| | | | | | ﹇ᠶᠡᠷᠦᠩᠬᠡᠶ ᠰᠠᠶᠢᠳ ᠯᠢ ᠺᠧ ᠴᠢᠶᠠᠩ ᠰᠢᠨᠵᠢᠶᠠᠩ ᠤᠨ ᠲᠥᠯᠥᠭᠡᠯᠡᠭᠴᠢᠳ ᠤᠨ ᠪᠦᠯᠬᠦᠮ ᠳᠤ ᠬᠡᠯᠡᠭᠰᠡᠨ ᠨᠢ᠄ | ᠬᠦᠭᠵᠢᠯᠲᠡ ᠪᠣᠯ ᠲᠣᠭᠲᠠᠭᠤᠨ ᠪᠠᠶᠢᠬᠤ ᠶᠢᠨ ᠰᠠᠭᠤᠷᠢ ᠮᠥᠨ᠂ ᠲᠣᠭᠲᠠᠭᠤᠨ ᠪᠠᠶᠢᠬᠤ ᠪᠣᠯ ᠬᠥᠭᠵᠢᠯᠲᠡ ᠶᠢᠨ | ᠨᠥᠬᠦᠴᠡᠯ ᠮᠦᠨ﹈ ᠯᠢ ᠺᠧ ᠴᠢᠶᠠᠩ 10 ᠤ ᠡᠳᠦᠷ ᠰᠢᠨᠵᠢᠶᠠᠩ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠥᠪᠯᠡᠬᠦ ᠳᠤ ᠣᠷᠣᠯᠴᠠᠬᠤ ᠳᠠᠭᠠᠨ ᠬᠡᠯᠡᠭᠰᠡᠨ ᠨᠢ᠂ ᠰᠢᠨᠵᠢᠶᠠᠩ ᠬᠥᠭᠵᠢᠯᠲᠡ ᠪᠠᠨ ᠲᠥᠷᠭᠡᠨ ᠠᠬᠢᠭᠤᠯᠵᠤ᠂ | ᠨᠡᠶᠢᠭᠡᠮ ᠤᠨ ᠠᠵᠤ ᠠᠬᠤᠶ ᠶᠢᠨ ᠲᠣᠭᠲᠠᠭᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠪᠡ᠃ ᠶᠡᠷᠦᠩᠬᠡᠶ ᠰᠠᠶᠢᠳ | ᠬᠡᠯᠡᠭᠰᠡᠨ ᠨᠢ᠂ ᠠᠯᠢᠪᠠ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠪᠣᠯ ᠬᠥᠭᠵᠢᠯᠲᠡ ᠳᠤ ᠪᠠᠶᠢᠨ᠎ᠠ᠃ | ᠬᠥᠭᠵᠢᠯᠲᠡ ᠪᠠᠶᠢᠬᠤ ᠦᠭᠡᠢ ᠪᠣᠯ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ᠠᠷᠭ᠎ᠠ ᠦᠭᠡᠢ᠂ ᠨᠡᠶᠢᠭᠡᠮ ᠤᠨ | ᠲᠣᠭᠲᠠᠭᠤᠨ ᠪᠠᠶᠢᠳᠠᠯ ᠨᠢ ᠴᠤ ᠰᠠᠭᠤᠷᠢ ᠦᠭᠡᠢ ᠪᠣᠯᠣᠨ᠎ᠠ᠃ ᠡᠭᠦᠨ ᠤ ᠬᠠᠮᠲᠤ᠂ ᠨᠡᠶᠢᠭᠡᠮ ᠤᠨ ᠲᠣᠭᠲᠠᠭᠤᠨ | ᠪᠠᠶᠢᠳᠠᠯ ᠨᠢ ᠴᠤ ᠬᠦᠭᠵᠢᠯᠲᠡ ᠳᠤ ᠰᠠᠶᠢᠨ ᠨᠥᠬᠦᠴᠡᠯ ᠢ ᠪᠦᠷᠢᠯᠳᠦᠭᠦᠯᠵᠦ ᠥᠭᠭᠦᠨ᠎ᠡ ᠭᠡᠪᠡ᠃ | | | | | ﹇ᠯᠢ ᠺᠧ ᠴᠢᠶᠠᠩ ᠤᠶᠢᠭᠤᠷ ᠦᠨᠳᠦᠰᠦᠲᠡᠨ ᠤ ᠲᠥᠯᠥᠭᠡᠯᠡᠭᠴᠢ ᠬᠢᠲᠠᠳ ᠬᠡᠯᠡ ᠪᠠᠷ ᠤᠷᠤᠰᠤᠮ᠎ᠠ ᠰᠠᠶᠢᠬᠠᠨ | ᠶᠠᠷᠢᠵᠤ ᠦᠭᠡ ᠬᠡᠯᠡᠯᠭᠡ ᠨᠢ ᠭᠤᠶᠢᠳᠠ ᠰᠠᠶᠢᠬᠠᠨ ᠪᠠᠶᠢᠨ᠎ᠠ ᠭᠡᠵᠦ ᠮᠠᠭᠲᠠᠨ ᠰᠠᠶᠢᠰᠢᠶᠠᠪᠠ﹈ ᠯᠢ ᠺᠧ ᠴᠢᠶᠠᠩ 10 ᠤ | ᠡᠳᠦᠷ ᠰᠢᠨᠵᠢᠶᠠᠩ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠤ᠂ ᠤᠶᠢᠭᠤᠷ | ᠦᠨᠳᠦᠰᠦᠲᠡᠨ ᠤ ᠦᠨᠳᠦᠰᠦᠨ ᠱᠠᠲᠤᠨ ᠤ ᠨᠢᠭᠡ ᠲᠥᠯᠥᠭᠡᠯᠡᠭᠴᠢ ᠬᠡᠯᠡᠭᠰᠡᠨ ᠨᠢ᠂ ᠪᠢ ᠪᠦᠬᠦ ᠤᠯᠤᠰ ᠤᠨ | ᠠᠷᠠᠳ ᠤᠨ ᠲᠥᠯᠥᠭᠡᠯᠡᠭᠴᠢ ᠪᠠᠷ ᠰᠤᠩᠭᠤᠭᠳᠠᠬᠤ ᠠᠴᠠ ᠡᠮᠦᠨ᠎ᠡ ᠬᠢᠲᠠᠳ ᠬᠡᠯᠡ ᠶᠠᠭ ᠮᠡᠳᠡᠬᠦ ᠦᠭᠡᠢ ᠪᠠᠶᠢᠭᠰᠠᠨ᠂ 4 | ᠵᠢᠯ ᠤᠨ ᠴᠢᠷᠮᠠᠶᠢᠯᠭ᠎ᠠ ᠪᠠᠷ ᠳᠠᠮᠵᠢᠨ ᠬᠢᠲᠠᠳ ᠬᠡᠯᠡ ᠰᠤᠷᠤᠭᠰᠠᠨ ᠪᠣᠯᠪᠠᠴᠤ ︽ᠨᠡᠯᠢᠶᠡᠳ ᠶᠡᠭᠡ ᠵᠥᠷᠢᠶ᠎ᠡ ᠲᠠᠢ | ᠪᠠᠶᠢᠭᠰᠠᠭᠠᠷ︾ ᠭᠡᠵᠡᠢ᠃ ᠶᠡᠷᠦᠩᠬᠡᠶ ᠰᠠᠶᠢᠳ ᠲᠡᠭᠦᠨ ᠢ ᠬᠢᠲᠠᠳ ᠬᠡᠯᠡ ᠶᠢ ᠤᠷᠤᠰᠤᠮ᠎ᠠ ᠰᠠᠶᠢᠬᠠᠨ ᠶᠠᠷᠢᠵᠤ ᠦᠭᠡ | ᠬᠡᠯᠡᠯᠭᠡ ᠨᠢ ᠭᠤᠶᠢᠳᠠ ᠰᠠᠶᠢᠬᠠᠨ ᠪᠠᠶᠢᠨ᠎ᠠ ᠭᠡᠵᠦ ᠮᠠᠭᠲᠠᠨ ᠰᠠᠶᠢᠰᠢᠶᠠᠵᠤ᠂ ︽ᠨᠡᠩ ᠤᠯᠠᠨ ᠠᠬ᠎ᠠ ᠳᠡᠭᠦᠦ ᠨᠡᠷ ᠢ ︿ | ᠬᠢᠬᠦ ᠠᠵᠢᠯ ᠲᠠᠢ᠂ ᠣᠯᠬᠤ ᠵᠣᠭᠤᠰ ᠲᠠᠢ ᠪᠣᠯᠭᠠᠨ᠎ᠠ﹀ ᠭᠡᠰᠡᠨ ᠦᠭᠡ ᠴᠢᠨᠢ ᠦᠵᠡᠬᠦ ᠳᠤ ᠬᠢᠯᠪᠠᠷᠬᠠᠨ ᠪᠣᠯᠪᠠᠴᠣ᠂ | ᠠᠭᠤᠯᠤᠭᠳᠠᠵᠤ ᠪᠠᠶᠢᠭ᠎ᠠ ᠠᠷᠠᠳ ᠤᠨ ᠠᠮᠢᠳᠤᠷᠠᠯ ᠤᠨ ᠶᠣᠰᠣ ᠤᠴᠢᠷ ᠨᠢ ᠲᠡᠶᠢᠮᠦ ᠬᠢᠯᠪᠠᠷ ᠪᠢᠰᠢ ᠶᠤᠮ︾ ᠭᠡᠪᠡ᠃ | | | | | ﹇ᠯᠢ ᠺᠧ ᠴᠢᠶᠠᠩ᠄ ᠰᠢᠨᠵᠢᠶᠠᠩ ︽ᠬᠤᠣᠰ ᠡᠭᠦᠳᠦᠯᠲᠡ︾ ᠪᠠᠨ ᠶᠡᠬᠡᠪᠡᠷ ᠠᠬᠢᠭᠤᠯᠵᠤ ᠠᠵᠢᠯ ᠣᠯᠭᠤᠯᠲᠠ | ᠠᠷᠠᠳ ᠤᠨ ᠠᠮᠢᠳᠤᠷᠠᠯ ᠢ ᠲᠦᠯᠬᠢᠨ ᠠᠬᠢᠭᠤᠯᠬᠤ ᠬᠡᠷᠡᠭᠲᠡᠢ﹈ ᠶᠡᠷᠦᠩᠬᠡᠶ ᠰᠠᠶᠢᠳ ᠯᠢ ᠺᠧ ᠴᠢᠶᠠᠩ 10 ᠤ ᠡᠳᠦᠷ | ᠰᠢᠨᠵᠢᠶᠠᠩ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠬᠡᠯᠡᠭᠰᠡᠨ ᠨᠢ᠂ ᠪᠢ | ᠥᠩᠭᠡᠷᠡᠭᠰᠡᠨ ᠳᠤ ᠰᠢᠨᠵᠢᠶᠠᠩ ᠳᠤ ᠣᠴᠢᠭᠠᠳ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠷᠴᠠ ᠮᠡᠷᠭᠡᠨ | ᠣᠶᠣᠨ ᠤᠬᠠᠭᠠᠨ᠂ ᠮᠠᠰᠢ ᠤᠯᠠᠨ ᠰᠢᠨ᠎ᠡ ᠰᠣᠷᠭᠤᠭ ᠠᠷᠭ᠎ᠠ ᠤᠬᠠᠭᠠᠨ ᠪᠣᠯᠣᠨ ᠡᠭᠦᠳᠦᠨ ᠪᠦᠲᠦᠭᠡᠬᠦ ᠰᠡᠳᠬᠢᠮᠵᠢ | ᠲᠠᠢ ᠪᠠᠶᠢᠵᠤ᠂ ᠠᠳᠡᠬᠢ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠨᠢᠭᠡ ᠬᠡᠰᠡᠭ ᠥᠩ ᠰᠢᠮᠡᠯᠢᠭ ᠬᠦᠷᠦᠰᠦ | ᠰᠢᠷᠤᠢ ᠪᠣᠯᠬᠤ ᠶᠢ ᠣᠶᠢᠯᠠᠭᠠᠵᠤ ᠮᠡᠳᠡᠪᠡ᠃ ᠰᠢᠨᠵᠢᠶᠠᠩ ᠡᠷᠬᠡᠪᠰᠢ ᠦᠢ ᠣᠯᠠᠨ ᠢᠶᠠᠷ ᠢᠶᠠᠨ ᠠᠳᠠᠯ ᠦᠢᠯᠡᠰ | ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠶᠡᠬᠡᠪᠡᠷ ᠲᠦᠯᠬᠢᠨ ᠠᠬᠢᠭᠤᠯᠵᠤ᠂ ᠡᠯ᠎ᠡ ᠱᠠᠲᠤᠨ ᠤ | ᠵᠠᠰᠠᠭ ᠤᠨ ᠣᠷᠳᠣᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠠᠳᠠᠯ ᠦᠢᠯᠡᠰ ᠴᠣᠭᠴᠠᠯᠠᠬᠤ ᠰᠢᠨ᠎ᠡ ᠶᠢ | ᠡᠭᠦᠳᠬᠦ ᠲᠠᠪᠴᠠᠩ ᠪᠠᠶᠢᠭᠤᠯᠤᠨ ᠥᠭᠴᠦ᠂ ᠠᠷᠭ᠎ᠠ ᠪᠦᠬᠦᠨ ᠢ ᠰᠦᠪᠡᠭᠴᠢᠯᠡᠨ ᠪᠠᠶᠢᠭᠠᠳ ᠠᠵᠢᠯ ᠣᠯᠭᠤᠯᠲᠠ ᠭᠡᠬᠦ | ᠡᠨᠡᠬᠦ ᠬᠠᠮᠤᠭ ᠤᠨ ᠶᠡᠭᠡ ᠠᠷᠠᠳ ᠤᠨ ᠠᠮᠢᠳᠤᠷᠠᠯ ᠢ ᠲᠦᠯᠬᠢᠨ ᠠᠬᠢᠭᠤᠯᠬᠤ ᠬᠡᠷᠡᠭᠲᠡᠢ ᠭᠡᠪᠡ᠃ | | | | | ﹇ᠯᠢ ᠺᠧ ᠴᠢᠶᠠᠩ ᠲᠥᠯᠥᠭᠡᠯᠡᠭᠴᠢᠳ ᠤᠨ ᠬᠠᠯᠠᠭᠤᠮᠰᠤᠭ ᠤᠷᠢᠯᠲᠠ ᠳᠤ ᠬᠠᠷᠢᠭᠤ ᠥᠭᠭᠦᠭᠰᠡᠨ ᠨᠢ᠄ | ᠯᠠᠪᠲᠠᠢ ︽ᠰᠡᠳᠬᠢᠯ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ︾ ᠶᠢ ᠠᠪᠴᠤ ᠰᠢᠨᠵᠢᠶᠠᠩ ᠳᠤ ᠣᠴᠢᠨ᠎ᠠ︾ ﹈ | ᠯᠢ ᠺᠧ ᠴᠢᠶᠠᠩ 10 ᠤ ᠡᠳᠦᠷ ᠰᠢᠨᠵᠢᠶᠠᠩ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ | ᠣᠷᠣᠯᠴᠠᠵᠤ ᠳᠤ᠂ ᠣᠯᠠᠨ ᠲᠥᠯᠥᠭᠡᠯᠡᠭᠴᠢ ᠶᠡᠷᠦᠩᠬᠡᠶ ᠰᠠᠶᠢᠳ ᠢ ᠰᠢᠨᠵᠢᠶᠠᠩ ᠳᠤ ᠠᠵᠢᠯ ᠪᠠᠶᠢᠴᠠᠭᠠᠬᠤ ᠪᠠᠷ ᠳᠠᠬᠢᠨ | ᠣᠴᠢᠬᠤ ᠶᠢ ᠬᠠᠯᠠᠭᠤᠮᠰᠤᠭ ᠢᠶᠠᠷ ᠣᠷᠢᠪᠠ᠃ ᠯᠢ ᠺᠧ ᠴᠢᠶᠠᠩ ᠬᠡᠯᠡᠭᠰᠡᠨ ᠨᠢ᠂ ᠪᠢ ᠴᠠᠭ ᠭᠠᠷᠭᠠᠨ ᠯᠠᠪ ᠣᠴᠢᠨ᠎ᠠ᠃ | ᠭᠡᠪᠡᠴᠦ ᠪᠢ ᠳᠠᠬᠢᠵᠤ ᠣᠴᠢᠬᠤ ᠳᠠᠭᠠᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠠᠮᠢᠶ᠎ᠠ ᠪᠦᠬᠦᠢ ᠰᠠᠯᠠᠭ᠎ᠠ | ᠮᠥᠴᠢᠷ ᠢᠶᠠᠷ ᠰᠠᠶ᠋ᠢ ᠶᠢᠨ ᠬᠡᠳᠦᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠪᠣᠯᠣᠨ ᠰᠠᠨᠠᠭᠤᠯᠭ᠎ᠠ ᠶᠢ | ᠰᠢᠢᠳᠪᠦᠷᠢᠯᠡᠬᠦ ᠠᠷᠭ᠎ᠠ ᠭᠠᠷᠭᠠᠯᠭᠠᠵᠤ᠂ ᠰᠢᠨᠵᠢᠶᠠᠩ ᠤᠨ ᠦᠨᠳᠦᠰᠦᠲᠡᠨ ᠨᠥᠬᠦᠳ ᠤᠨ ᠣᠯᠠᠨ ᠲᠦᠮᠡᠨ ᠳᠤ ᠨᠢᠭᠡ | ᠬᠤᠪᠢ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠲᠤᠰᠢᠶᠠᠨ᠎ᠠ ᠭᠡᠪᠡ᠃ | | | | | ﹇ᠯᠢ ᠺᠧ ᠴᠢᠶᠠᠩ᠄ ᠰᠢᠨᠵᠢᠶᠠᠩ ᠤᠨ ᠵᠠᠮ ᠱᠤᠭᠤᠮ ᠢ ᠰᠠᠭᠠᠳ ᠦᠭᠡᠢ ᠨᠡᠪᠲᠡᠷᠡᠭᠦᠯᠵᠦ᠂ ᠬᠡᠷᠡᠭᠯᠡᠬᠦ ᠤᠰᠤ | ᠨᠢ ᠡᠯᠪᠡᠭ ᠳᠡᠯᠪᠡᠭ ᠪᠣᠯᠭᠠᠵᠤ᠂ ᠭᠠᠵᠠᠷ ᠪᠣᠯᠭᠠᠨ ᠢ ᠭᠡᠭᠡᠨ ᠰᠠᠷᠠᠭᠤᠯ ᠪᠣᠯᠭᠠᠨ᠎ᠠ﹈ ᠶᠡᠷᠦᠩᠬᠡᠶ ᠰᠠᠶᠢᠳ ᠯᠢ ᠺᠧ | ᠴᠢᠶᠠᠩ 10 ᠤ ᠡᠳᠦᠷ ᠰᠢᠨᠵᠢᠶᠠᠩ ᠤᠨ ᠤᠶᠢᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠬᠡᠯᠡᠭᠰᠡᠨ ᠨᠢ᠂ ᠰᠠᠭᠤᠷᠢ | ᠪᠡᠯᠡᠳᠬᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠨᠢ ᠰᠢᠨᠵᠢᠶᠠᠩ ᠤᠨ ᠬᠥᠭᠵᠢᠯᠲᠡ ᠪᠣᠯᠣᠨ ᠤᠯᠤᠰ ᠤᠨ ᠠᠮᠤᠷ | ᠲᠦᠪᠰᠢᠨ ᠳᠤ ᠬᠡᠮᠵᠢᠶᠡᠯᠡᠰᠢ ᠦᠭᠡᠶ ᠦᠢᠯᠡᠳᠦᠯ ᠲᠠᠢ ᠶᠤᠮ᠃ ᠡᠨᠡ ᠨᠢ ᠮᠥᠨ ᠴᠦ ᠮᠠᠨ ᠤ ᠤᠯᠤᠰ ᠤᠨ ᠵᠡᠭᠦᠨ | ᠪᠠᠷᠠᠭᠤᠨ ᠣᠷᠣᠨ ᠤ ᠬᠥᠭᠵᠢᠯᠲᠡ ᠨᠢ ᠲᠡᠩᠴᠡᠭᠦᠷᠢ ᠦᠭᠡᠢ ᠪᠠᠶᠢᠬᠤ ᠶᠢ ᠰᠢᠢᠳᠪᠦᠷᠢᠯᠡᠬᠦ ᠴᠢᠬᠤᠯᠠ ᠭᠠᠷᠳᠠᠴᠠ | ᠪᠣᠯᠣᠨ᠎ᠠ᠃ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠴᠠᠬᠢᠯᠭᠠᠨ ᠬᠦᠴᠦᠨ ᠵᠡᠷᠭᠡ ᠲᠥᠷᠥᠯ ᠵᠦᠢᠯ ᠤᠨ | ᠲᠦᠷᠦ ᠶᠢᠨ ᠪᠤᠳᠤᠯᠭ᠎ᠠ ᠶᠢ ᠰᠢᠨᠵᠢᠶᠠᠩ ᠵᠦᠭ ᠬᠡᠯᠪᠠᠶᠢᠯᠭᠡᠵᠦ᠂ ᠡᠬᠡ ᠣᠷᠣᠨ ᠤ ᠡᠨᠡ ᠬᠦ ᠬᠡᠰᠡᠭ ᠭᠠᠵᠠᠷ ᠤᠨ ᠵᠠᠮ | ᠱᠤᠭᠤᠮ ᠢ ᠰᠠᠭᠠᠳ ᠦᠭᠡᠢ ᠨᠡᠪᠲᠡᠷᠡᠭᠦᠯᠵᠦ᠂ ᠬᠡᠷᠡᠭᠯᠡᠬᠦ ᠤᠰᠤ ᠶᠢ ᠡᠯᠪᠡᠭ ᠳᠡᠯᠪᠡᠭ ᠪᠣᠯᠭᠠᠵᠤ᠂ ᠭᠠᠵᠠᠷ ᠪᠣᠯᠭᠠᠨ ᠢ | ᠭᠡᠭᠡᠨ ᠰᠠᠷᠠᠭᠤᠯ ᠪᠣᠯᠭᠠᠨ᠎ᠠ ᠭᠡᠪᠡ᠃ | | | | | ﹇ᠯᠢ ᠺᠧ ᠴᠢᠶᠠᠩ᠄ ᠰᠤᠷᠭᠠᠨ ᠬᠥᠮᠦᠵᠢᠯ ᠪᠣᠯ ᠬᠥᠭᠵᠢᠯᠲᠡ ᠪᠣᠯᠣᠨ ᠲᠣᠭᠲᠠᠭᠤᠨ ᠤ ᠰᠠᠭᠤᠷᠢ ᠮᠥᠨ᠂ | ᠮᠦᠨ ᠴᠤ ᠰᠢᠨᠵᠢᠶᠠᠩ ᠪᠣᠯᠣᠨ ᠪᠦᠬᠦ ᠤᠯᠤᠰ ᠤᠨ ᠬᠦᠰᠡᠯ ᠡᠷᠡᠮᠡᠯᠵᠡᠯ ᠪᠠ ᠢᠷᠡᠭᠡᠳᠦᠶ ᠮᠦᠨ﹈ ᠯᠢ ᠺᠧ ᠴᠢᠶᠠᠩ | 10 ᠤ ᠡᠳᠦᠷ ᠰᠢᠨᠵᠢᠶᠠᠩ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠤ᠂ | ᠨᠢᠭᠡ ᠲᠥᠯᠥᠭᠡᠯᠡᠭᠴᠢ ᠠᠴᠠ ᠺᠠᠱᠢ ᠣᠷᠣᠨ ᠤ ᠪᠠᠭᠰᠢ ᠨᠠᠷ ᠲᠤ ᠪᠦᠲᠦᠴᠡ ᠶᠢᠨ ᠴᠢᠨᠠᠷᠲᠠᠶ ᠣᠷᠣᠨ ᠲᠤᠭ᠎ᠠ | ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠳᠤᠷᠠᠳᠴᠠᠢ᠃ ᠶᠡᠷᠦᠩᠬᠡᠶ ᠰᠠᠶᠢᠳ ᠠᠴᠠ ᠣᠷᠣᠨ ᠲᠤᠭ᠎ᠠ ᠬᠦᠷᠦᠯᠴᠡᠬᠦ | ᠦᠭᠡᠢ ᠪᠠᠭᠰᠢ ᠨᠠᠷ ᠨᠢ ᠭᠤᠣᠯᠳᠠᠭᠤ ᠬᠤᠣᠰ ᠬᠡᠯᠡᠨ ᠤ ᠪᠠᠭᠰᠢ ᠮᠦᠨ ᠡᠰᠡᠬᠦ ᠶᠢ ᠯᠠᠪᠯᠠᠬᠤ ᠳᠤ᠂ ᠪᠦᠷ ᠲᠣᠭᠲᠠᠵᠤ | ᠪᠠᠶᠢᠨ᠎ᠠ ᠭᠡᠵᠦ ᠲᠥᠯᠥᠭᠡᠯᠡᠭᠴᠢ ᠬᠠᠷᠢᠭᠤᠯᠵᠠᠢ᠃ ᠶᠡᠷᠦᠩᠬᠡᠶ ᠰᠠᠶᠢᠳ ᠲᠡᠷᠡ ᠳᠠᠷᠤᠶ ᠳᠤᠨᠢ ᠰᠤᠷᠭᠠᠨ ᠬᠥᠮᠦᠵᠢᠯ ᠤᠨ | ᠶᠠᠮᠣᠨ ᠤ ᠳᠠᠷᠤᠭ᠎ᠠ ᠳᠤ ᠬᠢᠨᠠᠮᠠᠭᠠᠶ ᠰᠤᠳᠤᠯᠤᠨ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃ ᠲᠡᠷᠡ ᠬᠡᠯᠡᠭᠰᠡᠨ ᠨᠢ | ᠂ ᠰᠤᠷᠭᠠᠨ ᠬᠥᠮᠦᠵᠢᠯ ᠪᠣᠯ ᠬᠥᠭᠵᠢᠯᠲᠡ ᠪᠣᠯᠣᠨ ᠲᠣᠭᠲᠠᠭᠤᠨ ᠤ ᠰᠠᠭᠤᠷᠢ ᠮᠥᠨ᠂ ᠪᠠᠰᠠ ᠴᠤ ᠰᠢᠨᠵᠢᠶᠠᠩ ᠪᠣᠯᠣᠨ | ᠪᠦᠬᠦ ᠤᠯᠤᠰ ᠤᠨ ᠬᠦᠰᠡᠯ ᠡᠷᠡᠮᠡᠯᠵᠡᠯ ᠪᠠ ᠢᠷᠡᠭᠡᠳᠦᠶ ᠮᠦᠨ ᠭᠡᠪᠡ᠃ | | | | | ﹇ᠯᠢ ᠺᠧ ᠴᠢᠶᠠᠩ ᠦᠽᠪᠧᠺ ᠦᠨᠳᠦᠰᠦᠲᠡᠨ ᠤ ᠵᠦᠢᠷ ᠦᠭᠡ ᠪᠠᠷ ᠡᠰᠢ ᠲᠠᠲᠠᠵᠤ᠄ ᠬᠠᠮᠤᠭ ᠤᠨ ᠠᠭᠤᠤ | ᠶᠡᠭᠡ ᠬᠦᠴᠦᠨ ᠪᠣᠯ ᠳᠠᠷᠤᠶ ᠰᠡᠳᠬᠢᠯ ᠢᠶᠠᠨ ᠨᠢᠭᠡᠳᠬᠡᠵᠦ ᠬᠦᠴᠦ ᠪᠠᠨ ᠬᠠᠮᠲᠤᠳᠬᠠᠬᠤ ᠶᠠᠪᠤᠳᠠᠯ ᠪᠣᠯᠣᠨ᠎ᠠ ﹈ ︽ | ᠬᠢᠲᠠᠳ ᠤᠨ ᠬᠠᠭᠤᠴᠢ ᠦᠭᠡᠨ ᠳᠤ ︿ᠠᠬ᠎ᠠ ᠳᠡᠭᠦᠦ ᠶᠢᠨ ᠰᠡᠳᠬᠢᠯ ᠨᠢᠭᠡᠳᠪᠡᠰᠦ᠂ ᠲᠡᠭᠦᠨ ᠤ ᠬᠤᠷᠴᠠ ᠳᠤᠷ ᠠᠯᠳᠠ | ᠬᠤᠭᠤᠷᠠᠮᠤᠶ﹀ ᠭᠡᠳᠡᠭ᠃ ᠰᠢᠨᠵᠢᠶᠠᠩ ᠤᠨ ᠦᠽᠪᠧᠺ ᠦᠨᠳᠦᠰᠦᠲᠡᠨ ᠳᠤ ᠪᠠᠰᠠ ᠨᠢᠭᠡ ᠵᠦᠢᠷ ᠰᠡᠴᠡᠨ ᠦᠭᠡ | ᠪᠠᠶᠢᠳᠠᠭ ︿ᠬᠠᠮᠤᠭ ᠤᠨ ᠠᠭᠤᠤ ᠶᠡᠭᠡ ᠬᠦᠴᠦᠨ ᠪᠣᠯ ᠳᠠᠷᠤᠶ ᠰᠡᠳᠬᠢᠯ ᠢᠶᠠᠨ ᠨᠢᠭᠡᠳᠬᠡᠵᠦ ᠬᠦᠴᠦ ᠪᠠᠨ | ᠬᠠᠮᠲᠤᠳᠬᠠᠬᠤ ᠶᠠᠪᠤᠳᠠᠯ ᠪᠣᠯᠣᠨ᠎ᠠ﹀ ᠭᠡᠳᠡᠭ᠃︾ ᠭᠡᠵᠦ ᠯᠢ ᠺᠧ ᠴᠢᠶᠠᠩ 10 ᠤ ᠡᠳᠦᠷ ᠰᠢᠨᠵᠢᠶᠠᠩ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠬᠡᠯᠡᠭᠰᠡᠨ ᠶᠤᠮ᠃ ᠶᠡᠷᠦᠩᠬᠡᠶ | ᠰᠠᠶᠢᠳ ᠬᠡᠯᠡᠭᠰᠡᠨ ᠨᠢ᠂ ᠦᠨᠳᠦᠰᠦᠲᠡᠨ ᠤ ᠪᠦᠯᠬᠦᠮᠳᠡᠯ ᠪᠣᠯ ᠰᠢᠨᠵᠢᠶᠠᠩ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠡᠶ᠎ᠡ ᠨᠠᠶᠢᠷᠲᠠᠶ ᠪᠠᠷ ᠬᠠᠮᠲᠤ ᠣᠷᠣᠰᠢᠵᠤ ᠵᠣᠯ ᠵᠢᠷᠭᠠᠯ ᠡᠩᠭᠡ ᠠᠮᠤᠭᠤᠯᠠᠩ ᠪᠠᠶᠢᠬᠤ ᠶᠢᠨ ᠠᠮᠢᠨ ᠰᠤᠳᠠᠰᠤ | ᠮᠥᠨ᠂ ᠦᠨᠳᠦᠰᠦᠲᠡᠨ ᠤ ᠪᠦᠯᠬᠦᠮᠳᠡᠯ ᠢ ᠪᠦᠬᠦ ᠬᠦᠴᠦ ᠪᠠᠷ ᠢᠶᠠᠨ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠯ | ᠪᠣᠯᠣᠨ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠶ ᠭᠡᠪᠡ᠃ | | | | | 3 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠤᠯᠤᠰ ᠳᠦᠷᠤ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠳᠦᠷᠤ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠠᠷᠪᠠᠨ ᠬᠤᠶᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠤ | ᠣᠷᠣᠯᠴᠠᠭᠰᠠᠨ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃ ᠲᠣᠬᠠᠢ ᠶᠢᠨ ᠲᠠᠯᠠᠪᠠᠢ ᠶᠢᠨ ᠨᠢᠭᠡ ᠤᠶᠢᠭᠤᠷ ᠡᠮᠡᠭᠲᠡᠶ | ᠲᠥᠯᠥᠭᠡᠯᠡᠭᠴᠢ ᠶᠡᠷᠦᠩᠬᠡᠶ ᠰᠠᠶᠢᠳ ᠲᠤ ᠴᠡᠴᠡᠭᠲᠦ ᠮᠠᠯᠠᠭᠠᠶ ᠵᠡᠭᠦᠯᠭᠡᠪᠡ᠃ ᠶᠡᠷᠦᠩᠬᠡᠶ ᠰᠠᠶᠢᠳ ᠣᠯᠠᠨ ᠲᠠᠢ | ᠲᠣᠲᠣᠨᠤ ᠪᠠᠷ ᠮᠡᠨᠳᠦᠴᠢᠯᠡᠵᠦ᠂ ᠲᠥᠯᠥᠭᠡᠯᠡᠭᠴᠢᠳ ᠲᠠᠢ ᠨᠢᠭᠡ ᠨᠢᠭᠡ ᠪᠠᠷ ᠭᠠᠷ ᠠᠳᠬᠤᠵᠠᠢ᠃ ᠲᠡᠷᠡ ᠬᠡᠯᠡᠬᠦ ᠳᠡᠭᠡᠨ᠄ | ︽ᠲᠠ ᠨᠠᠷ ᠮᠠᠰᠢ ᠬᠤᠯᠠ ᠭᠠᠵᠠᠷ ᠠᠴᠠ ᠢᠷᠡᠭᠰᠡᠨ ᠪᠣᠯᠬᠤᠷ᠂ ᠪᠢ ᠲᠥᠯᠥᠭᠡᠯᠡᠭᠴᠢ ᠨᠢᠭᠡᠪᠦᠷᠢ ᠲᠠᠢ ᠭᠠᠷ ᠪᠠᠷᠢᠵᠤ | ᠪᠠᠶᠢᠨ᠎ᠠ︕︾ ᠭᠡᠪᠡ᠃ | |