ᠠᠯᠠᠱᠠ ᠠᠶᠢᠮᠠᠭ ᠴᠡᠪᠡᠷ ᠡᠨᠧᠷᠭᠢ ᠶᠢᠨ ᠰᠤᠷᠪᠤᠯᠵᠢ ᠶᠢᠨ ᠰᠠᠭᠤᠷᠢ ᠮᠥᠩᠭᠦᠨ ᠤ ᠠᠩᠬᠠᠳᠠᠭᠴᠢ ᠨᠠᠶᠢᠳᠠᠯᠭ᠎ᠠ ᠶᠢᠨ ᠵᠢᠭᠡᠯᠡᠯᠭᠡ 6500 ᠲᠦᠮᠡᠨ ᠲᠦᠬᠦᠷᠢᠭ ᠢ ᠲᠡᠮᠡᠴᠡᠨ ᠤᠯᠪᠠ
ᠨᠡᠶᠢᠲᠡᠯᠡᠭᠰᠡᠨ ᠴᠠᠭ᠄
2016/3/10
     3 ᠳ᠋ᠤᠭᠠᠷ ᠰᠠᠷ᠎ᠠ ᠶᠢᠨ 4᠎ ᠤ ᠡᠳᠦᠷ᠂ ᠠᠯᠠᠱᠠᠨ ᠠᠶᠢᠮᠠᠭ ᠤᠨ ᠴᠡᠪᠡᠷ ᠡᠨᠧᠷᠭᠢ ᠶᠢᠨ ᠰᠤᠷᠪᠤᠯᠵᠢ ᠶᠢᠨ ᠠᠩᠬᠠᠳᠠᠭᠴᠢ ᠰᠠᠭᠤᠷᠢ ᠮᠥᠩᠭᠦ — ᠥᠪᠥᠷ ᠮᠣᠩᠭᠤᠯ ᠤᠨ ᠤᠯᠤᠰ ᠤᠨ ᠪᠠᠶᠢᠭᠠᠯᠢ ᠶᠢᠨ ᠰᠢᠲᠠᠮᠠᠬᠠᠶ ᠬᠡᠢ ᠶᠢᠨ ᠬᠤᠪᠢ ᠤᠷᠤᠭᠤᠯᠤᠯᠲᠠ ᠶᠢᠨ ᠬᠢᠵᠠᠭᠠᠷᠲᠤ ᠺᠤᠮᠫᠠᠨᠢ 3 × 24 ᠲᠦᠮᠡᠨ ᠲᠣᠨ \ ᠵᠢᠯ ᠠᠷᠠᠳ ᠤᠨ ᠬᠡᠷᠡᠭᠯᠡᠭᠡᠨ ᠤ LNG ᠴᠡᠪᠡᠷ ᠡᠨᠧᠷᠭᠢ ᠶᠢᠨ ᠰᠤᠷᠪᠤᠯᠵᠢ ᠶᠢᠨ ᠰᠠᠭᠤᠷᠢ ᠮᠥᠩᠭᠦᠨ ᠤ ᠨᠠᠶᠢᠳᠠᠯᠭ᠎ᠠ ᠶᠢᠨ ᠵᠢᠭᠡᠯᠡᠯᠭᠡ ᠶᠢᠨ ᠲᠦᠷᠦᠯ ᠵᠦᠢᠯ ᠲᠤ ᠭᠠᠷ ᠤᠨ ᠦᠰᠦᠭ ᠵᠢᠷᠤᠬᠤ ᠶᠣᠰᠣᠯᠠᠯ ᠬᠥᠬᠡᠬᠤᠲᠠ ᠶᠢᠨ ᠠᠵᠢᠯᠳᠠᠨ ᠠᠵᠢᠯᠴᠢᠳ ᠤᠨ ᠪᠠᠭᠤᠳᠠᠯ ᠳᠤ ᠶᠠᠪᠤᠭᠳᠠᠵᠤ᠂ ᠲᠤᠪᠴᠢᠶᠠᠨ ᠳᠠᠷᠤᠭ᠎ᠠ ᠰᠡᠴᠡᠨ ᠠᠶᠢᠮᠠᠭ ᠤᠨ ᠵᠠᠬᠢᠷᠭ᠎ᠠ ᠪᠠᠨ ᠲᠦᠯᠦᠭᠡᠯᠡᠵᠦ ᠥᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠲᠠᠢ ᠴᠡᠪᠡᠷ ᠡᠨᠧᠷᠭᠢ ᠶᠢᠨ ᠰᠤᠷᠪᠤᠯᠵᠢ ᠶᠢᠨ ᠰᠠᠭᠤᠷᠢ ᠮᠥᠩᠭᠦ ᠶᠢᠨ ᠲᠥᠯᠥᠪᠦᠷᠢ ᠲᠠᠢ ᠬᠡᠷᠡᠭᠯᠡᠬᠦ ᠨᠠᠶᠢᠳᠠᠯᠭ᠎ᠠ ᠶᠢᠨ ᠵᠢᠭᠡᠯᠡᠯᠭᠡ 6500 ᠲᠦᠮᠡᠨ ᠲᠦᠬᠦᠷᠢᠭ ᠤᠨ ᠭᠡᠷ᠎ᠡ ᠲᠤᠭᠲᠠᠪᠠ᠂ ᠡᠨᠡ ᠬᠦ ᠲᠥᠷᠥᠯ ᠵᠦᠢᠯ ᠨᠢ ᠠᠰᠢᠭ ᠬᠦᠷᠳᠡᠬᠦ ᠠᠵᠤ ᠠᠬᠤᠶᠢᠯᠠᠯ ᠤᠨ ᠪᠡᠯᠡ ᠮᠥᠩᠭᠦ ᠶᠢᠨ ᠳᠠᠷᠤᠭᠠᠰᠤ ᠶᠢ ᠨᠠᠮᠳᠠᠭᠤᠯᠬᠤ ᠶᠢᠨ ᠬᠠᠮᠲᠤ ᠪᠠᠰᠠ ᠠᠰᠢᠭ ᠬᠦᠷᠳᠡᠬᠦ ᠠᠵᠤ ᠠᠬᠤᠶᠢᠯᠠᠯ ᠤᠨ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠳᠤᠤᠷ᠎ᠠ ᠨᠡᠭᠦᠷᠡᠰᠦᠲᠥ᠋ᠷᠥᠭᠴᠢ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠬᠤ ᠳᠤ ᠰᠢᠨ᠎ᠡ ᠬᠥᠳᠡᠯᠭᠡᠭᠴᠢ ᠬᠦᠴᠦᠨ ᠤᠯᠭᠤᠵᠤ᠂ ᠴᠢᠬᠤᠯᠠ ᠪᠡᠯᠭᠡ ᠲᠡᠮᠲᠡᠭ ᠤᠨ ᠠᠴᠢ ᠬᠤᠯᠪᠣᠭᠳᠠᠯ ᠲᠠᠢ ᠶᠤᠮ᠃      ᠲᠤᠰ ᠲᠦᠷᠦᠯ ᠵᠦᠢᠯ ᠨᠢ ᠲᠩᠷᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠳᠤ ᠪᠠᠶᠢᠷᠢᠯᠠᠵᠤ᠂ 35 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠶ ᠡᠵᠡᠯᠡᠵᠦ᠂ ᠵᠢᠷᠤᠭ ᠲᠥᠯᠥᠪᠯᠡᠭᠡᠨ ᠤ ᠰᠢᠢᠳᠪᠦᠷᠢᠯᠡᠬᠦ ᠴᠢᠳᠠᠪᠤᠷᠢ ᠎ ᠨᠢ 300 ᠲᠦᠮᠡᠨ  ᠪᠣᠰᠤᠭ᠎ᠠ ᠳᠥᠷᠪᠡᠯᠵᠢᠨ ᠮᠧᠲᠷ \ ᠡᠳᠦᠷ᠂ LNG ᠰᠢᠩᠭᠡᠨ ᠪᠡᠶᠡᠲᠦ ᠶᠢᠨ ᠭᠠᠷᠤᠯᠲᠠ ᠨᠢ 72 ᠲᠦᠮᠡᠨ ᠲᠣᠨ \᠎  ᠵᠢᠯ ᠪᠠᠶᠢᠵᠤ᠂ ᠬᠡᠢ ᠬᠠᠳᠠᠭᠠᠯᠠᠬᠤ ᠬᠡᠪᠴᠢᠶ᠎ᠡ ᠨᠢ 1 ᠲᠦᠮᠡᠨ ᠪᠣᠰᠤᠭ᠎ᠠ ᠳᠥᠷᠪᠡᠯᠵᠢᠨ ᠮᠧᠲᠷ ᠪᠦᠬᠦᠢ LNG ᠳᠣᠣᠷ᠎ᠠ ᠳᠤᠯᠠᠭᠠᠨ ᠳᠤ ᠬᠠᠳᠠᠭᠠᠯᠠᠬᠤ ᠰᠠᠪᠠ 6᠎ ᠶᠢ ᠪᠠᠶᠢᠭᠤᠯᠬᠤ ᠪᠠᠷ ᠪᠠᠶᠢᠨ᠎ᠠ᠂ ᠪᠠᠶᠢᠭᠤᠯᠤᠭᠰᠠᠨ ᠤ ᠳᠠᠷᠠᠭ᠎ᠠ ᠵᠢᠯ ᠳᠤ ᠪᠤᠷᠤᠯᠠᠭᠤᠯᠭ᠎ᠠ ᠶᠢᠨ ᠤᠷᠤᠯᠭ᠎ᠠ 27.2 ᠳ᠋ᠦᠩᠰᠢᠭᠤᠷ ᠲᠦᠬᠦᠷᠢᠭ᠂ ᠭᠠᠶᠢᠯᠢ ᠲᠠᠲᠠᠪᠤᠷᠢ 9688.2 ᠲᠦᠮᠡᠨ ᠲᠦᠬᠦᠷᠢᠭ ᠢ ᠪᠡᠶᠡᠯᠡᠭᠦᠯᠵᠦ᠂ 742 ᠠᠵᠢᠯ ᠤᠨ ᠪᠠᠶᠢᠷᠢ ᠬᠠᠩᠭᠠᠵᠤ᠂ ᠮᠠᠨ ᠤ ᠠᠶᠢᠮᠠᠭ ᠤᠨ ᠠᠷᠠᠳ ᠲᠦᠮᠡᠨ ᠤ ᠠᠮᠢᠳᠤᠷᠠᠯ ᠢ ᠰᠠᠶᠢᠵᠢᠷᠠᠭᠤᠯᠬᠤ ᠪᠠ ᠡᠨᠧᠷᠭᠢ ᠠᠷᠪᠢᠯᠠᠵᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠣᠷᠴᠢᠨ ᠲᠤᠭᠤᠷᠢᠨ ᠢ ᠬᠠᠮᠠᠭᠠᠯᠠᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号