ᠪᠦᠬᠦ ᠣᠷᠣᠨ ᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯ ᠦᠭᠡᠢ ᠶᠢ ᠬᠢᠨᠠᠨ  ᠪᠠᠶᠢᠴᠠᠭᠠᠵᠤ ᠰᠢᠯᠭᠠᠨ ᠪᠠᠶᠢᠴᠠᠭᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/3/10
     2016 ᠣᠨ ᠤ 3 ᠳ᠋ᠤᠭᠠᠷ ᠰᠠᠷ᠎ᠠ ᠶᠢᠨ 9᠎ ᠤ ᠡᠳᠦᠷ᠂ ᠪᠥᠬᠦ ᠣᠷᠣᠨ ᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯ ᠦᠭᠡᠢ ᠶᠢ ᠬᠢᠨᠠᠨ ᠪᠠᠶᠢᠴᠠᠭᠠᠵᠤ ᠰᠢᠯᠭᠠᠨ ᠪᠠᠶᠢᠴᠠᠭᠠᠬᠤ ᠠᠵᠢᠯ ᠤᠨ  ᠬᠠᠷᠠᠭᠠᠨ ᠳᠠᠪᠲᠠᠮᠵᠢ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠬᠤᠷᠠᠯ ᠳᠡᠭᠡᠷ᠎ᠡ ᠪᠦᠬᠦ ᠤᠯᠤᠰ ᠤᠨ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯ ᠦᠭᠡᠢ ᠶᠢ ᠬᠢᠨᠠᠨ ᠪᠠᠶᠢᠴᠠᠭᠠᠬᠤ ᠠᠵᠢᠯ ᠤᠨ ᠬᠤᠷᠠᠯᠳᠤᠭᠠᠨ᠂ ᠪᠥᠬᠦ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠬᠠᠷᠠᠭᠠᠨ ᠳᠠᠪᠲᠠᠮᠵᠢ ᠶᠢᠨ ᠬᠤᠷᠠᠯ  ᠪᠣᠯᠣᠨ ᠪᠥᠬᠦ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽12 · 5︾᠎ ᠶᠢᠨ ᠬᠤᠭᠤᠴᠠᠭ᠎ᠠ ᠵᠢᠴᠢ 2015 ᠣᠨ ᠤ ᠠᠵᠢᠯ ᠢ ᠳ᠋ᠦᠩᠨᠡᠵᠦ᠂ ᠪᠠᠶᠢᠳᠠᠯ ᠢ ᠵᠠᠳᠠᠯᠤᠨ ᠰᠢᠨᠵᠢᠯᠡᠵᠦ᠂ ︽13 · 5︾᠎ ᠶᠢᠨ ᠲᠥᠯᠥᠪᠵᠢᠭᠦᠯᠭᠡ ᠶᠢ ᠲᠥᠯᠥᠪᠵᠢᠭᠦᠯᠦᠨ᠂ 2016 ᠣᠨ ᠤ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠵᠠᠶ᠃ ᠣᠷᠣᠨ ᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠡᠮᠵᠢᠯᠲᠡ ᠶᠢᠨ ᠬᠦᠷᠢᠶᠡᠯᠡᠩ ᠤᠨ ᠳᠠᠷᠤᠭ᠎ᠠ ᠯᠢᠦᠶ ᠶᠢᠨ ᠬᠤᠸᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃       ᠯᠢᠦᠶ ᠶᠢᠨ ᠬᠤᠸᠠ ᠵᠢᠭᠠᠵᠤ ᠭᠠᠷᠭᠠᠭᠰᠠᠨ ᠨᠢ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯ ᠦᠭᠡᠢ ᠶᠢᠨ ᠬᠢᠨᠠᠨ ᠬᠠᠮᠢᠶᠠᠷᠬᠤ ᠠᠵᠢᠯ ᠤᠨ ᠪᠠᠶᠢᠳᠠᠯ ᠬᠦᠨᠳᠦ ᠬᠡᠴᠡᠭᠦᠦ᠂ ᠡᠭᠦᠷᠭᠡ ᠨᠦᠰᠡᠷ ᠬᠦᠨᠳᠦ  ᠪᠠᠶᠢᠵᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯ ᠥᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠡᠷᠬᠡᠪᠰᠢ ᠴᠢᠩᠭᠠᠳᠬᠠᠬᠤ ᠬᠡᠷᠡᠭᠲᠡᠢ︔ ᠭᠤᠣᠯᠳᠠᠯᠭ᠎ᠠ ᠪᠠᠨ ᠲᠤᠪᠤᠶᠢᠯᠭᠠᠵᠤ᠂ 2016 ᠣᠨ ᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ︵ᠨᠢᠭᠡ︶ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠢ᠃ ︵ᠬᠤᠶᠠᠷ︶ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ︵ᠭᠤᠷᠪᠠ︶ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠵᠣᠬᠢᠴᠠᠭᠤᠯᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ  ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠶ᠃ ᠠᠶᠢᠮᠠᠭ ᠬᠤᠲᠠ᠂ ᠬᠤᠰᠢᠭᠤ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯ ᠦᠭᠡᠢ ᠶᠢᠨ ᠠᠵᠢᠯ ᠤᠨ ᠣᠳᠣᠷᠢᠳᠤᠯᠭ᠎ᠠ ᠶᠢ ᠦᠨᠡᠨ ᠬᠦ ᠴᠢᠩᠭᠠᠳᠬᠠᠵᠤ᠂  ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠶᠠᠰᠤ ᠴᠢᠨᠠᠷ ᠤᠨ ᠠᠶᠤᠯ ᠥᠭᠡᠢ ᠶᠢ ᠶᠡᠷᠦᠩᠬᠡᠶᠢᠯᠡᠨ ᠵᠠᠰᠠᠬᠤ᠂ ᠬᠦᠨᠳᠦ ᠶᠡᠭᠡ ᠲᠠᠯᠳᠠ ᠭᠡᠮ ᠢ ᠫᠠᠶᠢᠰᠠ ᠡᠯᠭᠦᠨ ᠰᠢᠮᠳᠠᠭᠤᠯᠤᠨ ᠭᠦᠢᠴᠡᠳᠭᠡᠬᠦ ᠪᠠ ᠵᠠᠷᠯᠠᠨ ᠨᠡᠶᠢᠲᠡᠯᠡᠬᠦ ᠲᠥᠷᠢᠮ ᠪᠠᠶᠢᠭᠤᠯᠬᠤ ᠶᠢ ᠲᠦᠯᠬᠢᠨ ᠠᠬᠢᠭᠤᠯᠵᠤ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠶᠠᠰᠤ ᠴᠢᠨᠠᠷ ᠤᠨ ᠠᠶᠤᠯ ᠥᠭᠡᠢ ᠶᠢᠨ ᠭᠦᠢᠴᠡᠳᠬᠡᠬᠦ ᠲᠤᠭ᠎ᠠ ᠶᠢ ᠣᠷᠣᠨ ᠨᠤᠲᠤᠭ ᠤᠨ ᠵᠠᠰᠠᠭ ᠤᠨ ᠣᠷᠳᠣᠨ ᠢ ᠬᠢᠨᠠᠨ ᠰᠢᠯᠭᠠᠬᠤ ᠬᠠᠷᠠᠯᠲᠠ ᠳᠤ ᠣᠷᠣᠭᠤᠯᠤᠨ᠎ᠠ ᠭᠡᠪᠡ᠃      ᠣᠷᠣᠨ ᠤ ᠲᠣᠪᠴᠢᠶ᠎ᠠ ᠶᠢᠨ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠬᠢᠨᠠᠨ ᠪᠠᠶᠢᠴᠠᠭᠠᠬᠤ  ᠲᠣᠪᠴᠢᠶ᠎ᠠ ᠶᠢᠨ ᠳᠠᠷᠤᠭ᠎ᠠ ᠸᠠᠩ ᠯᠧᠢ ᠪᠥᠬᠦ ᠣᠷᠣᠨ ᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ  ᠠᠶᠤᠯ ᠦᠭᠡᠢ ᠪᠣᠯᠣᠨ ︽12 · 5︾᠎ ᠶᠢᠨ ᠬᠤᠭᠤᠴᠠᠭᠠᠨ ᠳᠠᠬᠢ ᠡᠨᠧᠷᠭᠢ ᠶᠢ ᠠᠷᠪᠢᠯᠠᠨ ᠭᠠᠮᠨᠠᠬᠤ ᠠᠵᠢᠯ ᠵᠢᠴᠢ 2015 ᠣᠨ ᠤ ᠠᠵᠢᠯ ᠢ ᠳ᠋ᠦᠩᠨᠡᠵᠦ᠂ 2016 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠨᠢᠭᠡ ᠳᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠶᠤᠯ ᠦᠭᠡᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠢᠨᠠᠨ ᠪᠠᠶᠢᠴᠠᠭᠠᠬᠤ ᠣᠷᠴᠢᠨ ᠢ ᠬᠠᠤᠯᠢ ᠶᠣᠰᠣᠭᠠᠷ ᠵᠠᠰᠠᠪᠠ︔ ᠬᠤᠶᠠᠷ ᠲᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠨᠡᠶᠢᠳᠡᠮ ᠪᠠᠶᠢᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠲᠤᠭ᠎ᠠ ᠬᠡᠮᠵᠢᠶᠡᠨ ᠤ ᠲᠠᠷᠬᠠᠭᠠᠯᠲᠠ ᠪᠣᠯᠣᠨ ᠠᠮᠤᠷ ᠲᠦᠪᠰᠢᠨ ᠤ ᠪᠠᠶᠢᠳᠠᠯ ᠡᠳᠦᠷ ᠢᠷᠡᠬᠦᠶ᠎ᠡ ᠲᠣᠳᠣᠷᠬᠠᠶ ᠪᠣᠯᠪᠠ᠃ ᠭᠤᠷᠪᠠ ᠳᠤ ᠮᠡᠳᠡᠭᠡ ᠵᠠᠩᠬᠢᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ ᠪᠣᠳᠠᠲᠤ ᠠᠮᠵᠢᠯᠲᠠ ᠣᠯᠪᠠ᠃ ᠲᠦᠷᠪᠡ ᠳᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠠᠵᠢᠯ ᠨᠡᠩ ᠢᠯᠡᠭᠦᠦ ᠵᠢᠷᠤᠮᠵᠢᠪᠠ᠃ ᠲᠠᠪᠤ ᠳᠤ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢ ᠡᠮᠬᠢᠯᠡᠨ ᠨᠡᠶᠢᠯᠡᠭᠦᠯᠬᠦ ᠠᠵᠢᠯ ᠲᠥᠯᠥᠪᠯᠡᠭᠡ ᠲᠠᠢ᠂ ᠠᠯᠬᠤᠮ ᠳᠠᠷᠠᠭ᠎ᠠ  ᠎ ᠲᠠᠢ ᠯᠠᠪᠳᠠᠭᠤᠨ ᠢᠶᠠᠷ ᠠᠬᠢᠭᠳᠠᠪᠠ᠃ ᠵᠢᠷᠭᠤᠭ᠎ᠠ ᠳᠤ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠬᠢᠨᠠᠯᠲᠠ ᠬᠠᠮᠢᠶᠠᠷᠤᠯᠲᠠ ᠡᠮᠬᠢ ᠵᠢᠷᠤᠮ ᠲᠠᠢ ᠪᠠᠷ ᠠᠬᠢᠭᠳᠠᠪᠠ᠃      ᠮᠠᠨ ᠤ ᠣᠷᠣᠨ ᠤ ᠡᠯ᠎ᠡ ᠲᠥᠷᠥᠯ ᠤᠨ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠨᠡᠮᠡᠭᠳᠡᠬᠦ ᠬᠤᠷᠳᠤᠴᠠ ᠨᠡᠮᠡᠭᠳᠡᠵᠦ᠂ ᠬᠢᠨᠠᠨ ᠬᠠᠮᠢᠶᠠᠷᠬᠤ ᠵᠦᠢᠯ ᠤᠯᠠᠨ ᠡᠰᠢᠵᠢᠬᠦ᠂  ᠠᠶᠤᠯ ᠦᠭᠡᠢ ᠶᠢᠨ ᠬᠠᠮᠢᠶᠠᠷᠤᠯᠲᠠ ᠶᠢᠨ ᠬᠦᠴᠢᠷᠳᠡᠯ ᠶᠡᠬᠡᠰᠴᠦ᠂ ᠪᠤᠰᠤᠳᠴᠢ ᠠᠮᠤᠷ ᠲᠦᠪᠰᠢᠨ ᠤ ᠠᠶᠤᠯ ᠲᠦᠭᠰᠢᠭᠦᠷᠢ ᠨᠡᠮᠡᠭᠳᠡᠵᠦ ᠪᠠᠶᠢᠬᠤ ᠵᠡᠷᠭᠡ ᠪᠣᠳᠠᠲᠤ ᠪᠠᠶᠢᠳᠠᠯ ᠳᠤ ᠴᠢᠭᠯᠡᠭᠦᠯᠦᠨ᠂ 2016 ᠣᠨ ᠳᠤ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠳᠤ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠃ ︵ᠨᠢᠭᠡ ︶ ᠠᠵᠢᠯ ᠤᠨ ᠰᠠᠭᠤᠷᠢ ᠪᠠᠨ ᠪᠠᠲᠤᠳᠬᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠵᠠᠰᠠᠬᠤ ᠶᠢ ᠴᠢᠩᠭᠠᠳᠬᠠᠬᠤ ᠬᠡᠷᠡᠭᠲᠡᠢ  ︔ ︵ᠬᠤᠶᠠᠷ︶ ᠡᠭᠦᠷᠭᠡ ᠴᠢᠳᠠᠪᠤᠷᠢ ᠪᠠᠨ ᠢᠳᠡᠪᠬᠢᠲᠡᠶ ᠪᠠᠷ ᠬᠤᠪᠢᠷᠠᠭᠤᠯᠵᠤ᠂ ᠥᠭᠡᠷᠡᠴᠢᠯᠡᠯᠲᠡ ᠶᠢ ᠬᠦᠴᠦᠯᠡᠨ ᠲᠥᠯᠬᠢᠨ ᠠᠬᠢᠭᠤᠯᠬᠤ ᠬᠡᠷᠡᠭᠲᠡᠶ︔ ︵ᠭᠤᠷᠪᠠ︶ ᠭᠤᠣᠯᠳᠠᠯᠭ᠎ᠠ ᠲᠠᠢ ᠲᠤᠨᠤᠭ ᠲᠥᠬᠦᠭᠡᠷᠦᠮᠵᠢ ᠶᠢ ᠳᠣᠪᠣᠶᠢᠯᠭᠠᠵᠤ᠂ ᠬᠢᠨᠠᠨ ᠬᠠᠮᠢᠶᠠᠷᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ︔ ︵ᠳᠦᠷᠪᠡ︶  ︽ᠬᠠᠩᠭᠠᠯᠭ᠎ᠠ ᠶᠢᠨ ᠲᠠᠯ᠎ᠠ︾᠎ ᠶᠢᠨ ᠥᠭᠡᠷᠡᠴᠢᠯᠡᠯᠲᠡ ᠳᠤ ᠦᠢᠯᠡᠴᠢᠯᠡᠵᠦ᠂ ᠴᠢᠬᠤᠯᠠ ᠶᠡᠭᠡ ᠠᠵᠢᠯᠯᠠᠭ᠎ᠠ ᠳᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ︔ ︵ᠲᠠᠪᠤ︶ ᠦᠢᠯᠡᠳᠪᠦᠷᠢᠯᠡᠯ ᠤᠨ ᠠᠶᠤᠯ ᠥᠭᠡᠢ ᠶᠢᠨ ᠡ᠊ᠨᠳᠡᠯ ᠢ ᠰᠢᠰᠲ᠋ᠧᠮᠵᠢᠭᠦᠯᠦᠨ ᠪᠦᠷᠢᠳᠬᠡᠵᠦ ᠬᠤᠯᠪᠣᠭ᠎ᠠ ᠠᠪᠴᠤ ᠰᠢᠭᠤᠳ ᠮᠡᠳᠡᠭᠦᠯᠬᠦ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠣᠬᠠᠢ ᠱᠠᠭᠠᠷᠳᠠᠯᠭ᠎ᠠ ᠨᠤᠭᠤᠳ ᠢ ᠨᠠᠶᠢᠳᠠᠪᠤᠷᠢᠵᠢᠭᠤᠯᠬᠤ ᠬᠡᠷᠡᠭᠲᠡᠢ᠃      ᠬᠤᠷᠠᠯ ᠳᠡᠭᠡᠷ᠎ᠡ᠂ ᠣᠨᠴᠠ ᠲᠥᠷᠥᠯ ᠤᠨ ᠲᠤᠨᠤᠭ ᠲᠥᠬᠦᠭᠡᠷᠦᠮᠵᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠱᠢ ᠽᠦᠩ ᠶᠤᠸᠠᠢ ᠶᠡᠷᠦᠩᠬᠡᠶ ᠲᠣᠪᠴᠢᠶ᠎ᠠ ᠶᠢᠨ ᠳᠠᠷᠤᠭ᠎ᠠ ᡁᠢ ᠱᠤ᠋ ᠫᠢᠩ ᠤᠨ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯ ᠦᠭᠡᠢ ᠪᠣᠯᠣᠨ ᠡᠨᠧᠷᠭᠢ ᠶᠢ ᠠᠷᠪᠢᠯᠠᠬᠤ ᠠᠵᠢᠯ ᠤᠨ ᠴᠢᠬᠤᠯᠠ ᠴᠣᠬᠤᠯᠠᠪᠤᠷᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠪᠥᠸᠧ ᠶᠢᠨ ᠪᠥᠬᠦ ᠣᠷᠣᠨ  ᠤ ᠠᠶᠤᠯ ᠥᠭᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠪᠠ᠃ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠪᠦᠷᠢᠳᠬᠡᠯ ᠤᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠨᠡᠪᠲᠡᠷᠡᠭᠦᠯᠦᠭᠰᠡᠨ ᠪᠦᠭᠡᠳ ᠠᠵᠢᠯ ᠤᠨ ᠱᠠᠭᠠᠷᠳᠠᠯᠭ᠎ᠠ ᠳᠤᠷᠠᠳᠪᠠ᠃ ᠬᠤᠷᠠᠯ ᠨᠢ ᠬᠠᠷᠠᠭᠠᠨ ᠳᠠᠪᠲᠠᠮᠵᠢ ᠶᠢᠨ ᠬᠤᠷᠠᠯ ᠤᠨ ᠬᠡᠯᠪᠡᠷᠢ ᠪᠠᠷ ᠶᠠᠪᠤᠭᠳᠠᠵᠤ᠂ ᠣᠷᠣᠨ ᠤ ᠲᠣᠪᠴᠢᠶ᠎ᠠ ᠶᠢᠨ ᠣᠨᠴᠠ ᠲᠥᠷᠥᠯ ᠤᠨ ᠲᠤᠨᠤᠭ ᠲᠦᠬᠦᠭᠡᠷᠦᠮᠵᠢ ᠶᠢᠨ ᠲᠣᠪᠴᠢᠶ᠎ᠠ ᠶᠢᠨ ᠪᠦᠬᠦ ᠠᠵᠢᠯᠲᠠᠨ᠂ ᠥᠪᠡᠷᠲᠡᠭᠡᠨ ᠵᠠᠰᠠᠬᠤ ᠣᠷᠣᠨ ᠤ ᠭᠦᠸᠧᠯᠦ ᠶᠢᠨ ᠳᠠᠷᠤᠯᠲᠠᠲᠤ ᠰᠠᠪᠠ ᠰᠢᠯᠭᠠᠨ ᠪᠠᠶᠢᠴᠠᠭᠠᠬᠤ ᠬᠦᠷᠢᠶᠡᠯᠡᠩ᠂ ᠣᠨᠴᠠ ᠲᠥᠷᠥᠯ ᠤᠨ ᠲᠤᠨᠤᠭ ᠲᠥᠬᠦᠭᠡᠷᠦᠮᠵᠢ ᠶᠢ ᠬᠢᠨᠠᠨ ᠪᠠᠶᠢᠴᠠᠭᠠᠬᠤ ᠬᠦᠷᠢᠶᠡᠯᠡᠩ ᠤᠨ ᠤᠳᠤᠷᠢᠳᠬᠤ ᠪᠠᠭ ᠤᠨ ᠪᠦᠷᠢᠯᠳᠦᠬᠦᠨ ᠪᠣᠯᠣᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠭᠤᠣᠯ ᠲᠠᠯᠠᠪᠠᠢ ᠶᠢᠨ ᠬᠤᠷᠠᠯ ᠳᠤ ᠣᠷᠣᠯᠴᠠᠪᠠ᠃ ᠠᠶᠢᠮᠠᠭ ᠬᠤᠲᠠ ᠬᠤᠰᠢᠭᠤ ᠰᠢᠶᠠᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠺᠣᠮᠢᠰ︶᠎ ᠶᠢᠨ ᠬᠤᠪᠢᠳᠠᠨ ᠬᠠᠮᠢᠶᠠᠷᠴᠤ ᠪᠠᠶᠢᠭ᠎ᠠ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢ ᠬᠢᠨᠠᠨ ᠪᠠᠶᠢᠴᠠᠭᠠᠬᠤ ᠠᠵᠢᠯ ᠤᠨ ᠤᠳᠤᠷᠢᠳᠤᠯᠭ᠎ᠠ  ᠵᠢᠴᠢ  ᠠᠵᠢᠯᠲᠠᠳ ᠨᠡᠶᠢᠲᠡ 560 ᠭᠠᠷᠤᠢ ᠬᠥᠮᠥᠨ ᠬᠤᠪᠢᠶᠠᠷᠢ ᠲᠠᠯᠠᠪᠠᠢ ᠶᠢᠨ ᠬᠤᠷᠠᠯ ᠳᠤ ᠣᠷᠣᠯᠴᠠᠵᠠᠶ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号