︽ᠬᠥᠳᠡᠭᠡ ᠲᠣᠰᠬᠤᠨ ᠤ ᠲᠥᠯᠥᠪᠵᠢᠭᠦᠯᠭᠡ ᠶᠢᠨ ᠠᠵᠢᠯ ᠳᠤ ᠦᠬᠡᠷᠡᠴᠢᠯᠡᠯᠲᠡ ᠬᠢᠵᠤ ᠰᠢᠨ᠎ᠡ ᠶᠢ ᠡᠭᠦᠳᠬᠦ᠂ | ᠪᠦᠬᠦ ᠲᠠᠯ᠎ᠠ ᠪᠠᠷ ᠪᠦᠲᠦᠮᠵᠢᠲᠡᠶ ᠲᠦᠯᠬᠢᠨ ᠠᠬᠢᠭᠤᠯᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠢᠯᠣᠭᠤᠳᠬᠤ ᠰᠠᠨᠠᠯ︾ ︵ ᠪᠠᠶᠢᠭᠤᠯᠤᠯᠲᠠ ᠲᠤᠰᠬᠤᠨ ︿2015﹀ | 187 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠬᠥᠯᠥᠨ ᠪᠤᠶᠢᠷ | ᠬᠤᠳᠠ ᠶᠢᠨ ᠮᠠᠨᠵᠤᠤᠷ ᠬᠤᠳᠠ᠂ ᠵᠠᠯᠠᠨ ᠠᠶᠢᠯ ᠬᠤᠳᠠ᠂ ᠡᠷᠭᠦᠨ᠎ᠡ ᠬᠤᠳᠠ᠂ ᠭᠡᠭᠡᠨ ᠭᠤᠣᠯ ᠬᠤᠳᠠ᠂ ᠬᠠᠭᠤᠴᠢᠨ | ᠪᠠᠷᠭᠤ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠡᠸᠡᠭᠬᠢ ᠦᠨᠳᠦᠰᠦᠲᠡᠨ ᠤ ᠦᠪᠡᠷᠲᠡᠭᠡᠨ ᠵᠠᠰᠠᠬᠤ | ᠬᠤᠰᠢᠭᠤ᠂ ᠮᠤᠷᠢᠨ ᠳᠠᠪᠠᠭ᠎ᠠ ᠳᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ᠂ ᠠᠷᠤᠨ ᠬᠤᠰᠢᠭᠤ | ᠰᠢᠶᠠᠩ ᠪᠠᠯᠭᠠᠰᠤ ᠰᠤᠮᠤ ᠶᠢᠨ ᠶᠡᠷᠦᠩᠬᠡᠶ ᠲᠥᠯᠥᠪᠵᠢᠭᠦᠯᠭᠡ ︵2016-2030 ᠤᠨ︶ ᠳᠤ ᠵᠠᠰᠠᠪᠤᠷᠢ | ᠤᠷᠤᠭᠤᠯᠤᠨ ᠨᠠᠶᠢᠷᠠᠭᠤᠯᠬᠤ ᠠᠵᠢᠯ ᠢ ᠪᠡᠶᠡᠯᠡᠭᠦᠯᠪᠡ᠃ ᠡᠭᠦᠨ ᠤ ᠬᠠᠮᠲᠤ᠂ 2016 ᠣᠨ ᠳᠤ ︽ᠭᠠᠴᠠᠭ᠎ᠠ | ᠲᠣᠰᠬᠤᠨ ᠤ ᠲᠥᠯᠥᠪᠵᠢᠭᠦᠯᠭᠡ ᠵᠢᠴᠢ ︿ᠠᠷᠪᠠ ᠶᠢ ᠪᠦᠷᠢᠨ ᠪᠦᠷᠬᠦᠬᠦᠯᠬᠦ﹀ ᠢᠨᠵᠧᠨᠧᠷᠢᠩ ᠤᠨ ᠪᠥᠳᠥᠭᠡᠨ | ᠪᠠᠶᠢᠭᠤᠯᠤᠯᠲᠠ ᠶᠢᠨ ᠲᠥᠯᠥᠪᠵᠢᠭᠦᠯᠭᠡ︾ ︽ᠰᠤᠮᠤ ᠰᠢᠶᠠᠩ ᠪᠠᠯᠭᠠᠰᠤ ᠶᠢᠨ ᠶᠡᠷᠦᠩᠬᠡᠶ ᠲᠥᠯᠥᠪᠵᠢᠭᠦᠯᠭᠡ︾ ︽ | ᠬᠤᠰᠢᠭᠤ ᠬᠤᠳᠠ ᠲᠣᠭᠤᠷᠢᠭ ᠤᠨ ᠠᠶᠢᠯ ᠲᠣᠰᠬᠤᠨ ᠤ ᠪᠠᠶᠢᠷᠢᠰᠢᠭᠤᠯᠤᠯ ᠤᠨ ᠲᠥᠯᠥᠪᠵᠢᠭᠦᠯᠭᠡ ᠬᠢᠭᠡᠳ ᠠᠵᠤ | ᠦᠢᠯᠡᠰ ᠤᠨ ᠲᠥᠯᠥᠪᠵᠢᠭᠦᠯᠭᠡ︾ ᠶᠢ ᠴᠢᠩᠭ᠎ᠠ ᠬᠡᠷᠡᠭᠵᠢᠭᠦᠯᠵᠦ᠂ ᠲᠥᠯᠥᠪᠵᠢᠭᠦᠯᠭᠡ ᠪᠠᠷ ᠬᠥᠲᠥᠯᠪᠦᠷᠢ ᠪᠤᠯᠭᠠᠨ᠂ | ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠲᠤᠬᠠᠶᠢᠯᠠᠭᠰᠠᠨ ᠠᠵᠢᠯ ᠤᠨ ᠵᠢᠭᠠᠨ ᠵᠢᠯᠣᠭᠤᠳᠴᠤ ᠦᠢᠯᠡᠴᠢᠯᠡᠬᠦ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ᠂ ᠬᠠᠮᠢᠶ᠎ᠠ ᠪᠦᠬᠦᠢ ᠲᠥᠯᠥᠪᠵᠢᠭᠦᠯᠭᠡ ᠶᠢ | ᠳᠤᠷᠠᠳᠤᠨ ᠤᠯᠠᠮ ᠨᠢᠭᠡ ᠠᠯᠬᠤᠮ ᠳᠡᠰ ᠳᠡᠪᠰᠢᠬᠦᠯᠬᠦ ᠪᠠᠷ ᠪᠠᠶᠢᠨ᠎ᠠ᠃ |