ᠸᠠᠩ ᠵᠢᠶᠦ᠋ᠨ᠄ ᠪᠢᠳᠡ ᠠᠷᠠᠳ ᠤᠯᠠᠨ ᠳᠤ ᠬᠡᠳᠦᠢ ᠰᠠᠶᠢᠨ ᠬᠠᠨᠳᠤᠪᠠᠯ᠂ ᠠᠷᠠᠳ ᠤᠯᠠᠨ ᠮᠠᠨ ᠳᠤ ᠲᠠᠳᠦᠢ ᠳᠤᠲᠤᠨᠤ ᠪᠠᠶᠢᠳᠠᠭ
ᠨᠡᠶᠢᠲᠡᠯᠡᠭᠰᠡᠨ ᠴᠠᠭ᠄
2016/3/10
     3 ᠳ᠋ᠤᠭᠠᠷ ᠰᠠᠷ᠎ᠠ ᠶᠢᠨ 7᠎ ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ ᠮᠤᠩᠭᠤᠯ ᠤᠨ ᠲᠥᠯᠥᠭᠡᠯᠡᠭᠴᠢᠳ ᠤᠨ ᠪᠦᠯᠬᠦᠮ ᠪᠦᠬᠦ ᠪᠦᠯᠬᠦᠮ ᠤᠨ ᠬᠤᠷᠠᠯᠳᠤᠭᠠᠨ ᠢ ᠬᠤᠷᠠᠯᠳᠤᠭᠤᠯᠤᠭᠰᠠᠨ ᠤ ᠬᠠᠮᠲᠤ᠂ ᠳᠤᠮᠳᠠᠳᠤ ᠭᠠᠳᠠᠭᠠᠳᠤ ᠶᠢᠨ ᠵᠠᠭᠤᠴᠢᠯᠠᠭᠤᠷ ᠤᠨ ᠰᠤᠷᠪᠤᠯᠵᠢᠯᠠᠭ᠎ᠠ ᠶᠢ ᠬᠦᠯᠢᠶᠡᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      3 ᠳ᠋ᠤᠭᠠᠷ ᠰᠠᠷ᠎ᠠ ᠶᠢᠨ 7᠎ ᠤ ᠡᠳᠦᠷ ᠤᠨ ᠬᠤᠷᠠᠯᠳᠤᠭᠰᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠵᠠᠭᠤᠴᠢᠯᠠᠭᠤᠷ ᠤᠨ ᠰᠤᠷᠪᠤᠯᠵᠢᠯᠠᠭ᠎ᠠ ᠶᠢᠨ ᠬᠤᠷᠠᠯ ᠳᠡᠭᠡᠷ᠎ᠡ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠥᠪᠥᠷ ᠮᠣᠩᠭᠤᠯ ᠤᠨ ᠬᠡᠷᠡᠭᠵᠢᠭᠦᠯᠵᠦ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠬᠦᠬᠦᠯᠬᠦ︾ ᠢᠨᠵᠧᠨᠧᠷᠢᠩ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠬᠤ ᠳᠠᠭᠠᠨ ᠵᠢᠭᠠᠵᠤ ᠭᠠᠷᠭᠠᠭᠰᠠᠨ ᠨᠢ᠂ ᠪᠢᠳᠡ ᠠᠷᠠᠳ ᠤᠯᠠᠨ ᠳᠤ ᠬᠡᠳᠦᠢ ᠰᠠᠶᠢᠨ ᠬᠠᠨᠳᠤᠪᠠᠯ᠂ ᠠᠷᠠᠳ ᠤᠯᠠᠨ ᠮᠠᠨ ᠳᠤ ᠲᠡᠳᠦᠢ ᠳᠤᠲᠤᠨᠤ ᠪᠠᠶᠢᠳᠠᠭ᠃ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠬᠦᠯᠦᠭᠰᠡᠨ ᠨᠢ᠂ ᠮᠠᠯᠵᠢᠬᠤ ᠲᠠᠷᠢᠶᠠᠯᠠᠬᠤ ᠣᠷᠣᠨ ᠤ ᠳᠦᠷᠰᠦ ᠪᠠᠶᠢᠳᠠᠯ ᠢ ᠲᠦᠢᠯ ᠤᠨ ᠶᠡᠭᠡ ᠪᠠᠷ ᠬᠤᠪᠢᠷᠠᠭᠤᠯᠵᠤ᠂ ᠠᠵᠤ ᠠᠬᠤᠶ ᠶᠢᠨ ᠨᠡᠮᠡᠭᠳᠡᠯ ᠢ ᠳᠠᠶᠢᠴᠢᠯᠠᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠨᠡᠮᠡᠭᠳᠡᠬᠦ ᠶᠢ ᠠᠬᠢᠭᠤᠯᠵᠤ᠂ ᠺᠠᠳ᠋ᠷ ᠪᠤᠯᠤᠨ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠢᠶᠡᠯᠡᠯ ᠪᠠ ᠰᠠᠶᠢᠰᠢᠶᠠᠯ ᠢ ᠣᠯᠵᠠᠶ ᠭᠡᠪᠡ᠃      ᠸᠠᠩ ᠵᠢᠶᠦ᠋ᠨ ᠢᠨᠢᠶᠡᠮᠰᠦᠭᠯᠡᠨ ᠶᠠᠷᠢᠭᠰᠠᠨ ᠨᠢ᠄ ︽ᠪᠢᠳᠡ ᠮᠠᠯᠵᠢᠬᠤ ᠲᠠᠷᠢᠶᠠᠯᠠᠬᠤ ᠣᠷᠣᠨ ᠳᠤ ᠪᠠᠶᠢᠴᠠᠭᠠᠯᠲᠠ ᠬᠢᠬᠦ ᠳᠡᠭᠡᠨ ᠤᠯᠵᠤ ᠮᠡᠳᠡᠭᠰᠡᠨ ᠨᠢ᠂ ᠠᠶᠢᠯ ᠡᠷᠦᠭᠡ ᠪᠣᠯᠭᠠᠨ ᠳᠤ ᠶᠡᠷᠦᠩᠬᠡᠶ ᠱᠦᠵᠢ ᠰᠢ ᠶᠢᠨ ᠫᠢᠩ ᠤᠨ ᠬᠥᠷᠥᠭ ᠢ ᠡᠯᠬᠦᠵᠤ᠂ ᠮᠠᠯᠴᠢᠨ ᠲᠠᠷᠢᠶᠠᠴᠢᠳ ᠤᠯᠠᠨ ᠲᠦᠮᠡᠨ ᠤ ᠨᠠᠮ ᠳᠤ ᠪᠠᠨ ᠲᠠᠯᠠᠷᠬᠠᠵᠤ ᠪᠠᠶᠢᠭ᠎ᠠ ᠰᠡᠳᠬᠢᠯᠭᠡ ᠪᠠᠨ ᠬᠦᠢᠴᠡᠳ ᠢᠯᠡᠷᠡᠭᠦᠯᠪᠡ᠃︾ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠳᠠᠷᠤᠶ  ᠪᠢᠳᠡᠨ ᠤ ᠲᠡᠮᠡᠴᠡᠬᠦ ᠬᠠᠷᠠᠯᠲᠠ ᠮᠥᠨ︾ ᠬᠡᠳ ᠲᠡᠷᠡ ᠬᠡᠯᠡᠭᠰᠡᠨ ᠨᠢ᠂ ᠪᠢᠳᠡ ᠤᠯᠠᠨ ᠲᠦᠮᠡᠨ ᠤ ᠰᠠᠨᠠᠭᠠᠨ ᠳᠤ ᠨᠡᠶᠢᠴᠡᠭᠰᠡᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠨᠠᠶᠢᠳᠠᠪᠤᠷᠢᠵᠢᠭᠤᠯᠬᠤ ᠬᠡᠷᠡᠭᠲᠠᠢ ᠬᠡᠪᠡ᠃      ᠸᠠᠩ ᠵᠢᠶᠦ᠋ᠨ ᠬᠡᠯᠡᠭᠰᠡᠨ ᠨᠢ᠂ ︽ᠠᠷᠪᠠ ᠶᠢ ᠪᠦᠷᠢᠨ ᠪᠦᠷᠬᠦᠬᠦᠯᠬᠦ︾ ᠢᠨᠵᠧᠨᠧᠷᠢᠩ ᠢ ᠣᠶᠢᠯᠠᠭᠠᠬᠤ ᠳᠤ᠂ ᠬᠡᠳᠦᠨ ᠤᠬᠠᠭᠳᠠᠬᠤᠨ ᠢ ᠲᠣᠳᠣᠷᠬᠠᠶ ᠮᠡᠳᠡᠬᠦ ᠴᠢᠬᠤᠯᠠᠲᠠᠢ᠃ ︽ᠠᠷᠪᠠ ᠶᠢ ᠪᠦᠷᠢᠨ ᠪᠦᠷᠬᠦᠬᠦᠯᠬᠦ︾ ᠭᠡᠳᠡᠭ ᠨᠢ ᠶᠠᠭᠤ ᠶᠢ ᠵᠢᠭᠠᠵᠤ ᠪᠠᠶᠢᠬᠤ ᠪᠤᠢ︖ ᠭᠡᠪᠡᠯ 2014 ᠣᠨ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ   ᠬᠤᠷᠢᠶ᠎ᠠ 3 ᠵᠢᠯ ᠳᠤ 1000 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠬᠦᠬᠦᠯᠬᠦ︾ ᠢᠨᠵᠧᠨᠧᠷᠢᠩ ᠢ ᠡᠬᠢᠯᠡᠭᠦᠯᠦᠨ ᠬᠡᠷᠡᠭᠵᠢᠬᠦᠯᠬᠦ ᠪᠠᠷ ᠲᠤᠭᠲᠠᠪᠠ᠂ ᠡᠭᠦᠨ ᠳᠤ ᠨᠤᠷᠠᠬᠤ ᠠᠶᠤᠯᠲᠠᠶ ᠭᠡᠷ ᠪᠠᠶᠢᠰᠢᠩ ᠢ ᠦᠭᠡᠷᠡᠴᠢᠯᠡᠨ ᠵᠠᠰᠠᠬᠤ᠂ ᠤᠤᠭᠤᠬᠤ ᠤᠰᠤᠨ ᠤ ᠠᠮᠤᠷ ᠲᠦᠪᠰᠢᠨ᠂ ᠵᠡᠭᠡᠯᠢ ᠭᠤᠳᠤᠮᠵᠢ ᠶᠢᠨ ᠬᠠᠲᠠᠭᠤᠷᠠᠭᠤᠯᠤᠯᠲᠠ᠂ ᠭᠠᠴᠠᠭ᠎ᠠ ᠪᠤᠯᠭᠠᠨ ᠳᠤ ᠴᠠᠬᠢᠯᠭᠠᠨ ᠨᠡᠪᠲᠡᠷᠡᠭᠦᠯᠬᠦ ᠪᠠ ᠴᠠᠬᠢᠯᠭᠠᠨ ᠲᠣᠣᠷ ᠤᠨ ᠥᠭᠡᠷᠡᠴᠢᠯᠡᠯᠲᠡ᠂ ᠲᠣᠰᠬᠤᠨ ᠪᠣᠯᠭᠠᠨ ᠳᠤ ᠷᠡᠳᠢᠤ᠋ ᠲᠧᠯᠸᠢᠰ ᠨᠡᠪᠲᠡᠷᠡᠭᠦᠯᠬᠦ᠂ ᠰᠤᠷᠭᠠᠭᠤᠯᠢ ᠶᠢᠨ ᠪᠠᠶᠢᠷᠢ ᠶᠢᠨ ᠪᠦᠳᠦᠭᠡᠨ ᠪᠠᠶᠢᠭᠤᠯᠤᠯᠲᠠ ᠪᠤᠯᠤᠨ ᠠᠶᠤᠯ ᠦᠬᠡᠢ ᠶᠢᠨ ᠵᠠᠰᠠᠨ ᠦᠭᠡᠷᠡᠴᠢᠯᠡᠯᠲᠡ᠂ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ᠂ ᠪᠠᠷᠢᠮᠵᠢᠶᠠᠵᠢᠭᠰᠠᠨ ᠰᠣᠶᠣᠯ ᠤᠨ ᠡᠷᠦᠭᠡ᠂ ᠤᠯᠠᠨ ᠲᠦᠮᠡᠨ ᠳᠤ ᠲᠦᠬᠦᠮ ᠦᠵᠡᠬᠦᠯᠬᠦ ᠬᠡᠳᠦ ᠳᠡᠯᠭᠡᠭᠦᠷ᠂ ᠨᠠᠰᠤᠵᠢᠯ ᠤᠨ ᠠᠰᠠᠷᠠᠮᠵᠢ ᠶᠢᠨ ᠡᠮᠴᠢᠯᠡᠭᠡᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠪᠠᠭᠲᠠᠨ᠎ᠠ ᠭᠡᠪᠡ᠃      ᠶᠠᠭᠤᠨ ᠤ ᠤᠴᠢᠷ ᠠᠴᠠ ︽ᠠᠷᠪᠠ ᠶᠢ ᠪᠦᠷᠢᠨ ᠪᠦᠷᠬᠦᠬᠦᠯᠬᠦ︾ ᠢᠨᠵᠧᠨᠧᠷᠢᠩ ᠢ ᠬᠡᠷᠡᠭᠵᠢᠬᠦᠯᠦᠭᠰᠡᠨ ᠪᠤᠢ︖ ᠸᠠᠩ ᠵᠢᠶᠦ᠋ᠨ ᠲᠠᠶᠢᠯᠪᠤᠷᠢᠯᠠᠭᠰᠠᠨ ᠨᠢ᠂ ᠥᠪᠥᠷ ᠮᠣᠩᠭᠤᠯ ︽ᠠᠷᠪᠠ ᠶᠢ ᠪᠦᠷᠢᠨ ᠪᠦᠷᠬᠦᠬᠦᠯᠬᠦ︾ ᠢᠨᠵᠧᠨᠧᠷᠢᠩ ᠢ ᠶᠡᠬᠡᠪᠡᠷ ᠬᠡᠷᠡᠭᠵᠢᠬᠦᠯᠦᠭᠰᠡᠨ ᠤ ᠤᠴᠢᠷ ᠭᠡᠪᠡᠯ᠂ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠤᠨ ᠠᠵᠢᠯ ᠦᠢᠯᠡᠰ ᠢ ᠶᠡᠬᠡᠪᠡᠷ ᠬᠦᠭᠵᠢᠬᠦᠯᠵᠤ᠂ ᠠᠷᠠᠳ ᠤᠨ ᠠᠮᠢᠳᠤᠷᠠᠯ ᠤᠨ ᠬᠠᠮᠤᠭ ᠤᠨ ᠶᠡᠭᠡ ︽ᠲᠤᠲᠠᠭᠤ ᠵᠦᠢᠯ︾᠎ ᠢ ᠬᠦᠴᠦᠯᠡᠨ ᠨᠦᠬᠦᠪᠦᠷᠢᠯᠡᠬᠦ ᠪᠤᠯᠤᠨ᠎ᠠ᠃ ᠬᠡᠷᠪᠡ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠬᠤᠴᠣᠷᠴᠤ ᠪᠠᠶᠢᠭ᠎ᠠ ᠡᠨᠡᠬᠦ ᠳᠤᠲᠠᠭᠤᠳᠠᠯ ᠢ ᠨᠦᠬᠦᠪᠦᠷᠢᠯᠡᠬᠦ ᠦᠭᠡᠢ ᠪᠤᠯ᠂ ᠥᠪᠥᠷ ᠮᠣᠩᠭᠤᠯ ᠤᠨ ᠴᠢᠨᠡᠭᠡᠯᠢᠭ ᠨᠡᠶᠢᠭᠡᠮ ᠳᠠᠷᠤᠶ ᠪᠦᠷᠢᠨ ᠪᠦᠲᠦᠨ ᠪᠤᠯᠵᠤ ᠴᠢᠳᠠᠬᠤ ᠦᠭᠡᠢ᠂ ᠴᠢᠨᠡᠭᠡᠯᠢᠭ ᠨᠡᠶᠢᠭᠡᠮ ᠢ ᠵᠢᠩᠬᠢᠨᠢ ᠪᠦᠬᠦ ᠲᠠᠯ᠎ᠠ ᠪᠠᠷ  ᠪᠠᠶᠢᠭᠤᠯᠤᠭᠰᠠᠨ ᠶᠠᠪᠤᠳᠠᠯ ᠪᠢᠰᠢ ᠪᠤᠯᠤᠨ᠎ᠠ ᠬᠡᠪᠡ᠃      ︽ᠠᠷᠪᠠ ᠶᠢ ᠪᠦᠷᠢᠨ ᠪᠦᠷᠬᠦᠬᠦᠯᠬᠦ︾ ᠢᠨᠵᠧᠨᠧᠷᠢᠩ ᠤᠨ ᠦᠷ᠎ᠡ ᠪᠦᠲᠦᠮᠵᠢ ᠶᠠᠮᠠᠷ ᠰᠢᠭ᠋ ᠪᠤᠢ︖ ᠣᠳᠣᠬᠠᠨ ᠳᠤ ᠨᠡᠶᠢᠲᠡ 886 ᠳ᠋ᠦᠡᠭᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 84.4%᠎ ᠶᠢᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠪᠥᠳᠥᠭᠡᠨ ᠪᠠᠶᠢᠭᠤᠯᠵᠤ ᠥᠭᠡᠷᠡᠴᠢᠯᠡᠬᠦ ᠡᠭᠦᠷᠭᠡ ᠶᠢ ᠪᠡᠶᠡᠯᠡᠭᠦᠯᠦᠭᠰᠡᠨ ᠪᠠᠶᠢᠨ᠎ᠠ᠃ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠬᠦᠯᠦᠭᠰᠡᠨ ᠨᠢ᠂ ᠮᠠᠯᠵᠢᠬᠤ ᠲᠠᠷᠢᠶᠠᠯᠠᠬᠤ ᠣᠷᠣᠨ ᠤ ᠳᠦᠷᠰᠦ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ᠂ ᠠᠵᠤ ᠠᠬᠤᠶ ᠶᠢᠨ ᠨᠡᠮᠡᠭᠳᠡᠯ ᠢ ᠳᠠᠶᠢᠴᠢᠯᠠᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠨᠡᠮᠡᠭᠳᠡᠬᠦ ᠶᠢ ᠠᠬᠢᠭᠤᠯᠵᠤ᠂ ᠺᠠᠳ᠋ᠷ ᠪᠤᠯᠤᠨ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠢᠶᠡᠯᠡᠯ ᠪᠠ ᠰᠠᠶᠢᠰᠢᠶᠠᠯ ᠢ ᠣᠯᠤᠭᠰᠠᠨ ᠪᠠᠶᠢᠨ᠎ᠠ ᠬᠡᠪᠡ᠃      ︽ᠠᠷᠪᠠ ᠶᠢ ᠪᠦᠷᠢᠨ ᠪᠦᠷᠬᠦᠬᠦᠯᠬᠦ︾ ᠢᠨᠵᠧᠨᠧᠷᠢᠩ ᠢ ᠬᠡᠷᠡᠭᠵᠢᠬᠦᠯᠬᠦ ᠨᠢ ᠵᠦᠪ ᠤᠤ ᠪᠤᠷᠤᠭᠤ ᠤᠤ︖ ᠬᠤᠶᠢᠰᠢᠳᠠ ᠬᠡᠷᠬᠢᠨ ᠬᠡᠷᠡᠭᠵᠢᠬᠦᠯᠬᠦ ᠪᠤᠢ︖ ᠸᠠᠩ ᠵᠢᠶᠦ᠋ᠨ ᠵᠢᠭᠠᠵᠤ ᠭᠠᠷᠭᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ ᠢᠮᠠᠭᠲᠠ ᠪᠠᠷᠢᠮᠲᠠᠯᠠᠨ ᠬᠥᠭᠵᠢᠭᠦᠯᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠠᠭᠤᠷᠠᠶ ᠲᠠᠯ᠎ᠠ ᠶᠢ ᠴᠢᠩᠭ᠎ᠠ ᠠᠳᠬᠤᠵᠤ᠂ ᠬᠠᠮᠤᠭ ᠠᠴᠠ ᠢᠯᠡᠭᠦᠦ ᠬᠠᠯᠠᠮᠵᠢᠯᠠᠯ ᠦᠵᠡᠭᠦᠯᠬᠦ ᠴᠢᠬᠤᠯᠠ ᠲᠠᠢ ᠬᠥᠮᠦᠰ ᠢ ᠨᠡᠩ ᠢᠯᠡᠭᠦᠦ ᠠᠩᠬᠠᠷᠴᠤ᠂  ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠢᠨᠵᠧᠨᠧᠷᠢᠩ ᠢ ᠶᠡᠬᠡᠪᠡᠷ ᠬᠡᠷᠡᠭᠵᠢᠬᠦᠯᠵᠤ᠂ ᠬᠦᠴᠦ ᠪᠠᠨ ᠲᠥᠪᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠡᠯ᠎ᠡ ᠦᠨᠳᠦᠰᠦᠲᠡᠨ ᠤ ᠠᠷᠠᠳ ᠲᠦᠮᠡᠨ ᠳᠤ ᠨᠡᠩ ᠢᠯᠡᠭᠦᠦ ᠡᠳ᠋ᠯᠡᠭᠦᠯᠬᠦ ᠪᠠᠷ ᠴᠢᠷᠮᠠᠶᠢᠪᠠ᠃ ᠤᠢᠢᠷ᠎ᠠ ᠶᠢᠨ ᠭᠤᠷᠪᠠᠨ ᠵᠢᠯ ᠳᠤ᠂ ᠪᠦᠬᠦ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠵᠠᠷᠤᠴᠠᠭᠤᠯᠬᠤ ᠬᠠᠷᠢᠴᠠᠯ ᠢ ᠢᠮᠠᠭᠲᠠ 70%᠎ ᠠᠴᠠ  ᠳᠡᠭᠡᠭᠦᠷ ᠪᠠᠶᠢᠯᠭᠠᠵᠤ᠂ ᠪᠦᠬᠦ ᠤᠷᠤᠭᠤᠯᠤᠯᠲᠠ ᠨᠢ 7653 ᠳ᠋ᠦᠡᠭᠰᠢᠭᠤᠷ ᠲᠥᠭᠦᠷᠢᠭ ᠲᠤ ᠬᠦᠷᠴᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠩ ᠤᠯᠠᠨ ᠪᠣᠳᠠᠲᠠᠶ ᠠᠰᠢᠭ ᠬᠦᠷᠲᠡᠭᠡᠵᠤ᠂ ᠵᠣᠯ ᠵᠢᠷᠭᠠᠯ ᠲᠠᠢ ᠪᠠᠶᠢᠬᠤ ᠬᠡᠮᠵᠢᠶ᠎ᠡ ᠶᠢ ᠨᠢ ᠲᠠᠰᠤᠷᠠᠯᠲᠠ ᠦᠭᠡᠶ ᠳᠡᠭᠡᠭᠰᠢᠯᠡᠬᠦᠯᠪᠡ ᠬᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号