ᠪᠠᠶᠠᠨᠨᠠᠭᠤᠷ ᠬᠤᠳᠠ ᠶᠢᠨ ᠭᠡᠷᠡᠴᠢᠯᠡᠯ ᠣᠯᠤᠭᠰᠠᠨ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ 92 ᠵᠦᠢᠯ ᠪᠣᠯᠪᠠ
ᠨᠡᠶᠢᠲᠡᠯᠡᠭᠰᠡᠨ ᠴᠠᠭ᠄
2016/3/10
      2015 ᠣᠨ ᠤ ᠵᠢᠯ ᠤᠨ ᠡᠴᠦᠰ ᠪᠣᠯᠲᠠᠯ᠎ᠠ᠂ ᠪᠦᠬᠦ ᠬᠤᠲᠠ ᠶᠢᠨ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠣᠯᠤᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ 44 ᠡᠷᠦᠬᠡ ᠬᠦᠷᠴᠦ᠂ 92 ᠵᠦᠢᠯ ᠤᠨ ᠪᠦᠲᠦᠭᠡᠭᠳᠡᠬᠦᠨ ᠪᠣᠯᠪᠠ᠃ ᠡᠭᠦᠨ ᠠᠴᠠ ᠭᠠᠳᠠᠨ᠎ᠠ᠂ ᠪᠣᠬᠢᠷᠲᠤᠯ ᠦᠭᠡᠢ ᠢᠳᠡᠭᠡᠨ ᠤ ᠲᠡᠮᠳᠡᠭ ᠢ ᠭᠡᠷᠡᠴᠢᠯᠡᠭᠦᠯᠦᠭᠰᠡᠨ ᠦᠢᠯᠡᠳᠪᠦᠷᠢᠯᠡᠯ ᠤᠨ ᠠᠵᠤ ᠠᠬᠤᠶᠢᠯᠠᠯ 33 ᠡᠷᠦᠬᠡ᠂ 101 ᠪᠦᠲᠦᠭᠡᠭᠳᠡᠬᠦᠨ ᠪᠠᠶᠢᠵᠤ᠂ ᠳᠤᠮᠳᠠᠳᠤ ᠤᠯᠤᠰ ᠤᠨ ᠬᠥᠳᠡᠭᠡ ᠠᠵᠤ ᠠᠬᠤᠶ ᠶᠢᠨ ᠶᠠᠮᠤᠨ ᠤ ᠵᠦᠩ ᠯᠢᠥᠢ ᠬᠤᠸᠠᠰᠢᠶᠠ ᠣᠷᠭᠠᠨᠢᠭ ᠢᠳᠡᠭᠡᠨ ᠤ ᠭᠡᠷᠡᠴᠢᠯᠡᠯ ᠤᠨ ᠲᠥᠪ ︵China Organic Food Certification Center︶᠎ ᠢᠶᠠᠷ ᠳᠠᠮᠵᠢᠨ ᠭᠡᠷᠡᠴᠢᠯᠡᠭᠦᠯᠦᠭᠰᠡᠨ ᠣᠷᠭᠠᠨᠢᠭ ᠢᠳᠡᠭᠡᠨ ᠤ ᠠᠵᠤ ᠠᠬᠤᠶᠢᠯᠠᠯ 19 ᠡᠷᠦᠬᠡ᠂ ᠣᠷᠭᠠᠨᠢᠭ ᠪᠦᠲᠦᠭᠡᠭᠳᠡᠬᠦᠨ 49 ᠪᠠᠶᠢᠨ᠎ᠠ︔ ᠬᠥᠳᠡᠭᠡ ᠠᠵᠤ ᠠᠬᠤᠶ ᠶᠢᠨ ᠶᠠᠮᠤᠨ ᠢᠶᠠᠷ ᠳᠠᠮᠵᠢᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠶ ᠶᠢᠨ ᠪᠡᠯᠭᠡ ᠲᠡᠮᠳᠡᠭ ᠢᠶᠠᠷ ᠳᠠᠩᠰᠠᠯᠠᠭᠤᠯᠵᠤ ᠬᠠᠮᠠᠭᠠᠯᠠᠭᠰᠠᠨ ᠪᠦᠲᠦᠭᠡᠭᠳᠡᠬᠦᠨ ᠭᠡᠪᠡᠯ ︽ᠪᠣᠷᠣᠲᠣᠬᠤᠶ ᠶᠢᠨ ᠨᠠᠷᠢᠨ ᠨᠣᠣᠰᠣᠲᠤ ᠠᠯᠠᠰᠢᠨ ᠬᠤᠨᠢ︾ ︽ᠪᠣᠷᠣᠲᠣᠬᠤᠶ ᠶᠢᠨ ᠲᠥᠪᠡᠳ ᠬᠠᠰᠢ︾᠂ ︽ᠪᠣᠷᠣᠲᠣᠬᠤᠶ ᠨᠡᠷᠡᠨ ᠬᠤᠸᠠᠷ︾ ︽ᠦᠶᠤᠸᠠᠨ ᠤ ᠰᠢᠷ᠎ᠠ ᠱᠠᠪᠲᠠᠯ᠎ᠠ︾ ︽ᠦᠶᠤᠸᠠᠨ ᠤ ᠳ᠋ᠧᠩᠯᠦ ᠶᠢᠨ ᠤᠯᠠᠭᠠᠨ ᠠᠮᠲᠠᠲᠤ ᠬᠡᠮᠬᠡ︾᠂ ︽ᠦᠶᠤᠸᠠᠨ ᠤ ᠪᠤᠭᠤᠳᠠᠶ︾ ᠵᠡᠷᠭᠡ 6 ᠪᠦᠲᠦᠭᠡᠭᠳᠡᠬᠦᠨ ᠪᠣᠢ᠃ ᠬᠤᠣᠷ ᠬᠦᠨᠦᠭᠡᠯ ᠦᠭᠡᠢ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠦᠬᠡᠢ ᠢᠳᠡᠭᠡᠨ ᠪᠠ ᠣᠷᠭᠠᠨᠢᠭ ᠢᠳᠡᠭᠡᠨ ᠤ ᠲᠦᠭᠦᠬᠡᠶ ᠡᠳ᠋ ᠢ ᠪᠠᠷᠢᠮᠵᠢᠶᠠᠵᠢᠭᠤᠯᠤᠨ ᠦᠢᠯᠡᠳᠪᠦᠷᠢᠯᠡᠬᠦ ᠰᠠᠭᠤᠷᠢᠨ ᠭᠠᠵᠠᠷ ᠢᠶᠠᠷ ᠮᠠᠭᠠᠳᠯᠠᠨ ᠲᠣᠭᠲᠠᠭᠠᠭᠰᠠᠨ ᠦᠢᠯᠡᠳᠪᠦᠷᠢᠯᠡᠯ ᠤᠨ ᠲᠠᠯᠠᠪᠠᠢ ᠨᠢ ᠪᠦᠬᠦ ᠬᠤᠲᠠᠨ ᠳᠤ ᠨᠡᠶᠢᠲᠡ 271.3 ᠲᠦᠮᠡᠨ ᠮᠦ ᠬᠦᠷᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号