2016 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2016/3/11
     3 ᠳ᠋ᠤᠭᠠᠷ ᠰᠠᠷ᠎ᠠ ᠶᠢᠨ 8᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠬᠥᠬᠡᠬᠤᠲᠠ ᠳᠤ 2016 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ ᠳᠥᠷᠪᠡᠳᠦᠭᠡᠷ ᠪᠥᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠳᠣᠯᠣᠳᠤᠭᠠᠷ ᠤᠳᠠᠭ᠎ᠠ ᠶᠢᠨ ᠬᠤᠷᠠᠯᠳᠤᠭᠠᠨ ᠤ ᠵᠣᠷᠢᠭ ᠰᠠᠨᠠᠭ᠎ᠠ ᠵᠢᠴᠢ ᠪᠦᠬᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 2015 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠳ᠋ᠦᠡᠭᠨᠡᠵᠤ᠂ 2016 ᠣᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ  ᠬᠤᠷᠢᠶ᠎ᠠ ᠶᠢᠨ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠳᠠᠷᠤᠭ᠎ᠠ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠧᠦ ᠶᠤᠸᠠᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠭᠡᠰᠢᠭᠦᠨ᠂ ᠶᠡᠭᠡ ᠳᠡᠭᠡᠳᠦ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠰᠤᠷᠭᠠᠨ ᠬᠥᠮᠦᠵᠢᠯ ᠤᠨ ᠲᠢᠩᠬᠢᠮ ᠳᠤ ᠲᠣᠮᠢᠯᠠᠨ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠴᠢᠶᠠᠨ ᠰᠢᠶᠤᠤ ᠶᠢᠩ ᠠᠵᠢᠯ ᠤᠨ ᠢᠯᠡᠳᠬᠡᠯ ᠬᠢᠭᠰᠡᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠶᠠᠩ ᠵᠢᠶᠧ ᠬᠤᠷᠠᠯ ᠡᠷᠭᠢᠯᠡᠪᠡ᠃      ᠱᠦᠵᠢ ᠴᠢᠶᠠᠨ ᠰᠢᠶᠤᠤ ᠶᠢᠩ 2016 ᠣᠨ ᠤ ᠪᠦᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠠᠷᠠᠯ ᠢ ᠡᠰᠡᠷᠭᠦᠴᠡᠬᠦ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠪᠠ ᠭᠦᠨᠵᠡᠭᠡᠶ ᠦᠷᠨᠢᠬᠦᠯᠬᠦ ᠲᠤᠬᠠᠢ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠨᠠᠮ ᠤᠨ ᠰᠠᠬᠢᠯᠭ᠎ᠠ ᠪᠠᠲᠤ ᠶᠢ ᠴᠢᠩᠳᠠᠯᠠᠵᠤ᠂ ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠰᠤᠷᠭᠠᠨ ᠬᠥᠮᠦᠵᠢᠯ ᠤᠨ ᠰᠢᠰᠲ᠋ᠧᠮ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠨᠠᠮ ᠤᠨ ᠭᠡᠰᠢᠭᠦᠨ ᠺᠠᠳ᠋ᠷᠴᠤᠳ ᠢ ᠰᠤᠷᠭᠠᠨ ᠬᠥᠮᠦᠵᠢᠭᠦᠯᠵᠦ ᠨᠠᠮ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠨ᠂ ᠤᠯᠤᠰ ᠲᠦᠷᠤ ᠶᠢᠨ ᠰᠠᠬᠢᠯᠭ᠎ᠠ ᠪᠠᠲᠤ ᠶᠢ ᠴᠢᠩᠳᠠᠯᠠᠬᠤ ᠶᠠᠪᠤᠳᠠᠯ ᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠪ ᠬᠤᠷᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠪᠤᠯᠤᠨ ᠰᠤᠷᠭᠠᠨ ᠬᠥᠮᠦᠵᠢᠯ ᠤᠨ ᠶᠠᠮᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠪᠤᠯᠤᠨ ᠶᠤᠰᠤ ᠭᠤᠷᠢᠮ ᠢ ᠲᠡᠷᠢᠬᠦᠨ ᠳᠤ ᠲᠠᠯᠪᠢᠵᠤ᠂ ᠡᠷᠲᠡ ᠠᠳᠬᠤᠬᠤ ᠪᠠᠭ᠎ᠠ ᠠᠳᠬᠤᠬᠤ ᠶᠢ ᠪᠠᠷᠢᠮᠲᠠᠯᠠᠬᠤ ᠬᠡᠷᠡᠭᠲᠡᠶ᠃ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠶᠢ ᠴᠢᠩᠭᠠᠷᠠᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠤᠯᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠎ ᠨᠤᠭᠤᠳ ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠴᠢᠩᠭ᠎ᠠ ᠵᠠᠰᠠᠬᠤ ᠴᠢᠭᠯᠡᠯᠲᠡ ᠶᠢ ᠨᠠᠮ ᠤᠨ ᠪᠠᠶᠢᠭᠤᠯᠤᠯᠲᠠ ᠶᠢᠨ ᠪᠦᠬᠦ ᠶᠠᠪᠤᠴᠠ ᠪᠤᠯᠤᠨ ᠡᠯ᠎ᠡ ᠲᠠᠯ᠎ᠠ ᠳᠤ ᠨᠠᠶᠢᠳᠠᠪᠤᠷᠢᠵᠢᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠤ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠳ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠭᠡᠵᠤ᠂ ᠶᠡᠭᠡ ᠳᠡᠭᠡᠳᠦ ᠰᠤᠷᠭᠠᠭᠤᠯᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯᠯᠡᠵᠤ ᠪᠠᠶᠢᠭ᠎ᠠ ᠰᠠᠬᠢᠯᠭ᠎ᠠ ᠪᠠᠲᠤ ᠶᠢᠨ ᠪᠠᠶᠢᠳᠠᠯ ᠢ ᠪᠠᠶᠢᠴᠠᠭᠠᠵᠤ᠂ ᠵᠤᠬᠢᠬᠤ ᠦᠶ᠎ᠡ ᠳᠤ ᠶᠡᠭᠡ ᠳᠡᠭᠡᠳᠦ ᠰᠤᠷᠭᠠᠭᠤᠯᠢ ᠳᠤ ᠬᠦᠨᠵᠡᠭᠡᠶᠢᠷᠡᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠰᠣᠩᠭᠤᠨ ᠪᠠᠶᠢᠴᠠᠭᠠᠵᠤ᠂ ᠲᠣᠭᠤᠷᠢᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠠᠢ᠃ ᠪᠠᠶᠢᠭᠤᠯᠤᠯ ᠤᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠶᠢ ᠬᠡᠷᠡᠭᠵᠢᠬᠦᠯᠦᠯᠲᠡ ᠳᠤ ᠬᠠᠷᠢᠭᠤᠴᠠᠯᠭ᠎ᠠ ᠲᠤᠯᠭᠠᠬᠤ ᠶᠢ ᠳᠦᠷᠢᠮ ᠪᠤᠯᠭᠠᠬᠤ᠂ ᠬᠡᠪ ᠪᠠᠶᠢᠳᠠᠯ ᠪᠤᠯᠭᠠᠬᠤ ᠶᠢ ᠲᠦᠯᠬᠢᠨ ᠠᠬᠢᠭᠤᠯᠬᠤ ᠬᠡᠷᠡᠭᠲᠠᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ︽ᠡᠭᠦᠷᠭᠡ ᠲᠤᠰᠢᠶᠠᠯ ᠢᠶᠠᠨ ᠬᠤᠪᠢᠷᠠᠭᠤᠯᠬᠤ᠂ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠠᠵᠢᠯ ᠤᠨ ᠰᠤᠷᠲᠠᠯ ᠢᠶᠠᠨ ᠬᠤᠪᠢᠷᠠᠭᠤᠯᠬᠤ︾᠎ ᠶᠢ ᠦᠨᠡᠨ ᠬᠦ ᠲᠦᠯᠬᠢᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠳᠤ ︽᠎  ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠦᠨᠳᠦᠰᠦᠨ ᠱᠠᠲᠤᠨ ᠤ ᠰᠠᠭᠤᠷᠢ ᠪᠦᠳᠦᠭᠡᠨ ᠪᠠᠶᠢᠭᠤᠯᠤᠯᠲᠠ ᠶᠢᠨ ᠣᠨ︾᠎ ᠤ ᠠᠵᠢᠯᠯᠠᠭ᠎ᠠ ᠶᠢ ᠬᠦᠨᠵᠡᠭᠡᠢ ᠦᠷᠨᠢᠭᠦᠯᠦᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠠᠷᠢᠭᠤᠴᠠᠯᠭ᠎ᠠ ᠲᠤᠯᠭᠠᠬᠤ ᠶᠢ ᠲᠦᠷᠢᠮ ᠪᠤᠯᠭᠠᠵᠤ᠂ ᠶᠡᠭᠡ ᠳᠡᠭᠡᠳᠦ ᠰᠤᠷᠭᠠᠭᠤᠯᠢ ᠶᠢᠨ ᠰᠠᠬᠢᠯᠭ᠎ᠠ ᠪᠠᠲᠤ ᠶᠢᠨ ᠠᠵᠢᠯ ᠤᠨ ᠬᠤᠷᠢᠶ᠎ᠠ ᠶᠢᠨ ᠰᠠᠬᠢᠯᠭ᠎ᠠ ᠪᠠᠲᠤ ᠬᠢᠨᠠᠨ ᠪᠠᠶᠢᠴᠠᠭᠠᠬᠤ ᠬᠤᠯᠪᠤᠭᠠᠲᠤ ᠬᠤᠷᠠᠯ ᠤᠨ ᠲᠥᠷᠢᠮ ᠢ ᠪᠠᠶᠢᠭᠤᠯᠤᠨ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢᠨ ᠬᠡᠷᠡᠭᠵᠢᠬᠦᠯᠦᠯᠲᠡ ᠳᠤ ᠬᠠᠷᠢᠭᠤᠴᠠᠯᠭ᠎ᠠ ᠲᠤᠯᠭᠠᠬᠤ ᠣᠨᠣᠪᠴᠢᠲᠤ ᠴᠢᠨᠠᠷ ᠪᠤᠯᠤᠨ ᠬᠤᠭᠤᠴᠠᠭᠠᠨᠳᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠲᠥᠪ  ᠬᠤᠷᠢᠶ᠎ᠠ ᠶᠢᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠨᠲᠠᠷᠠᠰᠢ ᠦᠭᠡᠢ ᠰᠠᠶᠢᠨ ᠠᠳᠬᠤᠬᠤ ᠬᠡᠷᠡᠭᠲᠡᠶ᠃ ᠴᠢᠬᠤᠯᠠ ᠶᠠᠪᠤᠳᠠᠯ ᠢ ᠠᠳᠬᠤᠵᠤ᠂ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ ︽ᠳᠥᠷᠪᠡᠨ ᠰᠤᠷᠲᠠᠯ︾᠎ ᠤᠨ ᠠᠰᠠᠭᠤᠳᠠᠯ ᠲᠠᠬᠢᠨ ᠡᠭᠦᠰᠬᠦ ᠶᠢ ᠡᠷᠡᠰ ᠰᠡᠷᠭᠡᠶᠢᠯᠡᠵᠤ᠂ ᠬᠢᠨᠠᠯᠲᠠ ᠲᠠᠯᠪᠢᠬᠤ ᠵᠠᠮ ᠮᠦᠷ ᠢ ᠰᠢᠯᠤᠭᠤᠳᠬᠠᠵᠤ᠂ ᠬᠢᠨᠠᠯᠲᠠ ᠲᠠᠯᠪᠢᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠤᠯᠠᠨ ᠲᠦᠮᠡᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠰᠠᠬᠢᠯᠭ᠎ᠠ ᠪᠠᠲᠤ ᠶᠢᠨ ᠬᠡᠷᠡᠭᠵᠢᠬᠦᠯᠦᠯᠲᠡ ᠳᠤ ᠬᠢᠨᠠᠯᠲᠠ ᠲᠠᠯᠪᠢᠬᠤ ᠶᠢ ᠳᠤᠪᠤᠶᠢᠯᠭᠠᠵᠤ᠂ ᠢᠯᠵᠠᠷᠠᠯ ᠢ ᠵᠠᠯᠬᠠᠭᠠᠨ ᠰᠢᠳᠭᠡᠬᠦ ᠦᠨᠳᠦᠷ ᠳᠠᠷᠤᠯᠲᠠ ᠶᠢᠨ ᠪᠠᠶᠢᠳᠠᠯ ᠢ ᠪᠠᠲᠤᠯᠠᠬᠤ ᠬᠡᠷᠡᠭᠲᠠᠢ᠃ ᠰᠠᠬᠢᠯᠭ᠎ᠠ ᠪᠠᠲᠤ ᠪᠤᠯᠤᠨ ᠳᠦᠷᠢᠮ ᠭᠤᠷᠢᠮ ᠢ ᠲᠡᠷᠢᠬᠦᠨ ᠳᠤ ᠲᠠᠯᠪᠢᠵᠤ᠂ ᠰᠠᠬᠢᠯᠭ᠎ᠠ ᠪᠠᠲᠤ ᠬᠡᠷᠡᠭᠵᠢᠬᠦᠯᠦᠯᠲᠡ ᠳᠤ ᠬᠢᠨᠠᠯᠲᠠ ᠲᠠᠯᠪᠢᠬᠤ ᠭᠤᠣᠯᠳᠠᠯᠭ᠎ᠠ ᠶᠢ ᠳᠤᠪᠤᠶᠢᠯᠭᠠᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ᠂ ᠲᠤᠰᠬᠠᠭᠰᠠᠨ ᠠᠰᠠᠭᠤᠳᠠᠯ ᠪᠦᠬᠦᠨ ᠢ ᠲᠦᠷᠭᠡᠨ ᠪᠠᠶᠢᠴᠠᠭᠠᠬᠤ ᠲᠦᠷᠭᠡᠨ ᠰᠢᠢᠳᠪᠦᠷᠢᠯᠡᠬᠦ ᠶᠢ ᠪᠠᠷᠢᠮᠲᠠᠯᠠᠵᠤ᠂ ᠬᠡᠷᠡᠭ ᠰᠢᠢᠳᠪᠦᠷᠢᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠭᠡᠷᠡᠭᠲᠠᠢ᠃ ᠤᠢᠩᠭᠡᠠ ᠲᠠᠯ᠎ᠠ ᠪᠤᠯᠤᠨ ᠤᠬ ᠦᠨᠳᠦᠰᠦ ᠶᠢ ᠨᠢ ᠵᠡᠷᠭᠡᠪᠡᠷ ᠵᠠᠰᠠᠬᠤ ᠶᠢ ᠪᠠᠷᠢᠮᠲᠠᠯᠠᠵᠤ᠂ ᠡᠷᠬᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠭᠡᠷᠡᠭᠲᠠᠢ᠃ ᠡᠷᠬᠡ ᠶᠢᠨ ᠨᠠᠷᠢᠨ ᠳᠠᠩᠰᠠᠨ ᠤ ᠳᠦᠷᠢᠮ ᠢ ᠪᠠᠶᠢᠭᠤᠯᠤᠨ ᠪᠦᠷᠢᠨᠰᠢᠭᠦᠯᠵᠤ᠂ ᠰᠤᠷᠭᠠᠨ ᠬᠥᠮᠦᠵᠢᠯ ᠤᠨ  ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠲᠦᠯᠬᠢᠨ ᠠᠬᠢᠭᠤᠯᠵᠤ᠂ ᠰᠢᠭᠤᠳ ᠬᠠᠷᠢᠶ᠎ᠠ ᠨᠢᠭᠡᠴᠡ ᠶᠢᠨ ᠭᠤᠣᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠷᠢᠭᠤᠨ ᠴᠢᠬᠡᠴᠢ ᠪᠠᠷ ᠠᠵᠢᠯ ᠡᠷᠬᠢᠯᠡᠬᠦ ᠶᠢ ᠲᠦᠯᠬᠢᠨ ᠠᠬᠢᠭᠤᠯᠵᠤ᠂ ᠤᠳᠤ ᠦᠶ᠎ᠡ ᠶᠢᠨ ᠶᠡᠭᠡ ᠳᠡᠭᠡᠳᠦ ᠰᠤᠷᠭᠠᠭᠤᠯᠢ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠠᠷᠢᠭᠤᠨ ᠴᠢᠬᠡᠴᠢ ᠪᠠᠷ ᠰᠤᠷᠭᠠᠭᠤᠯᠢ ᠡᠷᠬᠢᠯᠡᠬᠦ ᠶᠢ ᠲᠦᠯᠬᠢᠨ ᠠᠬᠢᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ ᠪᠤᠯᠤᠨ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠪᠠᠭᠰᠢ ᠨᠠᠷ ᠤᠨ ᠠᠷᠢᠭᠤᠨ ᠴᠢᠬᠡᠴᠢ ᠪᠠᠷ ᠪᠡᠶ᠎ᠡ ᠪᠠᠨ ᠵᠠᠰᠠᠬᠤ ᠶᠢ ᠲᠦᠯᠬᠢᠨ ᠠᠬᠢᠭᠤᠯᠬᠤ ᠬᠡᠷᠡᠭᠲᠠᠢ᠃ ᠰᠤᠷᠭᠠᠨ ᠬᠥᠮᠦᠵᠢᠯ ᠤᠨ ᠲᠦᠪ ᠭᠤᠣᠯᠴᠢ ᠶᠢ ᠬᠠᠮᠠᠭᠠᠯᠠᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠡᠷᠡᠰ ᠪᠠᠶᠢᠴᠠᠭᠠᠨ ᠰᠢᠢᠳᠪᠦᠷᠢᠯᠡᠬᠦ ᠬᠡᠷᠡᠭᠲᠠᠢ᠃ ᠦᠨᠳᠦᠰᠦᠨ ᠱᠠᠲᠤᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠢᠯᠵᠠᠷᠠᠯ ᠢ ᠵᠠᠯᠬᠠᠭᠠᠨ ᠰᠢᠳᠬᠡᠬᠦ ᠶᠠᠪᠤᠳᠠᠯ ᠢ ᠦᠨᠳᠦᠰᠦᠨ ᠱᠠᠲᠦ ᠬᠦᠷᠲᠡᠯ᠎ᠡ ᠦᠷᠨᠢᠬᠦᠯᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠶᠢ ᠠᠵᠢᠯ ᠤᠨ ᠭᠤᠣᠯ ᠡᠭᠦᠷᠭᠡ ᠪᠠᠨ ᠪᠣᠯᠭᠠᠵᠤ᠂ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠡᠴᠢᠯᠡᠵᠤ᠂ ᠤᠯᠠᠨ ᠲᠦᠮᠡᠨ ᠤ ᠬᠢᠨᠠᠯᠲᠠ ᠲᠠᠯᠪᠢᠬᠤ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠥᠷᠭᠡᠨ ᠤᠯᠠᠨ ᠠᠷᠠᠳ ᠤᠯᠠᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠷᠡᠰ ᠵᠠᠯᠬᠠᠭᠠᠨ ᠰᠢᠳᠬᠡᠬᠦ ᠢᠲᠡᠭᠡᠯ ᠵᠣᠷᠢᠭ ᠢ ᠨᠢ ᠤᠯᠠᠮ ᠨᠢᠭᠡ ᠠᠯᠬᠤᠮ ᠨᠡᠮᠡᠭᠳᠡᠬᠦᠯᠵᠤ᠂ ᠮᠠᠨ ᠤ ᠣᠷᠣᠨ ᠤ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠪᠤᠯᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠡᠷᠡᠰ ᠴᠢᠩᠭ᠎ᠠ ᠪᠥᠭᠡᠳ ᠬᠦᠴᠦᠲᠡᠶ ᠪᠠᠲᠤᠯᠠᠭ᠎ᠠ ᠶᠢ  ᠤᠯᠭᠤᠬᠤ ᠬᠡᠷᠡᠭᠲᠡᠶ ᠭᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠲᠢᠩᠬᠢᠮ ᠪᠠᠶᠢᠭᠤᠯᠭ᠎ᠠ ᠶᠢᠨ ᠡᠯ᠎ᠡ ᠭᠠᠵᠠᠷ ᠭᠡᠷ᠂ ᠡᠯ᠎ᠡ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ ᠠᠶᠢᠮᠠᠭ ᠬᠤᠳᠠ ︵ᠲᠥᠯᠥᠪᠯᠡᠭᠡ ᠳᠤ ᠠᠰᠳᠠᠭᠠᠨ ᠵᠢᠭᠰᠠᠭᠠᠭᠰᠠᠨ ᠬᠤᠳᠠ ᠪᠠᠭᠲᠠᠨ᠎ᠠ︶᠎ ᠶᠢᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠳᠠᠷᠤᠭ᠎ᠠ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠢᠨᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ ᠤ ᠡᠯ᠎ᠡ ᠶᠡᠭᠡ ᠳᠡᠭᠡᠳᠦ ᠰᠤᠷᠭᠠᠭᠤᠯᠢ ᠶᠢᠨ ᠨᠠᠮ ᠤᠨ  ᠬᠤᠷᠢᠶ᠎ᠠ ᠶᠢᠨ ᠱᠦᠵᠢ᠂ ᠰᠤᠷᠭᠠᠭᠤᠯᠢ ᠶᠢᠨ ᠵᠠᠬᠢᠷᠤᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠠᠵᠢᠯ ᠤᠨ ᠭᠠᠵᠠᠷ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ  ᠰᠤᠳᠤᠯᠭᠠᠨ ᠤ ᠲᠥᠪ ᠤᠨ ᠬᠠᠷᠢᠭᠤᠴᠠᠯᠭᠠᠲᠠᠳ ᠬᠤᠷᠠᠯ ᠳᠤ ᠤᠷᠤᠯᠴᠠᠪᠠ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号