ᠯᠢ ᠺᠧ ᠴᠢᠶᠠᠩ ᠳᠤᠮᠳᠠᠳᠤ ᠤᠯᠤᠰ ᠤᠨ ᠠᠵᠤ ᠠᠬᠤᠢ ᠶᠢᠨ ᠪᠠᠶᠢᠳᠠᠯ ᠢ ᠬᠡᠷᠬᠢᠨ ᠦᠵᠡᠬᠦ᠂ ᠶᠠᠭᠠᠬᠢᠪᠠᠯ ᠵᠣᠬᠢᠬᠤ᠂ ᠶᠠᠭᠠᠬᠢᠵᠤ ᠬᠢᠬᠦ ᠲᠤᠬᠠᠢ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2016/3/10
     3 ᠳ᠋ᠤᠭᠠᠷ ᠰᠠᠷ᠎ᠠ ᠶᠢᠨ 9᠎ ᠤ ᠡᠳᠦᠷ᠂ ᠡᠪ ᠬᠠᠮᠳ᠋ᠪ ᠨᠠᠮ ᠤᠨ ᠲᠥᠪ ᠬᠤᠷᠢᠶ᠎ᠠ ᠶᠢᠨ ᠤᠯᠤᠰ ᠳᠦᠷᠤ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠳᠦᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠶ ᠰᠠᠶᠢᠳ ᠯᠢ ᠺᠧ ᠴᠢᠶᠠᠩ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠭᠤᠸᠠᠩᠳᠦ᠋ᠩ ᠮᠤᠵᠢ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠣᠯᠴᠠᠪᠠ᠃ ᠯᠢ ᠺᠧ ᠴᠢᠶᠠᠩ ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠵᠥᠩ ᠨᠠᠨ ᠱᠠᠨ ᠲᠠᠢ ᠶᠠᠷᠢᠯᠴᠠᠪᠠ᠃
     9᠎ ᠤ ᠡᠳᠦᠷ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠭᠤᠸᠠᠩᠳᠦ᠋ᠩ ᠮᠤᠵᠢ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠳᠤᠮᠳᠠᠳᠤ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠶ ᠰᠠᠶᠢᠳ ᠯᠢ ᠺᠧ ᠴᠢᠶᠠᠩ ᠶᠠᠷᠢᠶᠠᠨ ᠳᠠᠭᠠᠨ᠂ ᠣᠳᠣᠬᠠᠨ ᠤ ᠳᠤᠮᠳᠠᠳᠤ ᠤᠯᠤᠰ ᠤᠨ ᠠᠵᠤ ᠠᠬᠤᠶ ᠶᠢᠨ ᠪᠠᠶᠢᠳᠠᠯ ᠢ ᠬᠡᠷᠬᠢᠨ ᠦᠵᠡᠬᠦ᠂ ᠶᠠᠭᠤ ᠬᠢᠬᠦ᠂ ᠶᠠᠭᠠᠬᠢᠵᠤ ᠬᠢᠬᠦ ᠲᠤᠬᠠᠢ ᠲᠣᠳᠣᠷᠬᠠᠶ ᠲᠠᠶᠢᠯᠪᠤᠷᠢᠯᠠᠪᠠ᠃      — — ᠬᠡᠷᠬᠢᠨ ᠦᠵᠡᠬᠦ ᠪᠤᠢ︖     ᠤᠯᠠᠨ ᠲᠠᠯ᠎ᠠ ᠶᠢᠨ ᠬᠦᠴᠢᠷᠳᠡᠯ ᠪᠠ ᠴᠢᠩᠭ᠎ᠠ ᠰᠦᠷᠡᠬᠡᠶ ᠦᠷᠢᠰᠦᠯᠳᠦᠭᠡᠨ ᠤ ᠡᠮᠦᠨ᠎ᠡ᠂ ᠦᠩᠭᠡᠷᠡᠭᠰᠡᠨ ᠵᠢᠯ᠂ ᠳᠤᠮᠳᠠᠳᠤ ᠤᠯᠤᠰ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ 67.7 ᠲᠦᠮᠡᠨ ᠳ᠋ᠦᠩᠰᠢᠭᠤᠷ ᠲᠥᠭᠦᠷᠢᠭ ᠬᠦᠷᠴᠦ᠂ 6.9%᠎ ᠪᠠᠷ ᠨᠡᠮᠡᠭᠳᠡᠪᠡ᠂ ᠳᠡᠯᠡᠬᠡᠶ ᠶᠢᠨ ᠭᠤᠣᠯᠳᠠᠯᠭᠠᠲᠤ ᠠᠵᠤ ᠠᠬᠤᠶ ᠶᠢᠨ ᠴᠣᠭᠴᠠ ᠶᠢᠨ ᠳᠤᠮᠳᠠ ᠲᠡᠷᠢᠭᠦᠨ ᠡᠩᠨᠡᠭᠡᠨ ᠳᠤ ᠵᠢᠭᠰᠠᠭᠠᠭᠳᠠᠨ᠎ᠠ᠃      ︽ᠳᠡᠯᠡᠬᠡᠶ ᠶᠢᠨ ᠠᠵᠤ ᠠᠬᠤᠶ ᠳᠤ ᠳᠤᠮᠳᠠᠳᠤ ᠤᠯᠤᠰ ᠤᠨ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠮᠥᠨ 25%᠎ ᠠᠴᠠ ᠳᠡᠭᠡᠭᠰᠢ ᠶᠢ ᠡᠵᠡᠯᠡᠨ᠎ᠡ︾ ᠭᠡᠵᠦ ᠯᠢ ᠺᠧ ᠴᠢᠶᠠᠩ ᠶᠠᠷᠢᠪᠠ᠃      ᠳᠤᠮᠳᠠᠳᠤ ᠤᠯᠤᠰ ᠤᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠨᠢ ᠣᠳᠣᠬᠠᠨ ᠳᠤ ᠨᠢᠭᠡᠨᠲᠡ 10 ᠲᠦᠮᠡᠨ ᠳ᠋ᠦᠩᠰᠢᠭᠤᠷ ᠳ᠋ᠣᠯᠯᠠᠷ ᠠᠴᠠ ᠳᠠᠪᠠᠵᠠᠢ᠂ ᠣᠳᠣᠬᠢ ᠱᠠᠲᠤᠨ ᠤ ᠳᠤᠮᠳᠠᠳᠤ ᠤᠯᠤᠰ ᠤᠨ ᠬᠥᠭᠵᠢᠯᠲᠡ ᠶᠢ ᠬᠡᠷᠬᠢᠨ ᠦᠵᠡᠬᠦ   ᠪᠤᠢ︖      5᠎ ᠤ ᠡᠳᠦᠷ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠯᠢ ᠺᠧ ᠴᠢᠶᠠᠩ ᠪᠠᠰᠠ ᠨᠢᠭᠡᠨ ᠨᠠᠷᠢᠨ ᠳᠠᠩᠰᠠ ᠪᠤᠳᠤᠪᠡ᠄ ᠤᠳᠤ ᠳᠤᠮᠳᠠᠳᠤ ᠤᠯᠤᠰ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠡᠮᠡᠭᠳᠡᠯ ᠤᠨ ᠬᠡᠮᠵᠢᠶ᠎ᠡ ᠨᠢ 1 ᠵᠠᠭᠤᠨ ᠤ ᠴᠡᠭ ᠨᠡᠮᠡᠭᠳᠡᠬᠦ ᠪᠦᠷᠢ ᠳᠤ᠂ 5 ᠵᠢᠯ ᠤᠨ ᠡᠮᠦᠨᠡᠬᠢ 1.5 ᠵᠠᠭᠤᠨ ᠤ ᠴᠡᠭ᠂ 10 ᠵᠢᠯ ᠤᠨ ᠡᠮᠦᠨᠡᠬᠢ 2.5 ᠵᠠᠭᠤᠨ ᠤ ᠴᠡᠭ ᠤᠨ ᠨᠡᠮᠡᠭᠳᠡᠯ ᠤᠨ ᠬᠡᠮᠵᠢᠶ᠎ᠡ ᠲᠠᠢ ᠲᠡᠩᠴᠡᠨ᠎ᠡ ᠭᠡᠵᠡᠢ᠃      — — ᠶᠠᠭᠠᠬᠢᠪᠠᠯ ᠵᠣᠬᠢᠬᠤ ᠪᠣᠢ︖      ᠣᠳᠣᠬᠠᠨ ᠤ ᠳᠤᠮᠳᠠᠳᠤ ᠤᠯᠤᠰ ᠤᠨ ᠠᠵᠤ ᠠᠬᠤᠶ ᠶᠢ ᠶᠠᠭᠠᠬᠢᠪᠠᠯ ᠵᠣᠬᠢᠬᠤ ᠪᠤᠢ︖ ᠯᠢ ᠺᠧ ᠴᠢᠶᠠᠩ 9᠎ ᠤ ᠡᠳᠦᠷ ᠲᠣᠳᠣᠷᠬᠠᠶ ᠬᠠᠷᠢᠭᠤᠯᠲᠠ ᠥᠭᠪᠡ᠃      ︽ᠳᠤᠮᠳᠠᠳᠤ ᠤᠯᠤᠰ ᠤᠨ ᠠᠵᠤ ᠠᠬᠤᠶ ᠶᠢᠨ ᠳᠤᠮᠳᠠ ᠳᠡᠭᠡᠳᠦ ᠬᠤᠷᠳᠤᠴᠠ ᠪᠠᠷ ᠨᠡᠮᠡᠭᠳᠡᠬᠦ ᠶᠢ ᠬᠡᠷᠬᠢᠨ ᠪᠡᠶᠡᠯᠡᠭᠦᠯᠬᠦ ᠪᠣᠢ︖ ᠥᠭᠡᠷᠡᠴᠢᠯᠡᠯᠲᠡ ᠨᠡᠭᠡᠭᠡᠯᠲᠡ ᠬᠢᠭᠰᠡᠨ ᠭᠤᠴᠢ ᠭᠠᠷᠤᠶ ᠵᠢᠯ ᠤᠨ ᠲᠤᠷᠰᠢᠯᠭ᠎ᠠ ᠪᠢᠳᠡᠨ ᠳᠤ ᠡᠯᠪᠡᠭ ᠪᠠᠶᠠᠯᠢᠭ ᠰᠡᠩᠬᠡᠷᠡᠭᠦᠯᠦᠯ ᠣᠯᠭᠤᠪᠠ︾᠃ ᠯᠢ ᠺᠧ ᠴᠢᠶᠠᠩ ᠴᠢᠬᠤᠯᠠᠴᠢᠯᠠᠭᠰᠠᠨ ᠨᠢ᠂ ᠣᠳᠣᠬᠠᠨ ᠳᠤ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠬᠤ ᠬᠡᠷᠡᠭᠲᠡᠶ ᠭᠡᠪᠡ᠃      ᠭᠤᠸᠠᠩᠳᠦ᠋ᠩ ᠮᠤᠵᠢ ᠪᠣᠯ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠬᠤᠰᠢᠭᠤᠴᠢ ᠮᠦᠨ᠃ ᠯᠢ ᠺᠧ ᠴᠢᠶᠠᠩ ᠭᠤᠸᠠᠩᠳᠦ᠋ᠩ ᠮᠤᠵᠢ ᠶᠢᠨ ᠬᠥᠭᠵᠢᠯᠲᠡ ᠶᠢᠨ ᠪᠣᠳᠠᠲᠤ ᠵᠢᠱᠢᠶ᠎ᠡ ᠪᠠᠷ ᠵᠢᠭᠠᠵᠤ ᠭᠠᠷᠭᠠᠭᠰᠠᠨ ᠨᠢ᠂ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠰᠢ᠂ ᠭᠤᠸᠠᠩᠳᠦ᠋ᠩ ᠮᠤᠵᠢ ᠮᠠᠰᠢ ᠲᠥᠷᠭᠡᠨ ᠴᠢᠨᠡᠭᠡᠯᠢᠭᠵᠢᠬᠦ ᠵᠠᠮ ᠢᠶᠠᠷ ᠵᠠᠮᠨᠠᠵᠤ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠭᠦᠢᠴᠡᠳᠭᠡᠯ ᠲᠤᠭ᠎ᠠ ᠨᠢ ᠴᠥᠮ ᠪᠦᠬᠦ ᠤᠯᠤᠰ ᠤᠨ ᠡᠮᠦᠨ᠎ᠡ ᠡᠩᠨᠡᠭᠡᠨ ᠳᠤ ᠵᠢᠭᠰᠠᠭᠠᠭᠳᠠᠭᠰᠠᠨ ᠶᠤᠮ ᠭᠡᠪᠡ᠃      ᠯᠢ ᠺᠧ ᠴᠢᠶᠠᠩ ᠬᠡᠯᠡᠭᠰᠡᠨ ᠨᠢ᠂ ᠣᠳᠣᠬᠠᠨ ᠳᠤ ᠥᠭᠡᠷᠡᠴᠢᠯᠡᠯᠲᠡ ᠨᠡᠬᠡᠬᠡᠯᠲᠡ ᠶᠢᠨ ᠳᠠᠯᠳᠠ ᠬᠦᠴᠦᠨ ᠪᠠ ᠡᠷᠭᠢᠯᠲᠡ ᠶᠢᠨ ᠣᠷᠣᠨ ᠵᠠᠶ ᠮᠥᠨ ᠨᠡᠯᠢᠶᠡᠳ ᠶᠡᠭᠡ ᠪᠠᠶᠢᠭᠰᠠᠭᠠᠷ ᠭᠡᠪᠡ᠃      ︽ᠬᠡᠳᠦᠨ ᠵᠢᠯ ᠤᠨ ᠡᠮᠦᠨ᠎ᠡ ᠭᠤᠸᠠᠩᠳᠦ᠋ᠩ ᠮᠤᠵᠢ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠠᠴᠠ ᠨᠢᠭᠡᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ︿ᠲᠦᠮᠡᠨ ᠭᠠᠵᠠᠷ ᠤᠨ ᠠᠶᠠᠨ ᠲᠠᠶᠢᠨ ᠤ ᠵᠢᠷᠤᠭ﹀᠎ ᠢ ᠵᠢᠷᠤᠪᠠ ︾᠃ ᠡᠨᠡᠬᠦ 4 ᠮᠧᠲᠷ ᠤᠷᠲᠤ᠂ ᠶᠠᠪᠤᠴᠠ ᠨᠢ 799 ᠡᠳᠦᠷ ᠵᠠᠷᠤᠴᠠᠭᠤᠯᠬᠤ ᠬᠢᠨᠠᠨ ᠵᠦᠪᠰᠢᠶᠡᠷᠡᠯ ᠤᠨ ᠵᠢᠷᠤᠭ ᠢ ᠰᠠᠶᠢᠳ ᠯᠢ ᠺᠧ ᠴᠢᠶᠠᠩ ᠳᠠᠬᠢᠨᠲᠠ ᠳᠤᠷᠠᠳᠪᠠ᠃      ᠵᠠᠷᠢᠮ ᠲᠥᠯᠥᠭᠡᠯᠡᠭᠴᠢ ᠬᠡᠯᠡᠭᠰᠡᠨ ᠨᠢ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠪᠠᠷ ᠳᠠᠮᠵᠢᠨ᠂ ︽ᠲᠦᠮᠡ ᠭᠠᠵᠠᠷ︾᠎ ᠨᠢ ᠣᠳᠣ ᠨᠢᠭᠡᠨᠲᠡ ︽ᠮᠢᠩᠭᠠᠨ ᠭᠠᠵᠠᠷ︾ ᠪᠣᠯᠵᠠᠢ ᠭᠡᠪᠡ᠃      ᠯᠢ ᠺᠧ ᠴᠢᠶᠠᠩ ᠬᠡᠯᠡᠭᠰᠡᠨ ᠨᠢ᠂ ᠪᠢᠳᠡ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠶᠡᠬᠡᠪᠡᠷ ᠲᠦᠯᠬᠢᠨ ᠠᠬᠢᠭᠤᠯᠤᠭᠰᠠᠨ ᠪᠣᠯᠪᠠᠴᠤ ᠮᠥᠨ ᠯᠡ ᠣᠷᠤᠨ ᠵᠠᠶ᠂ ᠳᠠᠯᠳᠠ ᠬᠦᠴᠦᠨ ᠲᠠᠢ ᠪᠠᠶᠢᠵᠤ᠂ ᠥᠭᠡᠷᠡᠴᠢᠯᠡᠯᠲᠡ ᠪᠠᠰᠠ ᠨᠡᠯᠢᠶᠡᠳ ᠶᠡᠭᠡ ᠣᠷᠣᠨ ᠵᠠᠶ ᠲᠠᠢ ᠪᠠᠶᠢᠭᠰᠠᠭᠠᠷ᠂ ᠢᠷᠡᠭᠡᠳᠦᠢ ᠳᠤ ᠤᠯᠠᠮ ᠪᠠᠭᠠᠰᠬᠠᠭᠠᠳ ︽ᠵᠠᠭᠤᠨ ᠭᠠᠵᠠᠷ︾ ᠪᠣᠯᠬᠤ᠂ ᠴᠢᠨᠠᠭᠰᠢᠯᠠᠪᠠᠯ ᠨᠡᠩ ᠣᠬᠤᠷ ᠪᠣᠯᠭᠠᠨ᠎ᠠ᠃ ᠳᠤᠮᠳᠠᠳᠤ ᠤᠯᠤᠰ ᠤᠨ ᠬᠠᠮᠤᠭ ᠤᠨ ᠶᠡᠭᠡ ᠲᠠᠯᠳᠠ ᠬᠦᠴᠦᠨ ᠨᠢ 13 ᠳ᠋ᠦᠩᠰᠢᠭᠤᠷ ᠬᠥᠮᠦᠨ ᠤ ᠠᠵᠢᠯᠴᠢ ᠬᠥᠳᠡᠯᠮᠦᠷᠢᠴᠢ ᠤᠶᠤᠨ ᠤᠬᠠᠭᠠᠨ ᠪᠠ ᠪᠦᠲᠦᠭᠡᠯᠴᠢ ᠴᠢᠳᠠᠪᠤᠷᠢ ᠳᠤ ᠪᠠᠶᠢᠵᠤ᠂ ᠵᠠᠰᠠᠭ ᠤᠨ ᠣᠷᠳᠣᠨ ᠠᠴᠠ ᠵᠦᠢ ᠵᠤᠬᠢᠰ ᠦᠭᠡᠢ ᠬᠡᠪ ᠵᠤᠷᠰᠢᠯ ᠢ ᠡᠪᠳᠡᠬᠦ ᠬᠡᠷᠡᠭᠲᠡᠶ ᠭᠡᠪᠡ᠃      — ᠶᠠᠭᠠᠬᠢᠵᠤ ᠬᠢᠬᠦ ᠪᠤᠢ︖      ᠰᠢᠨ᠎ᠡ ᠵᠠᠮ ᠢ ᠨᠡᠬᠡᠬᠡᠬᠦ ᠲᠤᠬᠠᠢ᠂ ᠯᠢ ᠺᠧ ᠴᠢᠶᠠᠩ ᠵᠢᠭᠠᠵᠤ ᠭᠠᠷᠭᠠᠭᠰᠠᠨ ᠨᠢ᠄ ︽ᠳᠠᠷᠤᠶ ᠰᠢᠨ᠎ᠡ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠰᠢᠨ᠎ᠡ ᠬᠠᠭᠤᠴᠢᠨ  ᠬᠦᠳᠡᠯᠭᠡᠭᠴᠢ  ᠡᠨᠧᠷᠭᠢ ᠶᠢᠨ  ᠲᠦᠷᠭᠡᠨ ᠰᠣᠯᠢᠭᠳᠠᠯ ᠢ ᠠᠬᠢᠭᠤᠯᠤᠨ᠎ᠠ︾   ᠭᠡᠪᠡ᠃      ᠬᠡᠳᠦᠨ ᠡᠳᠦᠷ ᠤᠨ ᠲᠤᠷᠰᠢ᠂ ᠯᠢ ᠺᠧ ᠴᠢᠶᠠᠩ ᠵᠠᠷᠢᠮ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠣᠷᠤᠯᠴᠠᠬᠤ ᠳᠠᠭᠠᠨ ᠲᠠᠬᠢᠨ ᠳᠠᠪᠲᠠᠨ ᠴᠢᠬᠤᠯᠠᠴᠢᠯᠠᠭᠰᠠᠨ ᠨᠢ᠄ ᠤᠳᠤ ᠪᠦᠬᠦ ᠤᠯᠤᠰ ᠤᠨ ᠠᠳᠠᠯᠢ ᠪᠤᠰᠤ ᠭᠠᠵᠠᠷ ᠣᠷᠣᠨ᠂ ᠠᠵᠢᠯ ᠲᠥᠷᠥᠯ ᠠᠵᠤ ᠠᠬᠤᠶ ᠶᠢᠨ ᠬᠠᠨᠳᠤᠰᠢ ᠳᠤ ᠵᠠᠳᠠᠷᠠᠯ ᠭᠠᠷᠴᠤ ᠪᠠᠶᠢᠨ᠎ᠠ᠃ 30 ᠭᠠᠷᠤᠶ ᠵᠢᠯ ᠤᠨ ᠲᠤᠷᠰᠢᠬᠢ ᠲᠦᠷᠭᠡᠨ ᠬᠥᠭᠵᠢᠯᠲᠡ ᠪᠠᠷ ᠳᠠᠮᠵᠢᠨ᠂ ᠳᠤᠮᠳᠠᠳᠤ ᠤᠯᠤᠰ ᠤᠨ ᠤᠯᠠᠮᠵᠢᠯᠠᠯᠲᠤ ᠬᠦᠳᠡᠯᠭᠡᠭᠴᠢ ᠡᠨᠧᠷᠭᠢ ᠨᠢ ᠥᠩᠭᠡᠷᠡᠭᠰᠡᠨ ᠤ ᠰᠢᠭ ᠢᠶᠠᠷ ︽ᠡᠭᠴᠡ︾᠎ ᠪᠠᠷ ᠳᠡᠭᠡᠭᠰᠢᠯᠡᠬᠦ ᠳᠤ ᠬᠦᠴᠢᠷ ᠪᠣᠯᠪᠠ᠃ ᠬᠠᠭᠤᠴᠢᠨ ᠬᠦᠳᠡᠯᠭᠡᠭᠴᠢ ᠡᠨᠧᠷᠬᠢ ᠨᠢ ᠬᠦᠴᠦ ᠬᠤᠮᠰᠠᠳᠠᠬᠤ ᠦᠶ᠎ᠡ ᠳᠤ᠂ ᠰᠢᠨ᠎ᠡ ᠡᠨᠧᠷᠭᠢ ᠪᠤᠢ ᠪᠤᠯᠵᠤ᠂ ᠡᠶᠢᠮᠦᠷᠬᠦ ᠰᠢᠨ᠎ᠡ ᠬᠥᠳᠡᠯᠭᠡᠭᠴᠢ ᠡᠨᠧᠷᠭᠢ ᠨᠢ ᠰᠢᠨ᠎ᠡ ᠬᠥᠭᠵᠢᠯᠲᠡ ᠶᠢ ᠲᠤᠯᠭᠠᠭᠤᠷᠢᠯᠠᠵᠤ ᠴᠢᠳᠠᠨ᠎ᠠ ᠭᠡᠪᠡ᠃      ᠯᠢ ᠺᠧ ᠴᠢᠶᠠᠩ ᠬᠡᠯᠡᠭᠰᠡᠨ ᠨᠢ᠂ ᠰᠢᠨ᠎ᠡ ᠠᠵᠤ ᠠᠬᠤᠶ ᠨᠢ ︽ᠢᠨᠲ᠋ᠤᠷ ᠰᠦᠯᠵᠢᠶ᠎ᠡ +︾᠎ ᠶᠢ ᠪᠠᠭᠲᠠᠭᠠᠬᠤ ᠪᠠᠷ ᠪᠠᠷᠠᠬᠤ ᠦᠭᠡᠶ᠂ ᠪᠠᠰᠠ ᠨᠢᠭᠡ ᠬᠤᠶᠠᠷ ᠭᠤᠷᠪᠠᠳᠤᠭᠠᠷ ᠠᠵᠤ ᠦᠢᠯᠡᠰ ᠢ ᠪᠦᠷᠬᠦᠨ᠎ᠡ᠃ ︽ᠵᠣᠬᠢᠬᠤ ᠬᠡᠪᠴᠢᠶ᠎ᠡ ᠪᠠᠷ ᠤᠳᠤ ᠦᠶ᠎ᠡ ᠶᠢᠨ ᠲᠠᠷᠢᠶᠠᠯᠠᠩ ᠢ ᠡᠵᠡᠩᠨᠡᠨ ᠬᠦᠭᠵᠢᠭᠦᠯᠬᠦ᠂ ᠦᠢᠯᠡᠳᠬᠦ ᠦᠢᠯᠡᠰ ᠢ ᠤᠶᠤᠨᠴᠢᠯᠠᠯᠲᠠ ᠲᠡᠰᠢ ᠬᠤᠪᠢᠷᠠᠭᠤᠯᠬᠤ᠂ ᠲᠡᠷᠡᠴᠢᠯᠡᠨ ᠲᠤᠮᠤ ᠳ᠋ᠠᠶᠢᠲ᠋ᠠ᠂ ᠡᠭᠦᠯᠡᠨ ᠪᠣᠳᠣᠯᠳᠠ᠂ ᠪᠣᠳᠠᠰᠯᠢᠭ ᠬᠤᠯᠪᠤᠭᠠᠲᠤ ᠰᠦᠯᠵᠢᠶ᠎ᠡ᠂ ᠦᠢᠯᠡᠴᠢᠯᠡᠭᠡᠨ ᠤ ᠦᠢᠯᠡᠰ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ ᠁︾ ᠭᠡᠮᠡᠨ ᠨᠢᠭᠡ ᠠᠷᠪᠢᠨ ︽ᠢᠨᠲ᠋ᠧᠷ ᠰᠦᠯᠵᠢᠶ᠎ᠡ +︾᠎ ᠶᠢᠨ ᠪᠦᠷᠬᠦᠬᠦ ᠬᠦᠷᠢᠶ᠎ᠡ ᠬᠡᠪᠴᠢᠶ᠎ᠡ ᠶᠢ ᠳᠤᠷᠠᠳᠤᠨ᠂ ᠡᠳᠡᠭᠡᠷ ᠬᠦᠷᠢᠶ᠎ᠡ ᠬᠡᠪᠴᠢᠶ᠎ᠡ ᠨᠢ ᠪᠦᠷ ︽ᠢᠨᠲ᠋ᠧᠷ ᠰᠦᠯᠵᠢᠶ᠎ᠡ +︾᠎ ᠶᠢ ᠬᠡᠷᠡᠭᠯᠡᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠦᠭᠵᠢᠭᠦᠯᠵᠦ ᠪᠣᠯᠬᠤ ᠶᠢ ᠴᠢᠬᠤᠯᠠᠴᠢᠯᠠᠵᠠᠢ᠃      ︽ᠵᠠᠷᠢᠮ ᠬᠦᠮᠦᠰ ︿ᠢᠨᠲ᠋ᠧᠷ ᠰᠦᠯᠵᠢᠶ᠎ᠡ +﹀ ᠶᠤᠮ ᠤᠤ ᠡᠰᠡᠬᠦᠯ᠎ᠡ ︿+ ᠢᠨᠲ᠋ᠧᠷ ᠰᠦᠯᠵᠢᠶ᠎ᠡ﹀ ᠪᠣᠯᠬᠤ ᠶᠤᠮ ᠤᠤ ᠭᠡᠰᠡᠨ ᠢ ᠮᠠᠷᠭᠤᠯᠳᠤᠵᠤ ᠪᠣᠢ᠂ ᠦᠨᠡᠨ ᠳᠡᠭᠡᠨ ᠪᠦᠷ ᠨᠢᠭᠡ ᠯᠠ ᠶᠠᠪᠤᠳᠠᠯ ᠶᠤᠮ︾ ᠭᠡᠪᠡ᠃      ᠯᠢ ᠺᠧ ᠴᠢᠶᠠᠩ ᠴᠢᠬᠤᠯᠠᠴᠢᠯᠠᠭᠰᠠᠨ ᠨᠢ᠂ ᠡᠨᠡ ᠬᠦ ᠵᠠᠩᠭᠢᠯᠠᠭ᠎ᠠ ᠶᠢᠨ ᠪᠣᠭᠤᠮᠲᠠ ᠶᠢ ᠳᠠᠪᠠᠭᠠᠳ ᠭᠠᠷᠴᠢᠬᠠᠪᠠᠯ ᠂ ᠳᠤᠮᠳᠠᠳᠤ ᠤᠯᠤᠰ ᠤᠨ ᠠᠵᠤ ᠠᠬᠤᠶ ᠯᠠᠪᠲᠠᠶ ᠲᠠᠭᠢᠠ ᠠᠮᠢᠯᠠᠵᠤ᠂ ᠲᠠᠭᠢᠠ ᠬᠦᠭᠵᠢᠨ ᠪᠠᠳᠠᠷᠠᠵᠤ ᠴᠢᠳᠠᠨ᠎ᠠ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号