ᠪᠦᠬᠦ ᠣᠷᠣᠨ ᠤ ᠪᠣᠭᠤᠮᠲᠠ ᠶᠢᠨ ᠠᠵᠢᠯ ᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃
ᠨᠡᠶᠢᠲᠡᠯᠡᠭᠰᠡᠨ ᠴᠠᠭ᠄
2016/3/11
   
            3 ᠳ᠋ᠤᠭᠠᠷ ᠰᠠᠷ᠎ᠠ ᠶᠢᠨ 8᠎ ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠵᠢᠯ ᠤᠨ ᠠᠯᠪᠠᠨ ᠭᠡᠷ ᠪᠥᠬᠦ ᠣᠷᠣᠨ ᠤ ᠪᠣᠭᠤᠮᠲᠠ ᠶᠢᠨ ᠠᠵᠢᠯ ᠤᠨ ᠶᠠᠷᠢᠯᠴᠠᠬᠤ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠪᠣᠭᠤᠮᠲᠠ ᠶᠢᠨ ᠠᠵᠢᠯ ᠤᠨ ᠠᠯᠪᠠᠨ ᠭᠡᠷ ᠤᠨ ᠡᠷᠬᠢᠯᠡᠭᠴᠢ ᠭᠦᠸᠧ ᠭᠠᠩ 15 ᠣᠨ ᠤ ᠠᠵᠢᠯ ᠤᠨ ᠪᠠᠶᠢᠳᠠᠯ ᠪᠠ 16 ᠣᠨ ᠤ ᠠᠵᠢᠯ ᠤᠨ ᠪᠠᠶᠢᠷᠢᠯᠠᠭᠤᠯᠤᠯᠲᠠ ᠶᠢ ᠮᠡᠳᠡᠭᠳᠡᠪᠡ᠃ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠥᠷ ᠮᠣᠩᠭᠤᠯ ᠤᠨ ᠳᠣᠲᠣᠭᠠᠳᠤ ᠶᠢ ᠬᠠᠮᠠᠭᠠᠯᠠᠬᠤ ᠬᠢᠯᠢ ᠶᠢᠨ ᠬᠠᠮᠠᠭᠠᠯᠠᠯᠲᠠ ᠶᠢᠨ ᠶᠡᠷᠦᠩᠬᠡᠶ ᠠᠩᠭᠢ ᠪᠣᠯᠣᠨ ᠥᠪᠥᠷ ᠮᠣᠩᠭᠤᠯ ᠤᠨ ᠬᠢᠯᠢ ᠪᠠᠷ ᠣᠷᠣᠭᠤᠯᠵᠤ ᠭᠠᠷᠭᠠᠬᠤ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶᠠᠨ ᠤ ᠬᠠᠮᠢᠶ᠎ᠠ ᠪᠦᠬᠦᠢ ᠬᠥᠮᠦᠰ ᠶᠠᠷᠢᠶ᠎ᠠ ᠲᠠᠯᠪᠢᠪᠠ᠃ ᠡᠯ᠎ᠡ ᠠᠶᠢᠮᠠᠭ ᠬᠤᠳᠠ ᠪᠠ ᠪᠣᠭᠤᠮᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠤᠨ ᠠᠵᠢᠯ ᠤᠨ ᠳᠤᠮᠳᠠᠬᠢ ᠪᠠᠶᠢᠳᠠᠯ ᠪᠠ ᠠᠰᠠᠭᠤᠳᠠᠯ ᠢᠶᠠᠨ ᠬᠠᠷᠢᠭᠤ ᠮᠡᠳᠡᠭᠦᠯᠪᠡ᠃ ᠬᠤᠷᠠᠯ ᠳᠤ 2015 ᠣᠨ ᠤ ᠪᠥᠬᠦ ᠣᠷᠣᠨ ᠤ ᠪᠣᠭᠤᠮᠲᠠ ᠶᠢᠨ ᠰᠢᠯᠢᠳᠡᠭ ᠰᠠᠶᠢᠨ ᠦᠢᠯᠡᠴᠢᠯᠡᠭᠡ ᠬᠠᠩᠭᠠᠭᠰᠠᠨ ᠨᠢᠭᠡᠴᠡ ᠪᠣᠯᠤᠨ ᠪᠣᠭᠤᠮᠲᠠ ᠶᠢᠨ ᠠᠵᠢᠯ ᠤᠨ ᠠᠮᠵᠢᠯᠲᠠ ᠲᠤᠪᠤᠶᠢᠮ᠎ᠠ ᠨᠢᠭᠡᠴᠡ ᠶᠢ ᠱᠠᠩᠨᠠᠵᠤ ᠬᠥᠬᠢᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号