᠷᠢ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽12.5︾ | ᠶᠢᠨ ᠬᠤᠭᠤᠴᠠᠭᠠᠨ ᠳᠤ ᠨᠡᠶᠢᠳᠡ 546 ᠳ᠋ᠦᠩᠰᠢᠭᠤᠷ ᠲᠥᠭᠦᠷᠢᠭ ᠣᠷᠣᠭᠤᠯᠵᠤ᠂ ᠪᠡᠭᠡᠵᠢᠩ ᠲᠢᠶᠠᠨᠵᠢᠨ ᠤ ᠰᠠᠯᠬᠢ | ᠡᠯᠡᠰᠦᠨ ᠤ ᠡᠬᠢ ᠶᠢ ᠵᠠᠰᠠᠬᠤ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠶᠢ ᠰᠡᠷᠭᠦᠭᠡᠬᠦ ᠵᠡᠷᠭᠡ ᠲᠠᠪᠤᠨ ᠶᠡᠭᠡ | ᠠᠮᠢ ᠠᠬᠤᠶ ᠶᠢᠨ ᠢᠨᠵᠧᠨᠧᠷᠢᠩ ᠪᠣᠯᠣᠨ ᠵᠠᠰᠠᠮᠠᠯ ᠵᠠᠮ᠂ ᠠᠶᠢᠯ ᠲᠣᠰᠬᠤᠨ᠂ ᠦᠢᠯᠡᠳᠪᠦᠷᠢ ᠠᠭᠤᠷᠬᠠᠶ ᠶᠢᠨ | ᠬᠦᠷᠢᠶᠡᠯᠡᠩ ᠲᠣᠭᠤᠷᠢᠭ ᠵᠡᠷᠭᠡ ᠵᠢᠷᠭᠤᠭᠠᠨ ᠲᠣᠮᠣ ᠣᠷᠣᠨ ᠪᠦᠰᠡ ᠶᠢᠨ ᠴᠢᠨᠠᠷᠲᠠᠶ ᠨᠣᠭᠤᠭᠠᠷᠠᠭᠤᠯᠤᠯᠲᠠ ᠶᠢᠨ | ᠢᠨᠵᠧᠨᠧᠷᠢᠩ ᠢ ᠬᠡᠷᠡᠭᠵᠢᠭᠦᠯᠵᠦ᠂ ᠤᠯᠤᠰ ᠠᠴᠠ ᠲᠠᠯ᠎ᠠ ᠨᠤᠲᠤᠭ ᠤᠨ ᠠᠮᠢ ᠠᠬᠤᠶ ᠳᠤ ᠨᠥᠬᠦᠪᠦᠷᠢᠯᠡᠬᠦ ᠱᠠᠩᠨᠠᠬᠤ | ᠲᠥᠷᠥ ᠶᠢᠨ ᠪᠤᠳᠤᠯᠭ᠎ᠠ ᠨᠡᠶᠢᠲᠡᠯᠡᠭᠦᠯᠬᠦ ᠪᠠᠷ ᠴᠢᠷᠮᠠᠶᠢᠵᠤ᠂ 10.1 ᠳ᠋ᠦᠩᠰᠢᠭᠤᠷ ᠮᠦ ᠠᠰᠢᠭᠯᠠᠵᠤ ᠪᠣᠯᠬᠤ ᠨᠤᠲᠤᠭ | ᠪᠡᠯᠴᠢᠭᠡᠷ ᠢ ᠪᠥᠬᠦᠨ ᠢ ᠬᠠᠮᠠᠭᠠᠯᠠᠬᠤ ᠬᠦᠷᠢᠶ᠎ᠡ ᠬᠡᠪᠴᠢᠶ᠎ᠡ ᠳᠤ ᠣᠷᠣᠭᠤᠯᠵᠤ᠂ ᠨᠤᠲᠤᠭ ᠪᠡᠯᠴᠢᠭᠡᠷ ᠤᠨ ᠠᠮᠢ | ᠠᠬᠤᠶ ᠳᠤ ᠨᠥᠬᠦᠪᠦᠷᠢᠯᠡᠬᠦ ᠱᠠᠩᠨᠠᠬᠤ ᠪᠡᠯᠡ ᠮᠥᠩᠭᠦ ᠶᠢ 300 ᠳ᠋ᠦᠩᠰᠢᠭᠤᠷ ᠲᠥᠭᠦᠷᠢᠭ ᠣᠷᠣᠭᠤᠯᠵᠤ᠂ 146 | ᠲᠦᠮᠡᠨ ᠡᠷᠦᠬᠡ᠂ 534 ᠲᠦᠮᠡᠨ ᠲᠠᠷᠢᠶᠠᠴᠢᠳ ᠮᠠᠯᠴᠢᠳ ᠲᠤ ᠠᠰᠢᠭ ᠬᠦᠷᠲᠡᠭᠡᠪᠡ᠃ ᠤᠢ ᠰᠢᠭᠤᠶ ᠶᠢᠨ | ᠲᠡᠯᠡᠪᠡᠢ ᠶᠢ 3.6 ᠳ᠋ᠦᠩᠰᠢᠭᠤᠷ ᠮᠦ ᠪᠠᠶᠢᠭᠰᠠᠨ ᠠᠴᠠ ᠨᠢ 38 ᠳ᠋ᠦᠩᠰᠢᠭᠤᠷ ᠮᠦ ᠪᠣᠯᠭᠠᠨ ᠨᠡᠮᠡᠭᠳᠡᠭᠦᠯᠵᠦ᠂ | ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠶᠢ 37% ᠪᠠᠶᠢᠭᠰᠠᠨ ᠠᠴᠠ ᠨᠢ 44% | ᠬᠦᠷᠲᠡᠯ᠎ᠡ ᠨᠡᠮᠡᠭᠳᠡᠭᠦᠯᠵᠦ᠂ ᠤᠯᠤᠰ ᠠᠴᠠ ᠪᠠᠭᠤᠯᠭᠠᠭᠰᠠᠨ ᠡᠨᠧᠷᠭᠢ ᠠᠷᠪᠢᠯᠠᠵᠤ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠪᠡ᠃ | ᠬᠡᠯᠡᠯᠭᠡᠨ ᠤᠢᠭᠡᠢ᠂ ᠥᠪᠥᠷ ᠮᠣᠩᠭᠤᠯ ᠤᠨ ᠬᠥᠭᠵᠢᠯᠲᠡ ᠶᠢᠨ ᠶᠠᠪᠤᠴᠠ ᠳᠤᠮᠳᠠ᠂ ᠵᠠᠷᠢᠮ ᠣᠷᠴᠢᠨ | ᠲᠣᠭᠤᠷᠢᠨ ᠤ ᠠᠰᠠᠭᠤᠳᠠᠯ ᠭᠠᠷᠪᠠ᠃ ᠣᠳᠣᠬᠠᠨ ᠳᠤ᠂ ᠲᠩᠷᠢ ᠡᠯᠡᠰᠦᠨ ᠤ ᠪᠣᠬᠢᠷᠲᠤᠯ ᠢ ᠵᠠᠰᠠᠬᠤ ᠠᠵᠢᠯ ᠨᠢᠭᠡᠨᠲᠡ | ᠪᠡᠶᠡᠯᠡᠭᠳᠡᠪᠡ᠂ ᠪᠢᠳᠡ ᠡᠭᠦᠨ ᠢᠶᠠᠷ ᠴᠡᠭᠡᠷᠯᠡᠯ ᠪᠣᠯᠭᠠᠨ᠎ᠠ᠃ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ | ᠬᠢᠭᠡᠳ ᠣᠷᠴᠢᠨ ᠲᠣᠭᠤᠷᠢᠨ ᠤ ᠶᠡᠷᠦᠩᠬᠡᠶᠢᠯᠡᠨ ᠵᠠᠰᠠᠬᠤ ᠶᠢ ᠤᠯᠤᠰ ᠤᠨ ᠲᠥᠯᠥᠪᠵᠢᠭᠦᠯᠭᠡ ᠳᠤ ᠣᠷᠣᠭᠤᠯᠵᠤ᠂ | ᠵᠠᠰᠠᠬᠤ ᠡᠷᠴᠢᠮ ᠢᠶᠠᠨ ᠴᠢᠩᠭᠠᠷᠠᠭᠤᠯᠵᠤ ᠪᠠᠶᠢᠨ᠎ᠠ᠃ | ︽13 · 5︾ ᠶᠢᠨ ᠬᠤᠭᠤᠴᠠᠭᠠᠨ ᠳᠤ ᠤᠯᠤᠰ ᠠᠴᠠ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ | ᠠᠮᠢ ᠠᠬᠤᠶ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠥᠬᠦᠪᠦᠷᠢᠯᠡᠬᠦ ᠱᠠᠩᠨᠠᠬᠤ | ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠠᠷᠢᠶᠠᠯᠠᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ | ᠬᠡᠪᠴᠢᠶ᠎ᠡ ᠪᠠ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠬᠡᠪᠴᠢᠶ᠎ᠡ ᠶᠢ ᠥᠷᠭᠡᠳᠬᠡᠵᠦ᠂ | ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠶᠡᠭᠡ ᠬᠡᠪᠴᠢᠶ᠎ᠡ ᠪᠠᠷ ᠥᠷᠨᠢᠭᠦᠯᠵᠦ᠂ ᠭᠠᠵᠠᠷ | ᠣᠷᠣᠨ ᠠᠯᠤᠰᠯᠠᠭᠰᠠᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠥᠭᠬᠦ ᠲᠤᠷᠰᠢᠯᠲᠠ ᠥᠷᠨᠢᠭᠦᠯᠬᠦ ᠪᠠᠷ ᠪᠤᠢ᠃ | ᠪᠢᠳᠡ ᠡᠳᠡᠭᠡᠷ ᠠᠵᠠ ᠲᠣᠬᠢᠶᠠᠯ ᠢ ᠠᠳᠬᠤᠵᠤ᠂ ᠪᠣᠬᠢᠷᠲᠤᠯ ᠦᠭᠡᠢ ᠬᠥᠭᠵᠢᠭᠦᠯᠬᠦ ᠬᠢᠷᠢ ᠬᠡᠮᠵᠢᠶ᠎ᠡ ᠪᠠᠨ | ᠳᠡᠭᠡᠭᠰᠢᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠲᠦᠯᠬᠢᠨ | ᠠᠬᠢᠭᠤᠯᠬᠤ ᠪᠣᠯᠣᠨ᠎ᠠ᠃ | ᠠᠮᠢ ᠠᠬᠤᠶ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠡᠨᠡ ᠵᠢᠯ ᠤᠢ | ᠰᠢᠭᠤᠶ ᠶᠢᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ 1000 ᠲᠦᠮᠡᠨ ᠮᠦ ᠪᠡᠶᠡᠯᠡᠭᠦᠯᠵᠦ᠂ | ᠭᠤᠣᠯᠳᠠᠯᠭ᠎ᠠ ᠲᠠᠢ ᠣᠷᠣᠨ ᠪᠦᠰᠡ ᠶᠢ 200 ᠲᠦᠮᠡᠨ ᠮᠦ ᠨᠣᠭᠤᠭᠠᠷᠠᠭᠤᠯᠵᠤ᠂ 3000 ᠲᠦᠮᠡᠨ ᠮᠦ ᠡᠪᠡᠰᠦ | ᠲᠠᠷᠢᠵᠤ᠂ ᠬᠥᠯᠥᠨ ᠨᠠᠭᠤᠷ᠂ ᠤᠯᠠᠭᠠᠨ ᠰᠤᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢ | ᠬᠡᠷᠡᠭᠵᠢᠭᠦᠯᠦᠨ᠎ᠡ᠃ | ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠬᠤ ᠲᠠᠯ᠎ᠠ ᠪᠠᠷ᠂ ᠠᠭᠠᠷ ᠮᠠᠨᠳᠠᠯ ᠤᠨ ᠪᠣᠬᠢᠷᠲᠤᠯ ᠤᠨ ᠣᠷᠣᠨ | ᠪᠦᠰᠡ ᠨᠦᠭᠦᠳ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠢᠵᠠᠭᠠᠷᠯᠠᠬᠤ ᠶᠢ ᠥᠷᠨᠢᠭᠦᠯᠵᠦ᠂ ᠨᠡᠭᠦᠷᠡᠰᠦ ᠰᠢᠲᠠᠭᠠᠬᠤ | ᠴᠠᠬᠢᠯᠭᠠᠨ ᠤ ᠦᠢᠯᠡᠳᠪᠦᠷᠢ ᠶᠢᠨ ᠬᠡᠳᠤ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ | ᠦᠬᠠᠶ ᠬᠢᠭᠡᠳ ᠡᠷᠬᠢᠨ ᠲᠣᠭᠤᠷᠢᠨ ᠤ ᠭᠠᠵᠠᠷ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠴᠢᠩᠭᠠᠳᠬᠠᠵᠤ᠂ ᠱᠠᠳᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ | ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ | ᠪᠠᠶᠢᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠵᠤ᠂ ᠣᠷᠴᠢᠨ ᠲᠣᠭᠤᠷᠢᠨ ᠤ | ᠬᠠᠤᠯᠢ ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠠᠮᠢ ᠠᠬᠤᠶ ᠶᠢᠨ ᠪᠣᠯᠪᠠᠰᠤᠨ ᠤ ᠲᠦᠷᠢᠮ ᠤᠨ ᠪᠠᠶᠢᠭᠤᠯᠤᠯᠲᠠ ᠶᠢᠨ ᠲᠠᠯ᠎ᠠ ᠪᠠᠷ᠂ ᠠᠮᠢ ᠠᠬᠤᠶ ᠶᠢᠨ ᠬᠤᠷᠢᠭ᠎ᠠ | ᠱᠤᠭᠤᠮ ᠢ ᠵᠠᠭᠠᠭᠯᠠᠨ ᠲᠣᠭᠲᠠᠭᠠᠬᠤ ᠶᠢ ᠲᠦᠷᠭᠡᠳᠬᠡᠵᠦ᠂ ᠤᠯᠤᠰ ᠤᠨ ᠥᠮᠴᠢᠯᠡᠯ ᠤᠨ ᠣᠢ ᠰᠢᠭᠤᠶ ᠶᠢᠨ ᠲᠠᠯᠠᠪᠠᠢ | ᠣᠶᠢᠲᠤ ᠣᠷᠣᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠠᠶᠢᠭᠠᠯᠢ ᠶᠢᠨ ᠡᠬᠢ | ᠪᠠᠶᠠᠯᠢᠭ ᠤᠨ ᠡᠳ᠋ ᠬᠦᠷᠦᠩᠭᠡ ᠶᠢᠨ ᠥᠷᠢ ᠰᠢᠷᠢ ᠶᠢᠨ ᠬᠦᠰᠦᠨᠦᠭᠲᠦ ᠶᠢ ᠲᠦᠷᠭᠡᠳᠬᠡᠨ ᠨᠠᠶᠢᠷᠠᠭᠤᠯᠵᠤ᠂ ᠬᠥᠯᠥᠨ | ᠪᠤᠶᠢᠷ ᠵᠡᠷᠭᠡ ᠭᠠᠵᠠᠷ ᠣᠷᠣᠨ ᠳᠤ ᠲᠤᠰᠢᠶᠠᠯ ᠠᠴᠠ ᠰᠠᠯᠬᠤ ᠳᠤ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠦ᠋ᠷᠦᠩᠭᠡ ᠶᠢ ᠬᠢᠨᠠᠨ ᠪᠣᠳᠣᠬᠤ ᠶᠢ ᠥᠷᠨᠢᠭᠦᠯᠦᠨ᠎ᠡ᠃ ᠪᠤᠬᠢᠷᠳᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ | ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠠᠳᠠᠭᠰᠢᠯᠠᠭᠤᠯᠤᠯᠲᠠ ᠶᠢᠨ ᠥᠪᠡᠷ ᠤᠨ ᠦᠷᠲᠡᠭ ᠢ ᠳᠡᠭᠡᠭᠰᠢᠯᠡᠭᠦᠯᠵᠦ | ᠂ ᠠᠵᠤ ᠠᠬᠤᠶᠢᠯᠠᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠰᠢᠬᠠᠵᠤ ᠪᠠᠶᠢᠭᠠᠳ ᠪᠠᠭᠠᠰᠬᠠᠨ᠎ᠠ᠃ | ᠠᠰᠠᠭᠤᠯᠲᠠ ᠵᠢᠷᠭᠤᠭ᠎ᠠ᠄ ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠳᠤ ᠶᠠᠮᠠᠷ ᠤᠷᠠᠨ ᠳᠡᠮ | ᠪᠠᠶᠢᠬᠤ ᠪᠤᠢ︖ | ᠰᠢᠶᠠᠩᠭᠠᠩ ᠤᠨ ︽ᠳ᠋ᠠ ᠭᠦᠩ ᠪᠦᠦ ᠰᠣᠨᠢᠨ︾ ᠤ ᠰᠤᠷᠪᠤᠯᠵᠢᠯᠠᠭᠴᠢ᠄ ᠥᠪᠥᠷ ᠮᠣᠩᠭᠤᠯ ᠬᠢᠯᠢ | ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠪᠣᠯᠤᠭᠰᠠᠨ ᠤ ᠬᠤᠪᠢ ᠳᠤ᠂ ᠣᠳᠣᠬᠠᠨ ᠳᠤ | ᠪᠠᠰᠠ ᠬᠡᠴᠢᠨᠡᠨ ᠶᠠᠳᠠᠭᠤ ᠬᠦᠴᠢᠷᠳᠡᠯᠲᠡᠶ ᠭᠠᠵᠠᠷ ᠣᠷᠣᠨ ᠪᠣᠯᠤᠨ ᠶᠠᠳᠠᠭᠤ ᠬᠦᠴᠢᠷᠳᠡᠯᠲᠡᠶ ᠬᠥᠮᠦᠨ ᠠᠮᠠ ᠪᠠᠶᠢᠬᠤ | ᠪᠤᠢ︖ ᠬᠤᠶᠢᠰᠢᠳᠠ ᠥᠪᠥᠷ ᠮᠣᠩᠭᠤᠯ ᠶᠠᠳᠠᠭᠤ ᠠᠴᠠ ᠠᠩᠭᠢᠵᠢᠷᠠᠭᠤᠯᠬᠤ ᠡᠨᠡᠬᠦ ᠰᠢᠪᠲᠤᠯᠤᠯᠲᠠ ᠶᠢᠨ | ᠳᠠᠶᠢᠯᠠᠯᠳᠤᠭᠠᠨ ᠳᠤ ᠬᠡᠷᠬᠢᠨ ᠢᠯᠠᠯᠲᠠ ᠣᠯᠬᠤ ᠪᠤᠢ︖ ᠲᠦᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠶᠢ | ᠬᠡᠷᠬᠢᠨ ᠰᠠᠶᠢᠳᠤᠷ ᠬᠢᠬᠦ ᠪᠤᠢ︖ | ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠤᠷ | ᠄ ᠨᠠᠮ ᠤᠨ ᠠᠷᠪᠠᠨ ᠨᠠᠶ᠋ᠮᠠᠳᠤᠭᠠᠷ ᠶᠡᠭᠡ ᠬᠤᠷᠠᠯ ᠠᠴᠠ ᠨᠠᠰᠢ᠂ ᠥᠪᠥᠷ ᠮᠣᠩᠭᠤᠯ ᠶᠡᠷᠦᠩᠬᠡᠶ ᠱᠦᠵᠢ ᠰᠢ ᠶᠢᠨ | ᠫᠢᠩ ᠤᠨ ᠶᠠᠳᠠᠭᠤ ᠶᠢ ᠲᠡᠳᠬᠦᠬᠦ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠪᠣᠯᠤᠨ ᠲᠥᠪ ᠤᠨ ᠶᠠᠳᠠᠭᠤ ᠶᠢ | ᠲᠡᠳᠬᠦᠬᠦ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠵᠤ᠂ ᠪᠦᠬᠦ ᠣᠷᠣᠨ ᠤ ᠬᠦᠴᠦᠨ ᠢᠶᠠᠷ | ᠶᠠᠳᠠᠭᠤ ᠶᠢ ᠲᠡᠳᠬᠦᠬᠦ ᠪᠠᠬᠢᠯᠡᠯᠲᠡ ᠰᠢᠪᠲᠤᠯᠤᠯᠲᠠ ᠶᠢ ᠲᠦᠯᠬᠢᠨ ᠠᠬᠢᠭᠤᠯᠪᠠ᠃ ᠪᠡᠯᠡ ᠣᠷᠣᠭᠤᠯᠤᠯᠲᠠ ᠶᠢᠨ | ᠲᠠᠯ᠎ᠠ ᠪᠠᠷ᠂ ᠡᠯ᠎ᠡ ᠱᠠᠲᠤᠨ ᠤ ᠡᠳ᠋ ᠤᠨ ᠵᠠᠰᠠᠭ ᠠᠴᠠ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ 116 | ᠳ᠋ᠦᠩᠰᠢᠭᠤᠷ ᠲᠥᠭᠦᠷᠢᠭ ᠲᠣᠬᠢᠷᠠᠭᠤᠯᠪᠠ᠃ ᠠᠵᠢᠯ ᠤᠨ ᠠᠷᠭ᠎ᠠ ᠬᠡᠮᠵᠢᠶ᠎ᠡ ᠶᠢᠨ ᠲᠠᠯ᠎ᠠ ᠪᠠᠷ᠂ ︽ᠠᠷᠪᠠ ᠶᠢ ᠪᠦᠷᠢᠨ | ᠪᠦᠷᠬᠦᠭᠦᠯᠬᠦ︾ ᠢᠨᠵᠧᠨᠧᠷᠢᠩ ᠢ ᠶᠠᠳᠠᠭᠤ ᠶᠢ ᠲᠡᠳᠬᠦᠬᠦ ᠰᠢᠪᠲᠤᠯᠬᠤ ᠶᠢᠨ ᠬᠦᠴᠦᠲᠡᠶ ᠭᠠᠷᠳᠠᠴᠠ ᠪᠣᠯᠭᠠᠵᠤ᠂ 2 | ᠵᠢᠯ ᠤᠨ ᠲᠤᠷᠰᠢ ᠨᠡᠶᠢᠲᠡ 886 ᠳ᠋ᠦᠩᠰᠢᠭᠤᠷ ᠲᠥᠭᠦᠷᠢᠭ ᠣᠷᠣᠭᠤᠯᠵᠤ᠂ 9900 ᠭᠠᠷᠤᠶ ᠵᠠᠰᠠᠭ ᠵᠠᠬᠢᠷᠭᠠᠨ ᠤ | ᠭᠠᠴᠠᠭ᠎ᠠ ᠲᠣᠰᠬᠤᠨ ᠳᠤ ︽ᠠᠷᠪᠠ ᠶᠢ ᠪᠦᠷᠬᠦᠭᠦᠯᠬᠦ︾ ᠶᠢ ᠪᠡᠶᠡᠯᠡᠭᠦᠯᠪᠡ᠂ ᠡᠭᠦᠨ ᠳᠤ ᠶᠠᠳᠠᠭᠤ ᠬᠦᠴᠢᠷᠳᠡᠯᠲᠡᠶ | ᠭᠠᠴᠠᠭ᠎ᠠ ᠲᠣᠰᠬᠤᠨ 2400 ᠭᠠᠷᠤᠶ ᠪᠤᠢ᠃ ᠨᠡᠶᠢᠲᠡ 70 ᠳ᠋ᠦᠩᠰᠢᠭᠤᠷ ᠲᠥᠭᠦᠷᠢᠭ ᠣᠷᠣᠭᠤᠯᠵᠤ ᠬᠦᠴᠢᠷᠳᠡᠯᠲᠡᠶ | ᠤᠯᠠᠨ ᠲᠦᠮᠡᠨ ᠳᠤ ︽ᠭᠤᠷᠪᠠᠨ ᠨᠢᠭᠡ︾ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠢᠵᠦ᠂ 337 | ᠲᠦᠮᠡᠨ ᠡᠷᠦᠬᠡ ᠮᠠᠯᠴᠢᠨ ᠲᠠᠷᠢᠶᠠᠴᠢᠳ᠂ 4.15 ᠲᠦᠮᠡᠨ ᠶᠠᠳᠠᠭᠤ ᠬᠦᠴᠢᠷᠳᠡᠯᠲᠡᠶ ᠭᠡᠷ ᠪᠦᠯᠢ ᠶᠢᠨ ᠣᠶᠣᠲᠠᠳ ᠪᠠ | 4800 ᠭᠠᠷᠤᠶ ᠶᠠᠭ ᠠᠵᠢᠯ ᠣᠯᠭᠤᠯᠲᠠ ᠦᠭᠡᠢ ᠭᠡᠷ ᠪᠦᠯᠢ ᠳᠤ ᠠᠰᠢᠭ ᠬᠦᠷᠲᠡᠭᠡᠪᠡ᠃ ᠠᠵᠢᠯ ᠤᠨ | ᠲᠣᠭᠲᠠᠴᠠ ᠶᠢᠨ ᠲᠠᠯ᠎ᠠ ᠪᠠᠷ᠂ ᠮᠤᠵᠢ ᠶᠢᠨ ᠳᠡᠰ ᠤᠨ ᠺᠠᠳ᠋ᠷᠴᠤᠳ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠲᠠᠢ | ᠬᠠᠷᠢᠯᠴᠠᠬᠤ ᠪᠠᠷ ᠳᠠᠶᠢᠴᠢᠯᠠᠯᠲᠠ ᠪᠣᠯᠭᠠᠵᠤ᠂ ᠭᠤᠷᠪᠠᠨ ᠱᠠᠲᠤᠨ ᠤ ᠺᠠᠳ᠋ᠷ ᠤᠨ ︽ᠨᠢᠭᠡ ᠳᠤ ᠨᠢᠭᠡ ᠶᠢ ᠳᠠᠭᠠᠭᠠᠯᠭᠠᠬᠤ︾ | ᠲᠡᠳᠭᠦᠴᠡ ᠶᠢᠨ ᠲᠣᠭᠲᠠᠴᠠ ᠶᠢ ᠪᠠᠶᠢᠭᠤᠯᠵᠤ᠂ ᠲᠤᠰᠬᠠᠶ ᠵᠦᠢᠯ ᠢᠶᠠᠷ ᠶᠠᠳᠠᠭᠤ ᠶᠢ ᠲᠡᠳᠬᠦᠬᠦ᠂ ᠠᠵᠢᠯ | ᠲᠥᠷᠥᠯ ᠢᠶᠠᠷ ᠶᠠᠳᠠᠭᠤ ᠶᠢ ᠲᠡᠳᠬᠦᠬᠦ᠂ ᠨᠡᠶᠢᠭᠡᠮ ᠨᠡᠶᠢᠲᠡ ᠪᠠᠷ ᠶᠠᠳᠠᠭᠤ ᠶᠢ ᠲᠡᠳᠬᠦᠬᠦ ︽ᠭᠤᠷᠪᠠ ᠶᠢ ᠨᠢᠭᠡ | ᠴᠤᠭᠴᠠᠵᠢᠭᠤᠯᠤᠭᠰᠠᠨ︾ ᠶᠠᠳᠠᠭᠤ ᠶᠢ ᠲᠡᠳᠬᠦᠬᠦ ᠬᠡᠪ ᠪᠠᠶᠢᠳᠠᠯ ᠢ ᠪᠤᠢ ᠪᠣᠯᠭᠠᠪᠠ᠃ | ᠳᠡᠭᠡᠷᠡᠬᠢ ᠠᠷᠭ᠎ᠠ ᠪᠠᠷᠢᠯ ᠢᠶᠠᠷ ᠳᠠᠮᠵᠢᠭᠤᠯᠵᠤ᠂ ᠪᠦᠬᠦ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠶᠠᠳᠠᠭᠤ | ᠬᠦᠴᠢᠷᠳᠡᠯᠲᠡᠶ ᠬᠥᠮᠦᠨ ᠠᠮᠠ 2012 ᠣᠨ ᠳᠤ 179 ᠲᠦᠮᠡᠨ ᠬᠥᠮᠦᠨ ᠪᠠᠶᠢᠭᠰᠠᠨ ᠠᠴᠠ ᠪᠠᠨ 80.3 ᠲᠦᠮᠡᠨ | ᠬᠥᠮᠦᠨ ᠪᠣᠯᠣᠨ ᠬᠠᠰᠤᠭᠳᠠᠵᠤ᠂ ᠶᠠᠳᠠᠭᠤᠷᠠᠯ ᠤᠨ ᠨᠣᠷᠮ᠎ᠠ 11.85% ᠪᠠᠶᠢᠭᠰᠠᠨ ᠠᠴᠠ ᠪᠠᠨ 5.85% ᠪᠣᠯᠣᠨ | ᠪᠠᠭᠤᠷᠠᠪᠠ᠃ | ︽13.5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠲᠥᠪ ᠤᠨ ᠪᠠᠶᠢᠷᠢᠯᠠᠭᠤᠯᠤᠯᠲᠠ ᠶᠢ | ᠬᠢᠨᠠᠮᠠᠭᠠᠶ ᠨᠠᠶᠢᠳᠠᠪᠤᠷᠢᠵᠢᠭᠤᠯᠵᠤ᠂ ︽ᠬᠥᠮᠦᠨ ᠢ ᠶᠠᠳᠠᠭᠤ ᠠᠴᠠ ᠠᠩᠭᠢᠵᠢᠷᠠᠭᠤᠯᠵᠤ᠂ ᠰᠢᠶᠠᠨ ᠤ ᠶᠠᠳᠠᠭᠤ ᠮᠠᠯᠠᠭᠠᠶ ᠶᠢ | ᠨᠢ ᠲᠠᠶᠠᠭᠳᠠᠭᠤᠯᠬᠤ︾ ᠬᠠᠷᠠᠯᠲᠠ ᠶᠢᠨ ᠲᠣᠭᠤᠷᠢᠨ ᠳᠤ᠂ ︽ᠵᠢᠷᠭᠤᠭᠠᠨ ᠲᠦᠢᠯ ᠤᠨ ᠣᠨᠣᠪᠴᠢᠲᠠᠢ︾ ᠪᠠ ︽ | ᠲᠠᠪᠤᠨ ᠨᠢᠭᠡ ᠪᠦᠯᠦᠭ︾ ᠤᠨ ᠠᠵᠢᠯ ᠤᠨ ᠱᠠᠭᠠᠷᠳᠠᠯᠭ᠎ᠠ ᠪᠠᠷ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠳᠠᠶᠢᠯᠠᠯᠳᠤᠭᠠᠨ ᠳᠤ ᠢᠯᠠᠯᠲᠠ ᠤᠯᠬᠤ ᠶᠢ ᠦᠨᠡᠨᠬᠦ ᠪᠠᠲᠤᠯᠠᠨ᠎ᠠ᠃ ᠶᠡᠭᠡ ᠲᠥᠯᠥᠪ ᠬᠤᠶᠠᠷ | ᠱᠠᠲᠤ ᠬᠤᠪᠢᠶᠠᠵᠤ ᠶᠠᠪᠤᠭᠳᠠᠭᠤᠯᠤᠨ᠎ᠠ᠄ ᠨᠢᠭᠡ ᠳᠤ 2017 ᠣᠨ ᠪᠣᠯᠬᠤ ᠳᠤ᠂ ᠬᠠᠷᠢᠴᠠᠯᠠᠰᠢ ᠦᠭᠡᠢ ᠶᠠᠳᠠᠭᠤ | ᠬᠦᠴᠢᠷᠳᠡᠯᠲᠡᠶ ᠦᠵᠡᠭᠳᠡᠯ ᠢ ᠦᠨᠳᠦᠰᠦᠨ ᠳᠡᠭᠡᠨ ᠠᠷᠢᠯᠭᠠᠵᠤ᠂ ᠣᠷᠣᠨ ᠤ ᠳᠡᠰ ᠤᠨ ᠶᠠᠳᠠᠭᠤ ᠬᠦᠴᠢᠷᠳᠡᠯᠲᠡᠢ 26 | ᠬᠤᠰᠢᠭᠤ ᠰᠢᠶᠠᠨ ᠪᠥᠬᠦᠡ ᠤ ᠶᠠᠳᠠᠭᠤ ᠮᠠᠯᠠᠭᠠᠶ ᠶᠢ ᠨᠢ ᠲᠠᠶᠠᠭᠳᠠᠭᠤᠯᠤᠨ᠎ᠠ︔ ᠬᠤᠶᠠᠷ ᠲᠤ᠂ 2020 ᠣᠨ | ᠪᠣᠯᠬᠤ ᠳᠤ 80 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ ᠲᠣᠭᠲᠠᠪᠤᠷᠢᠲᠠᠶ | ᠠᠩᠭᠢᠵᠢᠷᠠᠭᠤᠯᠵᠤ᠂ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ 31 ᠬᠤᠰᠢᠭᠤ ᠰᠢᠶᠠᠨ ᠪᠥᠬᠦᠡ ᠢ ᠶᠠᠳᠠᠭᠤ | ᠮᠠᠯᠠᠭᠠᠶ ᠶᠢ ᠨᠢ ᠲᠠᠶᠠᠭᠳᠠᠭᠤᠯᠤᠨ᠎ᠠ᠃ | ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠠᠩᠬᠠᠳᠤᠭᠠᠷ ᠵᠢᠯ | ᠮᠥᠨ᠂ ᠪᠢᠳ᠋ᠨ 21 ᠲᠦᠮᠡᠨ ᠬᠥᠮᠦᠨ ᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠣᠷᠣᠨ ᠤ | ᠳᠡᠰ ᠤᠨ ᠶᠠᠳᠠᠭᠤ ᠬᠦᠴᠢᠷᠳᠡᠯᠲᠡᠢ 10 ᠣᠷᠴᠢᠮ ᠬᠤᠰᠢᠭᠤ ᠰᠢᠶᠠᠨ ᠤ ᠮᠠᠯᠠᠭᠠᠶ ᠶᠢ ᠨᠢ ᠲᠠᠶᠠᠭᠳᠠᠭᠤᠯᠬᠤ ᠶᠢ | ᠪᠠᠲᠤᠯᠠᠨ᠎ᠠ᠃ ᠭᠤᠣᠯ ᠠᠪᠬᠤ ᠠᠷᠭ᠎ᠠ ᠬᠡᠮᠵᠢᠶ᠎ᠡ ᠭᠡᠪᠡᠯ᠄ ᠣᠨᠳᠣᠣ ᠭᠠᠵᠠᠷ ᠢᠶᠠᠷ ᠶᠠᠳᠠᠭᠤ ᠶᠢ ᠲᠡᠳᠬᠦᠬᠦ ᠨᠡᠭᠦᠯᠭᠡᠬᠦ ᠪᠠᠷ | ᠶᠠᠳᠠᠭᠤ ᠠᠴᠠ ᠠᠩᠭᠢᠵᠢᠷᠠᠭᠤᠯᠬᠤ ᠪᠠᠷ ᠳᠠᠮᠵᠢᠭᠤᠯᠤᠨ᠂ ᠵᠢᠯ ᠤᠨ ᠳᠣᠲᠣᠷ᠎ᠠ 5 ᠲᠦᠮᠡᠨ ᠬᠥᠮᠦᠨ ᠢ ᠨᠡᠭᠦᠯᠭᠡᠬᠦ | ᠡᠭᠦᠷᠭᠡ ᠶᠢ ᠪᠡᠶᠡᠯᠡᠭᠦᠯᠦᠨ᠎ᠡ᠃ ᠨᠢᠭᠡ ᠪᠦᠯᠦᠭ ᠢ ᠨᠢ ᠠᠵᠤ ᠦᠢᠯᠡᠰ ᠢᠶᠠᠷ ᠲᠡᠳᠬᠦᠨ ᠶᠠᠳᠠᠭᠤ ᠠᠴᠠ; | ᠠᠩᠭᠢᠵᠢᠷᠠᠭᠤᠯᠬᠤ ᠪᠠᠷ ᠳᠠᠮᠵᠢᠭᠤᠯᠤᠨ᠂ 4 ᠲᠦᠮᠡᠨ ᠶᠠᠳᠠᠭᠤ ᠬᠦᠴᠢᠷᠳᠡᠯᠲᠡᠶ ᠡᠷᠤᠭᠡ ᠶᠢ ᠬᠠᠪᠰᠤᠷᠤᠨ ᠥᠪᠡᠷᠮᠢᠴᠡ | ᠣᠨᠴᠠᠯᠢᠭ ᠪᠦᠬᠦᠢ ᠠᠵᠤ ᠦᠢᠯᠡᠰ ᠢ ᠬᠥᠭᠵᠢᠭᠦᠯᠵᠦ᠂ ᠡᠷᠤᠭᠡ ᠨᠢᠭᠡᠪᠦᠷᠢ ᠳᠤ ᠴᠥᠮ ᠣᠷᠣᠯᠭ᠎ᠠ ᠶᠢ ᠨᠡᠮᠡᠭᠳᠡᠭᠦᠯᠬᠦ | ᠲᠥᠷᠥᠯ ᠵᠦᠢᠯ ᠲᠠᠢ ᠪᠣᠯᠭᠠᠵᠤ᠂ ᠬᠥᠭᠵᠢᠭᠦᠯᠬᠦ ᠬᠦᠰᠡᠯ ᠪᠠ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ | ᠬᠦᠴᠢᠷᠳᠡᠯᠲᠡᠶ ᠡᠷᠦᠬᠡ ᠪᠦᠷᠢ ᠳᠤ ᠴᠥᠮ 3 ᠲᠦᠮᠡᠨ ᠲᠥᠭᠦᠷᠢᠭ ᠠᠴᠠ ᠳᠡᠭᠡᠭᠰᠢ ᠶᠠᠳᠠᠭᠤ ᠶᠢ ᠲᠡᠳᠬᠦᠬᠦ ᠵᠢᠭᠡᠯᠡᠯᠭᠡ | ᠣᠯᠭᠤᠵᠤ᠂ ᠪᠦᠬᠦ ᠵᠢᠯ ᠳᠤ ᠶᠠᠳᠠᠭᠤ ᠶᠢ ᠲᠡᠳᠬᠦᠬᠦ ᠵᠢᠭᠡᠯᠡᠯᠭᠡ ᠶᠢ 150 ᠳ᠋ᠦᠩᠰᠢᠭᠤᠷ ᠲᠥᠭᠦᠷᠢᠭ ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠦᠨ᠎ᠡ᠃ ᠨᠢᠭᠡ ᠪᠦᠯᠦᠭ ᠢ ᠨᠢ ᠰᠤᠷᠭᠠᠨ ᠬᠥᠮᠦᠵᠢᠯ᠂ ᠡᠮ ᠡᠮᠨᠡᠯᠭᠡ ᠪᠠᠷ ᠲᠡᠳᠬᠦᠨ ᠳᠡᠮᠵᠢᠵᠦ᠂ | ᠶᠠᠳᠠᠭᠤ ᠬᠦᠴᠢᠷᠳᠡᠯᠲᠡᠶ ᠠᠶᠢᠯ ᠡᠷᠦᠬᠡ ᠶᠢᠨ ᠦᠷ᠎ᠡ ᠬᠡᠦᠬᠡᠳ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠦᠷᠲᠡᠬᠦ | ᠳᠤᠨᠢ ᠵᠣᠭᠤᠰ ᠮᠥᠩᠭᠦᠨ ᠤ ᠲᠤᠰᠠᠯᠠᠮᠵᠢ ᠣᠯᠭᠤᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠦᠨᠳᠦ | ᠡᠪᠡᠳᠴᠢᠨ ᠤ ᠳᠠᠩᠰᠠ ᠲᠠᠶᠢᠯᠬᠤ ᠬᠠᠷᠢᠴᠠᠯ ᠢ ᠳᠡᠭᠡᠭᠰᠢᠯᠡᠭᠦᠯᠦᠨ᠎ᠡ᠃ ᠨᠢᠭᠡ ᠪᠦᠯᠦᠭ ᠢ ᠨᠢ ᠨᠡᠶᠢᠭᠡᠮ ᠤᠨ | ᠪᠠᠲᠤᠯᠠᠭ᠎ᠠ ᠪᠠᠷ ᠳᠠᠭᠠᠭᠠᠵᠤ᠂ 4.1 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ | ᠠᠰᠠᠭᠤᠯᠲᠠ ᠳᠣᠯᠤᠭ᠎ᠠ᠄ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠬᠡᠷᠬᠢᠨ ᠮᠢᠷᠠᠯᠵᠠᠭᠤᠯᠬᠤ ᠪᠤᠢ︖ | ︽ᠭᠤᠸᠠᠩ ᠮᠢᠩ ᠡᠳᠦᠷ ᠤᠨ ᠰᠣᠨᠢᠨ︾ ᠤ ᠰᠤᠷᠪᠤᠯᠵᠢᠯᠠᠭᠴᠢ᠄ ᠨᠢᠳᠤᠨᠤᠨ ᠤ 8 ᠳ᠋ᠤᠭᠠᠷ ᠰᠠᠷ᠎ᠠ ᠳᠤ ᠪᠢ | ᠣᠷᠳᠣᠰ ᠲᠤ ᠬᠦᠷᠴᠦ 10 ᠳ᠋ᠤᠭᠠᠷ ᠬᠤᠭᠤᠴᠠᠭᠠᠨ ᠤ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠮᠡᠳᠡᠭᠡᠯᠡᠵᠦ᠂ ᠲᠡᠨᠳᠡ ᠪᠢ ᠥᠪᠥᠷ ᠮᠣᠩᠭᠤᠯ ᠤᠨ ᠵᠢᠱᠢᠶᠡᠴᠢ | ᠥᠪᠡᠷᠲᠡᠭᠡᠨ ᠵᠠᠰᠠᠬᠤ ᠣᠷᠣᠨ ᠤ ᠷᠢᠳᠢ ᠰᠢᠳᠢ ᠶᠢ ᠣᠶᠢᠯᠠᠭᠠᠭᠰᠠᠨ ᠪᠠᠶᠢᠨ᠎ᠠ᠃ ᠲᠡᠭᠡᠪᠡᠯ᠂ ᠥᠪᠥᠷ ᠮᠣᠩᠭᠤᠯ ᠤᠨ | ᠤᠢᠢᠷ᠎ᠠ ᠶᠢᠨ ᠵᠢᠯ ᠤᠳ ᠲᠤ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠤᠨ | ᠠᠮᠤᠷ ᠲᠣᠭᠲᠠᠭᠤᠨ ᠤ ᠡᠶ᠎ᠡ ᠵᠣᠬᠢᠴᠠᠯ ᠲᠠᠢ ᠪᠠᠶᠢᠳᠠᠯ ᠢ ᠬᠡᠷᠬᠢᠨ ᠪᠠᠲᠤᠯᠠᠭᠰᠠᠨ ᠪᠤᠢ ︖ | ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠱᠦᠵᠢ ᠸᠠᠩ ᠵᠢᠶᠦ᠋ᠨ᠄ ᠬᠢᠯᠢ ᠬᠢᠵᠠᠭᠠᠷ ᠤᠨ ᠠᠮᠤᠷ ᠲᠤᠭᠲᠠᠭᠤᠨ ᠢ ᠬᠠᠮᠠᠭᠠᠯᠠᠨ᠂ ᠨᠡᠶᠢᠭᠡᠮ ᠤᠨ ᠤᠯᠤᠰ ᠲᠦᠷᠦ ᠶᠢᠨ | ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠤᠯᠤᠨ ᠵᠠᠰᠠᠭ ᠤᠨ ᠣᠷᠳᠣᠨ ᠤ ᠢᠮᠠᠭᠲᠠ ᠴᠢᠩᠭ᠎ᠠ ᠠᠳᠬᠤᠭᠰᠠᠭᠠᠷ ᠢᠷᠡᠭᠰᠡᠨ ᠨᠢᠭᠡᠨ ᠴᠢᠬᠤᠯᠠ ᠠᠵᠢᠯ | ᠮᠥᠨ᠂ ᠪᠠᠰᠠ ᠴᠤ ᠲᠥᠪ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠳᠤᠷᠠᠳᠤᠨ ᠭᠠᠷᠭᠠᠭᠰᠠᠨ | ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ ᠮᠥᠨ᠃ ᠥᠪᠡᠷᠲᠡᠭᠡᠨ ᠵᠠᠰᠠᠬᠤ ᠣᠷᠣᠨ ᠤ ᠬᠤᠭᠤᠴᠠᠭ᠎ᠠ ᠪᠦᠷᠢ ᠶᠢᠨ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ | ᠂ ᠮᠠᠰᠢ ᠰᠠᠶᠢᠨ ᠪᠡᠶᠡᠯᠡᠭᠦᠯᠦᠭᠰᠡᠭᠡᠷ ᠢᠷᠡᠪᠡ᠃ ᠶᠡᠷᠦ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠨ ᠠᠴᠠ᠂ | ᠠᠵᠢᠯ ᠢᠶᠠᠨ ᠰᠠᠶᠢᠲᠤᠷ ᠬᠢᠵᠠᠢ᠂ ᠡᠶᠢᠮᠦ ᠠᠴᠠ ᠲᠤᠬᠠᠢ ᠶᠢᠨ ᠵᠢᠯ ᠳᠤ ᠶᠡᠷᠦᠩᠬᠡᠶ ᠰᠠᠶᠢᠳ ᠵᠧᠦ ᠡᠸ᠋ᠨ ᠯᠠᠶ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ︽ᠦᠨᠳᠦᠰᠦᠲᠡᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ︾ | ᠮᠦᠨ ᠬᠡᠵᠤ ᠬᠡᠯᠡᠭᠰᠡᠨ ᠪᠢᠯᠡ᠃ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠢᠷᠡᠵᠤ ᠰᠢᠨᠵᠢᠯᠡᠨ | ᠪᠠᠶᠢᠴᠠᠭᠠᠬᠤ ᠳᠠᠭᠠᠨ᠂ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠦᠨᠳᠦᠰᠦᠲᠡᠨ ᠤ ᠠᠵᠢᠯ ᠢ | ᠰᠠᠶᠢᠨ ᠬᠢᠵᠦ᠂ ᠦᠨᠳᠦᠰᠦᠲᠡᠨ ᠪᠦᠯᠬᠦᠮᠳᠡᠯ ᠲᠠᠢ᠂ ᠨᠡᠶᠢᠭᠡᠮ ᠲᠣᠭᠲᠠᠭᠤᠨ ᠪᠠᠶᠢᠨ᠎ᠠ ᠬᠡᠵᠤ ᠦᠵᠡᠪᠡ᠃ ᠪᠦᠬᠦ | ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠢᠦᠶ ᠵᠧᠩ ᠱᠧᠩ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠳᠠᠭᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠦᠡᠭᠭᠡᠷᠡᠭᠰᠡᠨ ᠳᠤ | ᠵᠢᠱᠢᠶᠡᠴᠢ ᠥᠪᠡᠷᠲᠡᠭᠡᠨ ᠵᠠᠰᠠᠬᠤ ᠣᠷᠣᠨ ᠪᠠᠶᠢᠪᠠ᠂ ᠤᠳᠤ ᠴᠤ ᠮᠦᠨ ᠵᠢᠱᠢᠶᠡᠴᠢ ᠥᠪᠡᠷᠲᠡᠭᠡᠨ ᠵᠠᠰᠠᠬᠤ ᠣᠷᠣᠨ | ᠪᠤᠯᠤᠨ᠎ᠠ᠂ ᠢᠷᠡᠭᠡᠳᠦᠶ ᠳᠤ ᠴᠦ ᠯᠠᠪᠲᠠᠢ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠤᠯᠬᠤ ᠶᠤᠮ ᠬᠡᠪᠡ᠃ | ᠤᠢᠢᠷ᠎ᠠ ᠶᠢᠨ ᠵᠢᠯ ᠤᠳ ᠲᠤ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠢᠷᠠᠭᠤ | ᠠᠯᠳᠠᠷ ᠢᠶᠠᠨ ᠬᠡᠷᠬᠢᠨ ᠨᠠᠨᠳᠢᠩᠨᠠᠨ ᠬᠠᠮᠠᠭᠠᠯᠠᠵᠤ᠂ ᠶᠡᠭᠡ ᠰᠠᠶᠢᠨ ᠪᠠᠶᠢᠳᠠᠯ ᠢ ᠤᠯᠠᠮ ᠨᠢᠭᠡ ᠠᠯᠬᠤᠮ ᠪᠠᠬᠢᠵᠢᠭᠦᠯᠦᠭᠰᠡᠨ | ᠪᠤᠢ ᠬᠡᠪᠡᠯ ᠶᠡᠭᠡ ᠲᠠᠯ᠎ᠠ ᠠᠴᠠ ᠠᠪᠴᠤ ᠬᠡᠯᠡᠪᠡᠯ᠂ ᠭᠤᠷᠪᠠᠨ ᠦᠭᠡ ᠪᠠᠷ ᠬᠤᠷᠢᠶᠠᠩᠭᠤᠶᠢᠯᠠᠵᠤ ᠪᠣᠯᠤᠨ᠎ᠠ᠄ | ᠨᠢᠭᠡᠳᠦᠭᠡᠷ ᠲᠤ ᠳᠠᠷᠤᠢ ᠲᠦᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠡᠷᠡᠰ | ᠭᠤᠶᠢᠪᠢᠰᠢ ᠦᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠲᠤᠬᠠᠢ | ᠶᠡᠷᠦᠩᠭᠡᠢ ᠱᠦᠵᠢ ᠶᠢᠨ ᠭᠤᠤᠯ ᠵᠢᠭᠠᠪᠤᠷᠢ ᠶᠢᠨ ᠵᠤᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠤᠨ ᠲᠤᠬᠠᠢ ᠲᠦᠪ ᠤᠨ ᠠᠯᠢ ᠤᠯᠠᠨ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠪᠠ᠃ | ᠬᠤᠶᠠᠳᠤᠭᠠᠷ ᠲᠤ ᠳᠠᠷᠤᠶ ᠲᠥᠪ ᠬᠤᠷᠢᠶ᠎ᠠ ᠠᠴᠠ ᠪᠢᠳᠡᠨ ᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ | ᠵᠠᠮ ᠢᠶᠠᠷ ᠡᠷᠡᠰ ᠭᠤᠶᠢᠪᠠᠰᠢ ᠦᠭᠡᠢ ᠵᠠᠮᠨᠠᠬᠤ ᠬᠡᠷᠡᠭᠲᠡᠶ ᠬᠡᠵᠤ ᠱᠠᠭᠠᠷᠳᠠᠪᠠ᠃ ᠮᠠᠨ ᠤ ᠤᠯᠤᠰ ︽ᠲᠠᠪᠢᠨ ᠵᠢᠷᠭᠤᠭᠠᠨ | ᠦᠨᠳᠦᠰᠦᠲᠡᠨ ᠪᠤᠯ ᠲᠠᠪᠢᠨ ᠵᠢᠷᠭᠤᠭᠠᠨ ᠪᠤᠳᠠ ᠴᠡᠴᠡᠭ᠂ ᠲᠠᠪᠢᠨ ᠵᠢᠷᠭᠤᠭᠠᠨ ᠠᠬ᠎ᠠ ᠡᠭᠡᠴᠢ ᠳᠡᠭᠦᠦ ᠨᠡᠷ ᠪᠣᠯ ᠨᠢᠭᠡ | ᠭᠡᠷ ᠤᠨ ᠬᠥᠮᠦᠨ ᠪᠤᠯᠬᠤ︾ ᠶᠢ ᠪᠡᠶᠡᠯᠡᠭᠦᠯᠵᠤ ᠳᠡᠶᠢᠯᠦᠭᠰᠡᠨ ᠨᠢ᠂ ᠠᠨᠠᠷ ᠤᠨ ᠦᠷ᠎ᠡ ᠰᠢᠭ ᠲᠡᠪᠡᠷᠢᠯᠴᠡᠵᠤ᠂ ᠨᠢᠭᠡ | ᠵᠤᠷᠪᠤᠰ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠲᠠᠢ ᠠᠴᠠ ᠪᠤᠯᠤᠭᠰᠠᠨ ᠶᠤᠮ᠃ | ᠭᠤᠷᠪᠠᠳᠤᠭᠠᠷ ᠲᠤ ᠳᠠᠷᠤᠢ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠡᠷᠡᠰ ᠭᠤᠶᠢᠪᠢᠰᠢ ᠦᠭᠡᠢ | ᠪᠠᠷᠢᠮᠲᠠᠯᠠᠪᠠ᠂ ᠮᠠᠨ ᠤ ᠤᠯᠤᠰ ᠣᠷᠣᠨ ᠤ ᠨᠢᠭᠡᠳᠦᠯ ᠢ ᠬᠠᠶᠠᠵᠤ ᠪᠣᠯᠬᠤ ᠤᠢᠭᠡᠢ᠂ ᠨᠢᠭᠡᠳᠦᠯ ᠢ ᠪᠠᠷᠢᠮᠲᠠᠯᠠᠬᠤ ᠶᠢᠨ | ᠬᠠᠮᠲᠤᠳᠠ᠂ ᠦᠨᠳᠦᠰᠦᠲᠡᠨ ᠤ ᠭᠠᠵᠠᠷ ᠣᠷᠣᠨ ᠤ ᠲᠤᠰ ᠲᠤᠰ ᠤᠨ ᠣᠨᠴᠠᠯᠢᠭ ᠢᠶᠠᠷ ᠢᠶᠠᠨ ᠬᠠᠮᠲᠤᠪᠠᠷ ᠪᠦᠯᠬᠦᠮᠳᠡᠨ | ᠳᠡᠪᠰᠢᠵᠦ᠂ ᠬᠠᠮᠲᠤᠪᠠᠷ ᠴᠡᠴᠡᠭᠯᠡᠨ ᠬᠥᠭᠵᠢᠬᠦ ᠬᠡᠷᠡᠭᠲᠡᠶ ᠶᠤᠮ᠃ | ᠪᠣᠳᠠᠲᠠᠶ ᠪᠠᠷ ᠬᠡᠯᠡᠪᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠡᠳᠡᠭᠡᠷ ᠵᠢᠯ ᠤᠳ ᠲᠤ ᠡᠶᠢᠮᠦ | ᠰᠠᠶᠢᠬᠠᠨ ᠤᠯᠤᠰ ᠲᠦᠷᠦ ᠶᠢᠨ ᠪᠠᠶᠢᠳᠠᠯ ᠢ ᠪᠠᠲᠤᠯᠠᠵᠤ ᠴᠢᠳᠠᠭᠰᠠᠨ ᠤ ᠭᠤᠣᠯ ᠰᠢᠯᠲᠠᠭᠠᠨ ᠪᠣᠯ ᠲᠠᠪᠤᠨ ᠲᠠᠯ᠎ᠠ ᠶᠢᠨ | ᠠᠵᠢᠯ ᠢ ᠰᠠᠶᠢᠨ ᠬᠢᠭᠰᠡᠨ ᠪᠠᠶᠢᠨ᠎ᠠ᠃ ᠨᠢᠭᠡᠳᠦᠭᠡᠷ ᠲᠤ᠂ ᠬᠥᠭᠵᠢᠯᠲᠡ ᠶᠢ ᠠᠳᠬᠤᠨ᠂ ᠠᠷᠠᠳ ᠤᠨ ᠠᠮᠢᠳᠤᠷᠠᠯ ᠢ | ᠠᠳᠬᠤᠪᠠ᠂ ᠡᠨᠡ ᠪᠣᠯ ᠬᠠᠲᠠᠭᠤ ᠶᠣᠰᠣ ᠮᠥᠨ᠂ ᠦᠨᠳᠦᠰᠦᠲᠡᠨ ᠤ ᠪᠦᠯᠬᠦᠮᠳᠡᠯ ᠤᠨ ᠠᠵᠢᠯ ᠢ ᠰᠠᠶᠢᠲᠤᠷ ᠬᠢᠬᠦ ᠶᠢᠨ | ᠰᠠᠭᠤᠷᠢ ᠪᠤᠯᠤᠨ ᠤᠷᠢᠲᠠᠯ ᠮᠥᠨ᠃ ᠬᠤᠶᠠᠳᠤᠭᠠᠷ ᠲᠤ᠂ ᠦᠨᠳᠦᠰᠦᠲᠡᠨ ᠤ ᠪᠦᠯᠬᠦᠮᠳᠡᠯ ᠤᠨ ᠲᠤᠬᠠᠶ ᠤᠬᠠᠭᠤᠯᠭ᠎ᠠ | ᠬᠥᠮᠦᠵᠢᠯ ᠪᠣᠯᠤᠨ ᠡᠭᠦᠳᠦᠨ ᠪᠠᠶᠢᠭᠤᠯᠬᠤ ᠠᠵᠢᠯ ᠢ ᠶᠡᠬᠡᠪᠡᠷ ᠲᠦᠯᠬᠢᠨ ᠠᠬᠢᠭᠤᠯᠵᠤ᠂ ᠦᠨᠳᠦᠰᠦᠲᠡᠨ ᠤ ᠰᠢᠯᠢᠳᠡᠭ | ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠡᠯ᠎ᠡ ᠦᠨᠳᠦᠰᠦᠲᠡᠨ ᠤ ᠬᠠᠷᠢᠯᠴᠠᠨ ᠤᠷᠤᠭᠤᠯ ᠰᠢᠳᠤ ᠮᠡᠲᠦ ᠢᠨᠡᠰᠢᠵᠤ᠂ | ᠬᠠᠷᠢᠯᠴᠠᠨ ᠬᠠᠷᠠᠭᠠᠯᠵᠠᠨ ᠲᠤᠰᠠᠯᠠᠯᠴᠠᠬᠤ ᠪᠠ ᠡᠶ᠎ᠡ ᠵᠣᠬᠢᠴᠠᠯ ᠲᠠᠢ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠵᠤ᠂ | ᠡᠯ᠎ᠡ ᠦᠨᠳᠦᠰᠦᠲᠡᠨ ᠤ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭᠠᠨ ᠤ ᠰᠠᠭᠤᠷᠢ ᠶᠢ ᠪᠠᠲᠤᠵᠢᠭᠤᠯᠵᠤ᠂ | ᠡᠯ᠎ᠡ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠬᠡᠷ ᠣᠷᠣᠨ ᠢ ᠪᠠᠶᠢᠭᠤᠯᠪᠠ᠃ ᠭᠤᠷᠪᠠᠳᠤᠭᠠᠷ ᠲᠤ᠂ | ᠦᠨᠳᠦᠰᠦᠲᠡᠨ ᠤ ᠠᠵᠢᠯ ᠤᠨ ᠲᠠᠯ᠎ᠠ ᠪᠠᠷ ᠲᠤᠯᠭᠠᠷᠠᠭᠰᠠᠨ ᠠᠰᠠᠭᠤᠳᠠᠯ ᠢ ᠲᠣᠬᠢᠲᠠᠶ ᠰᠢᠢᠳᠪᠦᠷᠢᠯᠡᠵᠤ᠂ | ᠦᠨᠳᠦᠰᠦᠲᠡᠨ ᠤ ᠠᠵᠢᠯ ᠢ ᠬᠠᠤᠯᠢ ᠪᠠᠷ ᠵᠠᠰᠠᠬᠤ ᠵᠠᠮ ᠳᠤ ᠤᠷᠤᠭᠤᠯᠪᠠ᠃ ᠳᠥᠷᠪᠡᠳᠦᠭᠡᠷ ᠲᠤ᠂ ᠦᠨᠳᠦᠰᠦᠲᠡᠨ ᠤ | ᠪᠦᠯᠬᠦᠮᠳᠡᠯ᠂ ᠨᠡᠶᠢᠭᠡᠮ ᠤᠨ ᠲᠣᠭᠲᠠᠭᠤᠨ ᠪᠠᠶᠢᠳᠠᠯ ᠢ ᠡᠪᠳᠡᠬᠦ ᠬᠢᠯᠢ ᠶᠢᠨ ᠳᠣᠲᠣᠷ᠎ᠠ ᠭᠠᠳᠠᠨᠠᠬᠢ ᠡᠯ᠎ᠡ ᠵᠦᠢᠯ ᠤᠨ | ᠬᠦᠴᠦᠨ ᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠤ᠂ ᠦᠨᠳᠦᠰᠦᠲᠡᠨ ᠤ ᠪᠦᠯᠬᠦᠮᠳᠡᠯ ᠢ ᠡᠪᠳᠡᠬᠦ ᠬᠦᠴᠦᠨ ᠲᠤᠯᠤᠭᠠᠢ | ᠦᠨᠳᠡᠶᠢᠪᠡᠯ ᠢᠯᠳᠠᠷ ᠬᠠᠶᠠᠯ ᠦᠭᠡᠢ ᠡᠷᠡᠰ ᠴᠤᠬᠢᠯᠲᠠ ᠦᠭᠪᠡ᠃ ᠲᠠᠪᠤᠳᠤᠭᠠᠷ ᠲᠤ᠂ ᠴᠥᠭᠡᠨ ᠲᠣᠭᠠᠲᠤ | ᠦᠨᠳᠦᠰᠦᠲᠡᠨ ᠤ ᠺᠠᠳ᠋ᠷ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ | ᠦᠨᠳᠦᠰᠦᠲᠡᠨ ᠤ ᠪᠦᠯᠬᠦᠮᠳᠡᠯ ᠢ ᠨᠢᠭᠲᠠᠷᠠᠭᠤᠯᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠪᠠᠲᠤ | ᠴᠢᠩᠭ᠎ᠠ ᠪᠠᠲᠤᠯᠠᠭ᠎ᠠ ᠶᠢ ᠤᠯᠭᠤᠪᠠ᠃ | ᠠᠰᠠᠭᠤᠯᠲᠠ ᠨᠠᠢᠮᠠ᠄ ︽ᠬᠥᠭᠵᠢᠯᠲᠦ ᠶᠢᠨ ᠬᠡᠷᠡᠭ︾ ᠤᠨ ᠳᠠᠷᠠᠭ᠎ᠠ᠂ ᠪᠤᠷᠤᠭᠤ ᠶᠢ ᠵᠠᠯᠠᠷᠠᠭᠤᠯᠬᠤ | ᠲᠣᠭᠲᠠᠴᠠ ᠶᠢ ᠬᠡᠷᠬᠢᠨ ᠪᠦᠷᠢᠨᠰᠢᠭᠦᠯᠦᠭᠰᠡᠨ ᠪᠤᠢ︖ | | ︽ᠳᠤᠮᠳᠠᠳᠤ ᠤᠯᠤᠰ ᠤᠨ ᠡᠳᠦᠷ ᠤᠨ ᠰᠣᠨᠢᠨ︾ ᠤ ᠰᠤᠷᠪᠤᠯᠵᠢᠯᠠᠭᠴᠢ᠄ ᠦᠨᠦᠭᠡᠨ ᠤᠯᠠᠨ ᠤ ᠮᠠᠰᠢ ᠶᠡᠭᠡ | ᠠᠩᠬᠠᠷᠤᠯ ᠲᠠᠯᠪᠢᠵᠤ ᠪᠠᠶᠢᠭᠰᠠᠨ ︽ᠬᠥᠭᠵᠢᠯᠲᠦ ᠶᠢᠨ ᠬᠡᠷᠡᠭ︾ ᠤᠨ ᠬᠠᠷᠢᠭᠤᠴᠠᠯᠭ᠎ᠠ ᠨᠡᠭᠡᠮᠵᠢᠯᠡᠭᠰᠡᠨ ᠳ᠋ᠦᠩ ᠢ | ᠨᠡᠶᠢᠲᠡᠯᠡᠭᠰᠡᠨ ᠪᠠᠶᠢᠨ᠎ᠠ᠃ ︽ᠬᠥᠭᠵᠢᠯᠲᠦ ᠶᠢᠨ ᠬᠡᠷᠡᠭ︾ ᠤᠨ ᠡᠶᠢᠮᠦᠷᠬᠦ ᠤᠨᠴᠠᠭᠠᠢ ᠬᠡᠷᠡᠭ ᠤᠨ ᠳᠠᠷᠠᠭ᠎ᠠ᠂ | ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠬᠦ ᠲᠠᠯ᠎ᠠ ᠪᠠᠷ ᠶᠠᠭᠠᠬᠢᠵᠤ ᠬᠢᠭᠰᠡᠨ ᠪᠤᠢ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠠᠤᠯᠢ ᠪᠠᠷ ᠤᠷᠤᠨ ᠢᠶᠠᠨ ᠵᠠᠰᠠᠬᠤ᠂ ᠠᠷᠠᠳᠴᠢᠯᠠᠯ ᠪᠤᠯᠤᠨ ᠬᠠᠤᠯᠢ | ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠠᠯ᠎ᠠ ᠪᠠᠷ ᠶᠠᠮᠠᠷ ᠶᠠᠮᠠᠷ ᠰᠢᠨ᠎ᠡ ᠣᠨᠴᠠᠯᠢᠭ ᠲᠠᠢ ᠪᠠ ᠰᠢᠨ᠎ᠡ | ᠦᠷ᠎ᠡ ᠪᠦᠲᠦᠮᠵᠢ ᠤᠯᠤᠭᠰᠠᠨ ᠪᠤᠢ︖ | ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠳᠡᠳ᠋ ᠡᠷᠬᠢᠯᠡᠭᠴᠢ ᠬᠤᠷᠴᠠ᠄ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ︽ᠬᠥᠭᠵᠢᠯᠲᠦ ᠶᠢᠨ ᠬᠡᠷᠡᠭ︾ ᠪᠤᠷᠤᠭᠤ ᠬᠡᠷᠡᠭ ᠤᠨ ᠬᠠᠷᠢᠭᠤᠴᠠᠯᠭ᠎ᠠ ᠶᠢ ᠨᠡᠬᠡᠮᠵᠢᠯᠡᠬᠦ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠯᠠᠨ ᠤᠳᠠᠭ᠎ᠠ ᠰᠤᠳᠤᠯᠪᠠ᠃ 2014 ᠤᠨ ᠤ 12 | ᠳ᠋ᠤᠭᠠᠷ ᠰᠠᠷ᠎ᠠ ᠶᠢᠨ 15 ᠤ ᠡᠳᠦᠷ᠂ ︽ᠬᠥᠭᠵᠢᠯᠲᠦ ᠶᠢᠨ ᠬᠡᠷᠡᠭ︾ ᠢ ᠲᠠᠭᠢᠨ ᠰᠢᠭᠦᠭᠡᠳ ᠶᠠᠯ᠎ᠠ ᠦᠭᠡᠢ ᠬᠡᠮᠡᠨ | ᠲᠠᠰᠤᠯᠠᠭᠰᠠᠨ ᠤ ᠰᠡᠭᠦᠯᠡᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠪᠠᠷ᠂ | ᠥᠪᠡᠷᠲᠡᠭᠡᠨ ᠵᠠᠰᠠᠬᠤ ᠣᠷᠣᠨ ᠤ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ | ᠬᠠᠮᠠᠭᠠᠯᠠᠬᠤ ᠲᠢᠩᠬᠢᠮ ᠲᠤᠰ ᠲᠤᠰ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠡᠨᠡ ᠬᠦ ᠠᠵᠢᠯ ᠢ ᠨᠠᠷᠢᠨ ᠨᠢᠮᠪᠠᠶ | ᠰᠢᠭᠦᠨ ᠰᠢᠢᠳᠪᠦᠷᠢᠯᠡᠵᠠᠢ᠃ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠰ ᠠᠴᠠ ᠬᠠᠷᠢᠭᠤᠴᠠᠯᠭ᠎ᠠ | ᠨᠡᠬᠡᠮᠵᠢᠯᠡᠬᠦ ᠶᠢ ᠡᠬᠢᠯᠡᠬᠦᠯᠦᠭᠰᠡᠨ ᠪᠠᠶᠢᠨ᠎ᠠ᠃ ᠬᠠᠷᠢᠭᠤᠴᠠᠯᠭ᠎ᠠ ᠨᠡᠬᠡᠮᠵᠢᠯᠡᠬᠦ ᠠᠵᠢᠯ ᠢ ᠨᠢᠳᠤᠨᠤᠨ ᠤ ᠳᠣᠣᠷ᠎ᠠ ᠬᠠᠭᠠᠰ | ᠵᠢᠯ ᠳᠤ ᠳᠠᠭᠤᠰᠬᠠᠵᠤ᠂ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ 27 ᠬᠥᠮᠦᠨ ᠠᠴᠠ ᠬᠠᠤᠯᠢ ᠴᠠᠭᠠᠵᠠ ᠰᠠᠬᠢᠯᠭ᠎ᠠ | ᠪᠠᠲᠤ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠪᠡ᠃ ᠭᠤᠣᠯᠳᠠᠯᠭ᠎ᠠ ᠲᠠᠢ ᠲᠤᠲᠤᠷᠬᠠᠶᠢᠯᠠᠬᠤ ᠨᠢ᠄ ︽ | ᠬᠥᠭᠵᠢᠯᠲᠦ ᠶᠢᠨ ᠬᠡᠷᠡᠭ︾ ᠤᠨ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠰ ᠠᠴᠠ ᠬᠠᠷᠢᠭᠤᠴᠠᠯᠭ᠎ᠠ | ᠨᠡᠬᠡᠮᠵᠢᠯᠡᠬᠦ ᠳᠤ ᠴᠢᠩᠭ᠎ᠠ ᠨᠢᠮᠪᠠᠶ ᠮᠦᠷᠲᠡᠭᠡᠨ ᠬᠠᠤᠯᠢ ᠲᠣᠭᠲᠠᠭᠠᠯ᠂ ᠳᠦᠷᠢᠮ ᠶᠣᠰᠣᠭᠠᠷ ᠶᠠᠪᠤᠭᠳᠠᠭᠤᠯᠤᠭᠰᠠᠨ ᠶᠤᠮ᠃ | ︽ᠬᠥᠭᠵᠢᠯᠲᠦ ᠶᠢᠨ ᠬᠡᠷᠡᠭ︾ ᠢ ᠬᠠᠤᠯᠢ ᠶᠣᠰᠣᠭᠠᠷ ᠵᠠᠯᠠᠷᠠᠭᠤᠯᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ | ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠡᠬᠦᠨ ᠠᠴᠠ ᠭᠦᠨᠵᠡᠭᠡᠶ ᠰᠤᠷᠭᠠᠮᠵᠢ ᠠᠪᠴᠤ᠂ | ᠪᠠᠶᠢᠭᠤᠯᠤᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠤ᠂ ᠲᠤᠰ ᠬᠡᠷᠡᠭ ᠲᠠᠢ ᠤᠶᠠᠯᠳᠤᠭᠤᠯᠤᠨ | ᠰᠡᠷᠡᠮᠵᠢᠯᠡᠭᠦᠯᠬᠦ ᠬᠥᠮᠦᠵᠢᠯ ᠢ ᠭᠦᠨᠵᠡᠭᠡᠶ ᠥᠷᠨᠢᠭᠦᠯᠵᠦ᠂ ᠡᠭᠦᠨ ᠢᠶᠠᠷ ᠴᠡᠭᠡᠷᠯᠡᠯ ᠪᠣᠯᠭᠠᠵᠤ᠂ ᠬᠠᠤᠯᠢ ᠬᠡᠷᠡᠭᠵᠢᠭᠦᠯᠬᠦ᠂ | ᠬᠠᠤᠯᠢ ᠴᠠᠭᠠᠵᠠ ᠶᠢᠨ ᠴᠢᠳᠠᠪᠤᠷᠢ ᠪᠣᠯᠤᠨ ᠤᠯᠠᠨ ᠨᠡᠶᠢᠲᠡ ᠳᠤ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ | ᠳᠡᠭᠡᠭᠰᠢᠯᠡᠭᠦᠯᠵᠤ᠂ ᠠᠷᠠᠳ ᠣᠯᠠᠨ ᠳᠤ ᠬᠠᠤᠯᠢ ᠴᠠᠭᠠᠵᠠ ᠶᠢᠨ ᠬᠡᠷᠡᠭ ᠪᠣᠯᠭᠠᠨ ᠳᠤ ᠴᠥᠮ ᠲᠥᠪ ᠭᠤᠣᠯᠴᠢ | ᠰᠢᠳᠤᠷᠭᠤ ᠶᠣᠰᠣ ᠶᠢ ᠪᠠᠷᠢᠮᠲᠠᠯᠠᠵᠤ ᠪᠠᠶᠢᠬᠤ ᠶᠢ ᠤᠶᠢᠯᠠᠭᠠᠭᠤᠯᠬᠤ ᠪᠠᠷ ᠴᠢᠷᠮᠠᠶᠢᠪᠠ᠃ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ | ᠬᠤᠷᠠᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠣᠷᠣᠨ ᠢᠶᠠᠨ ᠵᠠᠰᠠᠬᠤ ᠠᠵᠢᠯ ᠢ ᠲᠦᠢᠯ ᠤᠨ ᠴᠢᠩᠭ᠎ᠠ ᠠᠳᠬᠤᠵᠤ᠂ | ᠮᠠᠰᠢ ᠲᠦᠷᠭᠡᠨ ᠠᠬᠢᠭᠤᠯᠤᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ | ᠬᠤᠭᠤᠴᠠᠭᠠᠨ ᠤ ᠠᠷᠪᠠᠨ ᠬᠤᠶᠠᠳᠤᠭᠠᠷ ᠤᠳᠠᠭᠠᠨ ᠤ ᠪᠦᠬᠦ ᠬᠡᠰᠢᠭᠦᠳ ᠤᠨ ᠬᠤᠷᠠᠯ ᠤᠨ ᠶᠡᠷᠦᠩᠬᠡᠶ | ᠪᠠᠶᠢᠷᠢᠯᠠᠭᠤᠯᠤᠯᠲᠠ ᠶᠤᠰᠤᠭᠠᠷ᠂ ᠬᠠᠤᠯᠢ ᠪᠠᠷ ᠣᠷᠣᠨ ᠢᠶᠠᠨ ᠪᠦᠬᠦ ᠲᠠᠯ᠎ᠠ ᠪᠠᠷ ᠵᠠᠰᠠᠬᠤ ᠪᠠ ᠠᠷᠠᠳᠴᠢᠯᠠᠯ ᠬᠠᠤᠯᠢ ᠪᠠᠷ | ᠵᠠᠰᠠᠬᠤ ᠪᠠᠶᠢᠭᠤᠯᠤᠯᠲᠠ ᠮᠠᠰᠢ ᠶᠡᠭᠡ ᠠᠬᠢᠴᠠ ᠲᠠᠢ ᠪᠤᠯᠵᠤ᠂ ᠭᠤᠣᠯᠳᠠᠭᠤ ︽ᠭᠤᠷᠪᠠ ᠶᠢ ᠨᠠᠶᠢᠳᠠᠪᠤᠷᠢᠵᠢᠭᠤᠯᠤᠭᠰᠠᠨ | ︾ ᠪᠠ ︽ ᠳᠤᠯᠤᠭᠠᠨ ᠢᠯᠡᠷᠬᠡᠶ︾ ᠶᠢᠨ ᠲᠠᠯ᠎ᠠ ᠪᠠᠷ ᠢᠯᠡᠷᠡᠪᠡ᠃ | ︽ᠭᠤᠷᠪᠠ ᠶᠢ ᠨᠠᠶᠢᠳᠠᠪᠤᠷᠢᠵᠢᠭᠤᠯᠬᠤ︾ ᠭᠡᠳᠡᠭ ᠪᠤᠯ ᠲᠤᠰ ᠲᠤᠰ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠨᠠᠶᠢᠳᠠᠪᠤᠷᠢᠵᠢᠭᠤᠯᠬᠤ︔ ᠲᠣᠬᠢᠷᠠᠭᠤᠯᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ︔ | ᠲᠦᠷᠢᠮ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠶᠠᠪᠤᠳᠠᠯ ᠪᠤᠯᠤᠨ᠎ᠠ᠃ ︽ᠲᠤᠯᠤᠭᠠᠨ ᠢᠯᠡᠷᠬᠡᠶ︾ ᠭᠡᠳᠡᠭ | ᠪᠣᠯ ᠣᠷᠣᠨ ᠨᠤᠲᠤᠭ ᠤᠨ ᠬᠠᠤᠯᠢ ᠲᠣᠭᠲᠠᠭᠠᠬᠤ ᠠᠵᠢᠯ ᠤᠨ ᠦᠷ᠎ᠡ ᠪᠦᠲᠦᠮᠵᠢ ᠢᠯᠡᠷᠭᠡᠢ︔ ᠵᠠᠰᠠᠭ ᠤᠨ ᠣᠷᠳᠣᠨ ᠤ | ᠡᠭᠦᠷᠭᠡ ᠴᠢᠳᠠᠪᠤᠷᠢ ᠪᠠᠨ ᠬᠤᠪᠢᠷᠠᠭᠤᠯᠤᠭᠰᠠᠨ ᠠᠮᠵᠢᠯᠲᠠ ᠪᠦᠲᠦᠮᠵᠢ ᠢᠯᠡᠷᠭᠡᠢ︔ ᠬᠠᠤᠯᠢ ᠴᠠᠭᠠᠵᠠ ᠲᠥᠪ | ᠭᠤᠣᠯᠴᠢ ᠪᠠᠶᠢᠬᠤ ᠦᠷ᠎ᠡ ᠪᠦᠲᠦᠮᠵᠢ ᠢᠯᠡᠷᠭᠡᠢ︔ ᠠᠷᠠᠳ ᠨᠡᠶᠢᠲᠡ ᠪᠠᠷ ᠢᠶᠠᠨ ᠬᠠᠤᠯᠢ ᠶᠢ ᠰᠠᠬᠢᠬᠤ ᠵᠢᠴᠢ | ᠲᠦᠭᠡᠮᠡᠯᠵᠢᠬᠦᠯᠭᠦ ᠠᠮᠵᠢᠯᠲᠠ ᠪᠦᠲᠦᠮᠵᠢ ᠢᠯᠡᠷᠭᠡᠢ︔ ᠨᠡᠶᠢᠭᠡᠮ ᠤᠨ ᠵᠠᠰᠠᠯᠲᠠ ᠶᠢᠨ ᠬᠠᠤᠯᠢ ᠪᠠᠷ ᠵᠠᠰᠠᠬᠤ ᠦᠷ᠎ᠡ | ᠪᠦᠲᠦᠮᠵᠢ ᠢᠯᠡᠷᠭᠡᠢ︔ ᠬᠠᠤᠯᠢ ᠪᠠᠷ ᠵᠠᠰᠠᠬᠤ ᠡᠩᠨᠡᠭᠡ ᠶᠢᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ ᠢᠯᠡᠷᠬᠡᠶ︔ | ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠳᠦᠷᠢᠮ ᠤᠨ ᠪᠠᠶᠢᠭᠤᠯᠤᠯᠲᠠ ᠶᠢᠨ ᠠᠮᠵᠢᠯᠲᠠ ᠪᠦᠲᠦᠮᠵᠢ | ᠢᠯᠡᠷᠭᠡᠢ ᠪᠠᠶᠢᠬᠤ ᠶᠠᠪᠤᠳᠠᠯ ᠪᠤᠯᠤᠨ᠎ᠠ᠃ | ᠠᠰᠠᠭᠤᠯᠲᠠ ᠶᠢᠰᠦ᠄ ᠠᠯᠠᠱᠠ ᠶᠢᠨ ︽ᠮᠠ ᠯᠢᠶᠠᠨ ᠵᠢᠩ ᠤᠨ ᠬᠦᠴᠦᠷᠬᠡᠭᠯᠡᠯ ᠤᠨ ᠬᠡᠷᠡᠭ ︾ ᠢ ᠬᠡᠷᠬᠢᠨ | ᠰᠢᠢᠳᠪᠦᠷᠢᠯᠡᠭᠰᠡᠨ ᠪᠤᠢ︖ | | ᠶᠠᠫᠣᠨ ᠤ ᠬᠠᠮᠲᠤᠷᠠᠭᠰᠠᠨ ᠴᠢᠮᠡᠭᠡᠯᠡᠯ ᠤᠨ ᠬᠤᠷᠢᠶ᠎ᠠ ᠶᠢᠨ ᠰᠤᠷᠪᠤᠯᠵᠢᠯᠠᠭᠴᠢ᠄ ᠨᠢᠳᠤᠨᠤᠨ ᠤ 12 ᠳ᠋ᠤᠭᠠᠷ | ᠰᠠᠷ᠎ᠠ ᠳᠤ ᠥᠪᠥᠷ ᠮᠣᠩᠭᠤᠯ ᠤᠨ ᠠᠯᠠᠱᠠ ᠠᠶᠢᠮᠠᠭ ᠤᠨ ᠬᠢᠯᠢ ᠶᠢᠨ ᠤᠷᠤᠨ ᠳᠤ ᠬᠦᠴᠦᠷᠬᠡᠭᠯᠡᠯ ᠤᠨ ᠬᠡᠷᠡᠭ ᠡᠭᠦᠰᠪᠡ | ᠂ ᠰᠣᠨᠣᠰᠬᠤᠯᠠᠷ ᠬᠢᠯᠢ ᠶᠢᠨ ᠣᠷᠣᠨ ᠤ ᠭᠠᠵᠠᠷ ᠰᠢᠷᠤᠢ ᠶᠢᠨ ᠵᠢᠭᠤᠷᠠᠯᠳᠤᠭᠠᠨ ᠠᠴᠠ ᠪᠤᠯᠵᠤ ᠬᠡᠨ᠎ᠡ᠂ ᠥᠪᠥᠷ | ᠮᠣᠩᠭᠤᠯ ᠨᠢ ᠬᠦᠷᠰᠢ ᠵᠡᠷᠭᠡᠯᠡᠳᠡᠭᠡ ᠮᠤᠵᠢ ᠯᠤᠭ᠎ᠠ ᠶᠠᠮᠠᠷ ᠭᠠᠵᠠᠷ ᠰᠢᠷᠣᠶ ᠶᠢᠨ ᠵᠢᠭᠤᠷᠠᠯᠳᠤᠭᠠᠨ ᠭᠠᠷᠤᠭᠰᠠᠨ ᠪᠤᠢ︖ | ᠥᠪᠥᠷ ᠮᠣᠩᠭᠤᠯ ᠤᠨ ᠵᠠᠰᠠᠭ ᠤᠨ ᠣᠷᠳᠣᠨ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ ᠭᠠᠨᠰᠦ ᠮᠤᠵᠢ ᠶᠢᠨ | ᠵᠠᠰᠠᠭ ᠤᠨ ᠣᠷᠳᠣᠨ ᠲᠠᠢ ᠬᠡᠷᠬᠢᠨ ᠵᠦᠪᠳᠡᠯᠴᠡᠭᠰᠡᠨ ᠪᠤᠢ︖ | ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠠᠯᠠᠱᠠ ᠠᠶᠢᠮᠠᠭ ᠤᠨ ᠳᠠᠷᠤᠭ᠎ᠠ ᠹᠸᠡᠭ ᠢᠦᠢ ᠵᠧᠨ᠄ | ᠨᠢᠳᠤᠨᠤᠨ ᠤ 12 ᠳ᠋ᠤᠭᠠᠷ ᠰᠠᠷ᠎ᠠ ᠶᠢᠨ 6 ᠤ ᠡᠳᠦᠷ ᠤᠨ ᠡᠷᠲᠡ ᠶᠢᠨ 3 ᠴᠠᠭ ᠲᠤ᠂ ᠪᠡᠶ᠎ᠡ ᠶᠢᠨ ᠭᠠᠷᠤᠯ ᠨᠢ | ᠮᠡᠳᠡᠭᠳᠡᠬᠦ ᠦᠬᠡᠢ ᠨᠢᠭᠤᠷ ᠢᠶᠠᠨ ᠪᠦᠲᠦᠭᠡᠭᠰᠡᠨ ᠬᠡᠳᠦᠨ ᠠᠷᠪᠠᠨ ᠬᠥᠮᠦᠨ ᠠᠯᠠᠱᠠ ᠠᠶᠢᠮᠠᠭ ᠤᠨ ᠡᠵᠡᠨ᠎ᠡ | ᠬᠤᠰᠢᠭᠤᠨ ᠤ ᠳ᠋ᠦᠩ ᠹᠧᠩ ᠪᠠᠯᠭᠠᠰᠤ ᠶᠢᠨ ᠮᠠ ᠯᠢᠶᠠᠨ ᠵᠢᠩ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠥᠷᠲᠡᠭᠡ ᠳᠤ ᠳᠠᠭᠠᠷᠢᠨ ᠣᠷᠣᠵᠤ ᠴᠤᠬᠢᠨ ᠪᠠᠯᠪᠠᠴᠢᠵᠤ ᠪᠤᠯᠢᠶᠠᠨ ᠳᠡᠭᠡᠷᠡᠮᠳᠡᠪᠡ᠂ ᠲᠤᠬᠠᠶ ᠶᠢᠨ ᠦᠶ᠎ᠡ ᠳᠤ 13 | ᠠᠵᠢᠯᠳᠠᠨ ᠢ ᠰᠢᠷᠬᠠᠳᠠᠭᠤᠯᠵᠤ᠂ ᠪᠠᠶᠢᠴᠠᠭᠠᠬᠤ ᠤᠢᠷᠳᠡᠭᠡ ᠶᠢᠨ ᠭᠡᠷ ᠪᠠᠶᠢᠰᠢᠩ ᠢ 4600 ᠲᠡᠭᠰᠢ ᠳᠦᠷᠪᠡᠯᠵᠢᠨ | ᠮᠧᠲᠷ ᠡᠪᠳᠡᠨ ᠰᠦᠢᠳᠭᠡᠵᠤ᠂ ᠡᠯ᠎ᠡ ᠲᠦᠷᠦᠯ ᠤᠨ 11 ᠮᠠᠰᠢᠨ ᠲᠡᠷᠭᠡ ᠶᠢ ᠪᠠᠯᠪᠠᠴᠢᠭᠰᠠᠨ ᠪᠠᠶᠢᠨ᠎ᠠ᠃ ᠡᠨᠡ ᠬᠡᠷᠡᠭ | ᠭᠠᠷᠤᠭᠰᠠᠨ ᠤ ᠲᠠᠷᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠤᠯᠤᠨ | ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠯᠪᠣᠭᠳᠠᠯ ᠪᠦᠬᠦᠢ ᠤᠳᠤᠷᠢᠳᠤᠯᠭ᠎ᠠ | ᠴᠢᠬᠤᠯᠠ ᠴᠣᠬᠤᠯᠠᠪᠤᠷᠢ ᠦᠭᠪᠡ᠃ ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠤᠳᠤᠷᠢᠳᠤᠯᠭ᠎ᠠ ᠳᠣᠣᠷ᠎ᠠ᠂ ᠲᠤᠰ ᠬᠡᠷᠡᠭ ᠢ ᠲᠦᠷᠭᠡᠨ ᠰᠢᠢᠳᠪᠦᠷᠢᠯᠡᠭᠰᠡᠨ ᠪᠠᠶᠢᠨ᠎ᠠ᠃ ᠭᠤᠤᠯᠳᠠᠭᠤ | ᠳᠤᠤᠷᠠᠬᠢ ᠬᠡᠳᠦᠨ ᠲᠠᠯ᠎ᠠ ᠶᠢᠨ ᠠᠵᠢᠯ ᠢ ᠬᠢᠪᠡ᠄ ᠲᠤᠬᠠᠶ ᠶᠢᠨ ᠦᠶ᠎ᠡ ᠳᠤ ᠰᠢᠷᠬᠠᠲᠤᠭᠰᠠᠨ ᠬᠥᠮᠦᠰ ᠢ ᠴᠠᠭ | ᠲᠤᠬᠠᠶ ᠳᠤᠨᠢ ᠠᠪᠤᠷᠠᠨ ᠡᠮᠨᠡᠭᠦᠯᠪᠡ︔ ᠲᠤᠬᠠᠶ ᠶᠢᠨ ᠭᠠᠵᠠᠷ ᠤᠨ ᠤᠯᠠᠨ ᠲᠦᠮᠡᠨ ᠳᠤ ᠰᠤᠷᠭᠠᠨ ᠬᠦᠮᠦᠵᠢᠭᠦᠯᠵᠤ | ᠬᠦᠲᠦᠯᠦᠨ ᠵᠢᠯᠤᠭᠤᠳᠬᠤ ᠠᠵᠢᠯ ᠬᠢᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠪᠠ︔ ᠳᠣᠲᠣᠭᠠᠳᠤ ᠶᠢ | ᠬᠠᠮᠠᠭᠠᠯᠠᠬᠤ ᠶᠠᠮᠤᠨ ᠤ ᠱᠠᠭᠠᠷᠳᠠᠯᠭ᠎ᠠ ᠶᠣᠰᠣᠭᠠᠷ ᠭᠠᠨᠰᠦ ᠮᠤᠵᠢ ᠶᠢᠨ ᠴᠠᠭᠳᠠᠭ᠎ᠠ ᠲᠠᠢ ᠬᠠᠮᠵᠢᠯᠴᠠᠨ᠂ ᠬᠡᠷᠡᠭ ᠢ | ᠲᠠᠩᠨᠠᠨ ᠢᠯᠡᠷᠡᠭᠦᠯᠪᠡ︔ ᠥᠪᠥᠷ ᠮᠣᠩᠭᠤᠯ᠂ ᠭᠠᠨᠰᠦ ᠬᠤᠶᠠᠷ ᠭᠠᠵᠠᠷ ᠤᠨ ᠤᠳᠤᠷᠢᠳᠤᠯᠭ᠎ᠠ ᠨᠠᠷ ᠬᠢᠯᠢ ᠶᠢᠨ ᠵᠠᠭᠠᠭ | ᠲᠤᠭᠲᠠᠭᠠᠳᠤᠢ ᠭᠠᠵᠠᠷ ᠣᠷᠣᠨ ᠤ ᠲᠣᠭᠲᠠᠭᠤᠨ ᠪᠠᠶᠢᠳᠠᠯ ᠢ ᠬᠠᠮᠠᠭᠠᠯᠠᠬᠤ ᠠᠰᠠᠭᠤᠳᠠᠯ ᠢ ᠬᠠᠮᠲᠤ ᠪᠠᠷ ᠰᠤᠳᠤᠯᠵᠤ᠂ | ᠬᠢᠯᠢ ᠵᠠᠭᠠᠭ ᠤᠨ ᠵᠢᠭᠤᠷᠠᠯᠳᠤᠭᠠᠨ ᠢ ᠲᠣᠬᠢᠷᠠᠮᠵᠢᠲᠠᠶ ᠰᠢᠢᠳᠪᠦᠷᠢᠯᠡᠵᠤ᠂ ᠬᠢᠯᠢ ᠶᠢᠨ ᠣᠷᠣᠨ ᠤ ᠡᠶ᠎ᠡ ᠵᠣᠬᠢᠴᠠᠯ ᠪᠤᠯᠤᠨ | ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠬᠤ ᠬᠠᠮᠲᠤ ᠶᠢᠨ ᠲᠠᠨᠢᠯᠲᠠ ᠲᠠᠢ ᠪᠤᠯᠪᠠ᠃ |