| | | ᠤᠢᠢᠷ᠎ᠠ ᠶᠢᠨ ᠡᠳᠦᠷ ᠤᠳ ᠲᠤ᠂ ᠠᠷᠪᠠᠨ ᠬᠤᠶᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠬᠤᠷᠠᠯ ᠳᠤ ᠣᠷᠣᠯᠴᠠᠵᠣ ᠪᠠᠶᠢᠭ᠎ᠠ ᠦᠪᠦᠷ ᠮᠤᠩᠭᠤᠯ ᠤᠨ | ᠲᠦᠯᠦᠭᠡᠯᠡᠭᠴᠢᠳ ᠤᠨ ᠪᠦᠯᠭᠦᠮ ᠤᠨ ᠲᠡᠳ᠋ ᠲᠠᠷᠤᠭ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠠᠭᠠᠳᠤᠷ ᠵᠠᠰᠠᠭ ᠤᠨ ᠤᠷᠳᠤᠨ ᠤ ᠠᠵᠢᠯ ᠤᠨ | ᠢᠯᠡᠳᠭᠡᠯ ᠢ ᠬᠢᠨᠠᠨ ᠵᠦᠪᠯᠡᠵᠦ᠂ ︽13.5︾ ᠶᠢᠨ ᠲᠦᠯᠦᠪᠵᠢᠭᠦᠯᠭᠡ ᠶᠢᠨ ᠬᠦᠳᠦᠯᠪᠤᠷᠢ ᠶᠢᠨ ᠲᠦᠰᠦᠯ᠂ | ᠲᠦᠯᠦᠪᠯᠡᠭᠡ ᠶᠢᠨ ᠮᠡᠳᠡᠭᠦᠯᠦᠯᠳᠡ ᠪᠤᠯᠤᠨ ᠲᠦᠰᠤᠯ ᠤᠨ ᠮᠡᠳᠡᠭᠦᠯᠦᠯᠳᠡ ᠶᠢ ᠬᠢᠨᠠᠨ ᠪᠠᠶᠢᠴᠠᠭᠠᠬᠤ ᠳᠠᠭᠠᠨ | ᠴᠢᠬᠤᠯᠠᠴᠢᠯᠠᠭᠰᠠᠨ ᠨᠢ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠠ ᠵᠦᠢᠯ ᠤᠨ | ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠤᠨ ᠡᠨᠡ ᠤᠳᠠᠭ᠎ᠠ ᠶᠢᠨ ᠪᠦᠬᠦ ᠤᠯᠤᠰ ᠤᠨ ᠬᠤᠶᠠᠷ | ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠬᠢᠨ ᠪᠠᠷᠠᠯᠠᠵᠣ ᠬᠠᠷᠢᠯᠴᠠᠨ | ᠬᠠᠪᠰᠤᠷᠤᠯᠴᠠᠨ᠂ ᠪᠦᠯᠭᠦᠮᠳᠡᠨ ᠲᠠᠮᠡᠴᠡᠵᠤ᠂ ᠪᠦᠬᠦ ᠤᠯᠤᠰ ᠲᠠᠢ ᠢᠵᠢᠯ ᠠᠯᠬᠤᠮ ᠢᠶᠠᠷ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠳᠤᠯᠠᠬᠤ ᠬᠡᠷᠡᠭᠳᠡᠢ ᠭᠡᠵᠡᠢ᠃ | ᠪᠠᠭᠠᠳᠤᠷ ᠬᠡᠯᠡᠭᠰᠡᠨ ᠨᠢ᠂ ︽ᠠᠷᠪᠠᠨ ᠬᠤᠶᠠᠳᠤᠭᠠᠷ ᠲᠠᠪᠤᠨ ᠵᠢᠯ︾᠂ ᠤᠨᠴᠠᠭᠠᠢᠢᠯᠠᠨ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠶᠡᠷᠦᠩᠭᠡᠢ ᠱᠦᠵᠢ ᠪᠤᠯᠭᠠᠭᠰᠠᠨ ᠨᠠᠮ ᠤᠨ | ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ ᠮᠠᠨ ᠤ ᠤᠯᠤᠰ ᠤᠨ ᠠᠵᠤ ᠠᠬᠤᠢ ᠶᠢᠨ ᠪᠣᠳᠠᠳᠣ | ᠬᠦᠴᠦᠨ᠂ ᠰᠢᠨᠵᠢᠯᠡᠬᠦ ᠣᠬᠠᠭᠠᠨ ᠮᠡᠷᠭᠡᠵᠢᠯ ᠤᠨ ᠪᠣᠳᠠᠳᠣ ᠬᠦᠴᠦᠨ᠂ ᠣᠯᠣᠰ ᠤᠨ ᠪᠠᠳᠣᠯᠠᠨ ᠬᠠᠮᠠᠭᠠᠯᠠᠯᠳᠠ ᠶᠢᠨ | ᠪᠣᠳᠠᠳᠣ ᠬᠦᠴᠦᠨ ᠪᠣᠯᠣᠨ ᠳᠡᠯᠡᠬᠡᠢ ᠳᠡᠭᠡᠷᠡᠬᠢ ᠨᠦᠯᠦᠭᠡᠯᠡᠬᠦ ᠬᠦᠴᠦᠨ ᠳᠠᠬᠢᠨ ᠰᠢᠨ᠎ᠡ ᠳᠡᠭᠳᠡᠷ ᠲᠤ ᠭᠠᠷᠴᠠᠢ᠃ | ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠤ ᠮᠠᠨ ᠤ ᠣᠯᠣᠰ ᠤᠨ ᠦᠭᠡᠷᠡᠴᠢᠯᠡᠯᠳᠡ ᠨᠡᠭᠡᠭᠡᠯᠳᠡ ᠪᠣᠯᠣᠨ | ᠣᠳᠣᠬᠢᠴᠢᠯᠠᠬᠤ ᠪᠦᠳᠦᠭᠡᠨ ᠪᠠᠶᠢᠭᠤᠯᠣᠯᠳᠠ ᠶᠢᠨ ᠯᠣᠳᠣ ᠶᠡᠭᠡ ᠠᠮᠵᠢᠯᠳᠠ ᠪᠦᠳᠦᠮᠵᠢᠶᠢ ᠭᠦᠢᠴᠡᠳ ᠲᠤᠳᠤᠷᠠᠭᠤᠯᠵᠤ᠂ | ᠰᠢ ᠶᠢᠨ ᠫᠢᠡᠭ ᠨᠦᠬᠦᠷ ᠢᠶᠠᠷ ᠶᠡᠷᠦᠩᠬᠡᠢ ᠱᠦᠵᠢ ᠪᠣᠯᠭᠠᠭᠰᠠᠨ ᠨᠠᠮ ᠤᠨ ᠲᠦᠪ ᠬᠤᠷᠢᠶ᠎ᠠ ᠶᠢᠨ ᠣᠯᠣᠰ ᠢᠶᠠᠨ | ᠵᠠᠰᠠᠵᠣ ᠵᠠᠰᠠᠭ ᠶᠠᠪᠣᠭᠤᠯᠬᠤ ᠰᠢᠨ᠎ᠡ ᠣᠨᠣᠯᠵᠢᠬᠤᠨ᠂ ᠰᠢᠨ᠎ᠡ ᠦᠵᠡᠯ ᠰᠠᠨᠠᠭ᠎ᠠ᠂ ᠰᠢᠨ᠎ᠡ ᠪᠠᠶᠢᠯᠳᠣᠬᠤ ᠪᠣᠳᠣᠯᠭ᠎ᠠ ᠶᠢ | ᠪᠦᠬᠦ ᠳᠠᠯ᠎ᠠ ᠪᠠᠷ ᠢᠯᠡᠷᠡᠭᠦᠯᠵᠦ᠂ ᠦᠨᠳᠦᠰᠦᠲᠡᠨ ᠨᠦᠭᠦᠳ ᠤᠨ ᠠᠷᠠᠳ ᠣᠯᠠᠨ ᠲᠥᠮᠡᠨ ᠤ ᠰᠠᠶᠢᠨ ᠰᠠᠶᠢᠬᠠᠨ | ᠠᠮᠢᠳᠣᠷᠠᠬᠤ ᠰᠢᠨ᠎ᠡ ᠬᠦᠰᠡᠯ ᠳᠤ ᠦᠨᠡᠨᠬᠦ ᠬᠠᠷᠢᠭᠤᠯᠳᠠ ᠦᠭᠴᠦ᠂ ᠦᠨᠡᠨ ᠢ ᠪᠠᠷᠢᠮᠲᠠᠯᠠᠨ ᠪᠣᠲᠠᠲᠠᠢ ᠶᠢ ᠡᠷᠬᠢᠮᠯᠡᠭᠰᠡᠨ | ᠂ ᠬᠦᠮᠦᠰ ᠢ ᠵᠣᠷᠢᠭᠵᠢᠭᠤᠯᠣᠨ ᠡᠷᠡᠯᠬᠡᠭᠯᠡᠨ ᠳᠠᠪᠰᠢᠭᠤᠯᠬᠤ ᠰᠠᠶᠢᠨ ᠢᠯᠡᠳᠭᠡᠯ ᠪᠣᠯᠵᠠᠢ᠃ ᠪᠢ ᠡᠨᠡ ᠢᠯᠡᠳᠭᠡᠯ ᠢ | ᠪᠦᠷᠢᠮᠦᠰᠦᠨ ᠵᠦᠪᠰᠢᠶᠡᠷᠡᠨ ᠬᠦᠷᠢᠶᠡᠯᠡᠵᠦ ᠪᠠᠶᠢᠨ᠎ᠠ ᠭᠡᠪᠡ᠃ | ᠪᠠᠭᠠᠳᠣᠷ ᠬᠡᠯᠡᠭᠰᠡᠨ ᠨᠢ᠂ ︽ᠠᠷᠪᠠᠨ ᠬᠤᠶᠠᠳᠣᠭᠠᠷ ᠲᠠᠪᠤᠨ ᠵᠢᠯ︾᠂ ᠣᠨᠴᠠᠭᠠᠶᠢᠯᠠᠨ ᠨᠠᠮ ᠤᠨ ᠠᠷᠪᠠᠨ | ᠨᠠᠢᠮᠠᠳᠣᠭᠠᠷ ᠶᠡᠭᠡ ᠬᠤᠷᠠᠯ ᠠᠴᠠ ᠨᠠᠰᠢ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶ᠎ᠠ ᠶᠢᠨ | ᠡᠷᠡᠰ ᠴᠢᠩᠭ᠎ᠠ ᠣᠳᠣᠷᠢᠳᠣᠯᠭ᠎ᠠ ᠳᠣᠣᠷ᠎ᠠ ᠦᠪᠦᠷ ᠮᠣᠩᠭᠤᠯ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠥᠮᠡᠨ | ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠪᠣᠯᠣᠨ ᠠᠷᠪᠠᠨ ᠨᠠᠢᠮᠠᠳᠣᠭᠠᠷ ᠬᠤᠭᠤᠴᠠᠭᠠᠨ ᠤ ᠲᠦᠪ ᠬᠤᠷᠢᠶᠠᠨ ᠤ | ᠭᠤᠷᠪᠠᠳᠣᠭᠠᠷ᠂ ᠳᠦᠷᠪᠡᠳᠦᠭᠡᠷ᠂ ᠳᠠᠪᠣᠳᠣᠭᠠᠷ ᠪᠦᠭᠦᠳᠡ ᠬᠤᠷᠠᠯ ᠣᠨᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠣᠷᠢᠵᠢᠭᠤᠯᠵᠣ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠣᠷᠢᠭ ᠰᠠᠨᠠᠭ᠎ᠠ | ᠪᠣᠯᠣᠨᠦᠪᠦᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠤᠨ ᠨᠠᠶᠢᠳᠠᠪᠣᠷᠢᠵᠢᠭᠤᠯᠵᠣ᠂ ᠰᠠᠬᠢᠨ ᠪᠠᠷᠠᠯᠠᠨ ᠬᠠᠷᠢᠯᠴᠠᠨ ᠬᠠᠪᠰᠣᠷᠣᠯᠴᠠᠵᠣ᠂ ᠪᠥᠯᠬᠦᠮᠳᠡᠨ | ᠳᠡᠮᠡᠴᠡᠵᠦ᠂ ᠡᠬᠡ ᠣᠯᠣᠰ ᠤᠨ ᠣᠮᠠᠷᠠᠳᠣ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠣᠷᠣᠨ ᠢ ᠪᠦᠬᠦ | ᠬᠦᠴᠦᠨ ᠢᠶᠠᠷ ᠢᠶᠠᠨ ᠴᠣᠭᠴᠠᠯᠠᠵᠣ᠂ ᠪᠦᠬᠦ ᠣᠷᠣᠨ ᠤ ᠶᠡᠷᠦᠩᠬᠡᠶᠢᠯᠡᠭᠰᠡᠨ᠋ ᠠᠵᠣ ᠠᠬᠤᠢ ᠶᠢᠨ ᠪᠣᠳᠠᠳᠣ ᠬᠦᠴᠦᠨ᠂ | ᠠᠵᠣ ᠦᠢᠯᠡᠰ ᠤᠨ ᠬᠦᠭᠵᠢᠯᠳᠡ ᠶᠢᠨ ᠳᠡᠰ ᠳᠠᠪᠬᠤᠷᠭ᠎ᠠ᠂ ᠬᠤᠳᠠ ᠬᠦᠳᠡᠭᠡ ᠶᠢᠨ ᠬᠦᠭᠵᠢᠯᠳᠡ ᠶᠢᠨ ᠳᠦᠷᠰᠦ | ᠪᠠᠶᠢᠳᠠᠯ᠂ ᠣᠷᠣᠨ ᠪᠦᠰᠡ ᠶᠢᠨ ᠵᠣᠬᠢᠴᠠᠩᠭᠤᠢ ᠬᠦᠭᠵᠢᠯᠳᠡ ᠶᠢᠨ ᠳᠥᠪᠰᠢᠨ᠂ ᠬᠦᠭᠵᠢᠯᠳᠡ ᠶᠢ ᠪᠠᠳᠣᠯᠠᠬᠤ | ᠴᠢᠳᠠᠪᠣᠷᠢ ᠪᠣᠯᠣᠨ ᠠᠷᠠᠳ ᠤᠨ ᠠᠮᠢᠳᠣᠷᠠᠯ ᠤᠨ ᠳᠥᠪᠰᠢᠨ ᠪᠦᠷ ᠨᠢᠭᠡ ᠶᠡᠭᠡ ᠳᠡᠭᠳᠡᠷ ᠲᠤ ᠭᠠᠷᠴᠣ᠂ | ᠦᠭᠡᠷᠡᠴᠢᠯᠡᠯᠳᠡ ᠨᠡᠭᠡᠭᠡᠯᠳᠡ᠂ ᠨᠡᠶᠢᠭᠡᠮ ᠣᠨᠦᠢᠯᠡᠰ᠂ ᠡᠶ᠎ᠡ ᠵᠣᠬᠢᠴᠠᠩᠭᠤᠢ ᠦᠪᠦᠷ ᠮᠣᠩᠭᠤᠯ ᠣᠨᠪᠠᠶᠢᠭᠤᠯᠣᠯᠳᠠ | ᠴᠢᠩᠭᠠᠳᠬᠠᠭᠳᠠᠵᠣ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠠᠵᠢᠯ ᠴᠢᠬᠤᠯᠠ ᠠᠯᠬᠤᠮ ᠠᠯᠬᠤᠵᠠᠢ | ᠭᠡᠪᠡ᠃ | ᠪᠠᠭᠠᠳᠣᠷ ᠬᠡᠯᠡᠭᠰᠡᠨ ᠨᠢ᠂ ︽ᠠᠷᠪᠠᠨ ᠭᠤᠷᠪᠠᠳᠣᠭᠠᠷ ᠲᠠᠪᠤᠨ ᠵᠢᠯ︾ ᠪᠣᠯ ᠴᠢᠨᠡᠭᠡᠯᠢᠭ ᠨᠡᠶᠢᠭᠡᠮ ᠢ ᠪᠦᠬᠦ | ᠳᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠱᠠᠳᠤ ᠪᠣᠯᠣᠨ᠎ᠠ᠃ ᠲᠦᠯᠦᠪᠵᠢᠭᠦᠯᠭᠡ ᠶᠢᠨ ᠬᠦᠳᠦᠯᠪᠦᠷᠢ ᠶᠢᠨ ᠲᠦᠰᠦᠯ ᠳᠤ | ᠢᠷᠡᠭᠡᠳᠦᠢ ᠶᠢᠨ 5 ᠵᠢᠯ ᠤᠨ ᠬᠦᠭᠵᠢᠯᠳᠡ ᠶᠢᠨ ᠠᠤᠭ᠎ᠠ ᠵᠢᠷᠤᠭ ᠢ ᠰᠢᠰᠲ᠋ᠧᠮ ᠲᠠᠢ ᠵᠢᠷᠣᠭᠯᠠᠵᠣ᠂ ᠬᠦᠭᠵᠢᠯᠳᠡ ᠶᠢ | ᠳᠣᠯᠭᠠᠭᠤᠷᠢᠯᠠᠬᠤ ᠠᠯᠢ ᠣᠯᠠᠨ ᠴᠢᠬᠤᠯᠠ ᠲᠦᠷᠦ ᠶᠢᠨ ᠪᠣᠳᠣᠯᠭ᠎ᠠ᠂ ᠢᠨᠵᠧᠨᠧᠷᠢᠩ ᠪᠣᠯᠣᠨᠲ᠋ᠦ᠋ᠷᠦᠯ ᠵᠦᠢᠯ ᠢ | ᠳᠣᠳᠣᠷᠬᠠᠢᠢᠯᠠᠵᠣ᠂ ᠳᠣᠩ ᠴᠢᠩᠭ᠎ᠠ ᠪᠠᠶᠢᠯᠳᠣᠬᠤ ᠪᠣᠳᠣᠯᠭᠠᠳᠣ ᠴᠢᠨᠠᠷ᠂ ᠪᠦᠬᠦ ᠳᠠᠯᠠᠳᠣ ᠴᠢᠨᠠᠷ ᠪᠣᠯᠣᠨ ᠪᠠᠷᠠᠯᠠᠯᠳᠣ | ᠴᠢᠨᠠᠷ ᠲᠠᠢ ᠪᠣᠯᠵᠠᠢ᠃ ᠪᠢᠳᠡ ᠣᠯᠣᠰ ᠲᠦᠷᠦ ᠶᠢᠨ ᠣᠬᠠᠮᠰᠠᠷ᠂ ᠶᠡᠭᠡ ᠳᠠᠯ᠎ᠠ ᠶᠢᠨ ᠣᠬᠠᠮᠰᠠᠷ᠂ ᠭᠤᠣᠯᠯᠠᠭᠴᠢ | ᠣᠬᠠᠮᠰᠠᠷ᠂ ᠨᠢᠭᠡᠳᠦᠯᠳᠡᠢ ᠪᠠᠶᠢᠬᠤ ᠣᠬᠠᠮᠰᠠᠷ ᠢ ᠪᠠᠳᠣ ᠪᠠᠬᠢ ᠪᠣᠢ ᠪᠣᠯᠭᠠᠵᠣ᠂ ᠨᠠᠮ ᠤᠨ ᠲᠦᠪ ᠬᠤᠷᠢᠶ᠎ᠠ᠂ | ᠲᠦᠷᠦ ᠶᠢᠨ ᠶᠠᠪᠣᠳᠠᠯ ᠤᠨ ᠬᠤᠷᠢᠶ᠎ᠠ ᠶᠢᠨ ᠰᠢᠢᠳᠪᠣᠷᠢᠳᠦ ᠪᠣᠳᠣᠯᠭ᠎ᠠ ᠪᠠᠶᠢᠷᠢᠯᠠᠭᠤᠯᠣᠯᠳᠠ ᠶᠢ ᠨᠡᠩ ᠡᠷᠡᠰ ᠪᠠᠳᠣ | ᠣᠬᠠᠮᠰᠠᠷ ᠠᠴᠠ ᠪᠠᠨ ᠲᠤᠤᠱᠯᠠᠭᠤᠯᠤᠨ ᠨᠠᠶᠢᠳᠠᠪᠣᠷᠢᠵᠢᠭᠤᠯᠵᠣ᠂ ︽ᠬᠦᠳᠦᠯᠪᠦᠷᠢ︾ ᠶᠢᠨ ᠪᠠᠶᠢᠷᠢᠯᠠᠭᠤᠯᠣᠯᠳᠠ ᠶᠢ | ᠨᠠᠶᠢᠳᠠᠪᠣᠷᠢᠵᠢᠭᠤᠯᠬᠤ ᠶᠢ ᠰᠠᠶᠢᠳᠣᠷ ᠠᠳᠬᠤᠵᠣ᠂ ︽ᠳᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ | ᠪᠠᠶᠢᠷᠢᠰᠢᠭᠤᠯᠣᠯᠳᠠ ᠪᠣᠯᠣᠨ ︽ᠳᠥᠷᠪᠡᠨ ᠪᠦᠬᠦ ᠳᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠣᠯᠳᠠ | ᠶᠢᠨ ᠱᠠᠭᠠᠷᠳᠠᠯᠭ᠎ᠠ ᠶᠣᠰᠣᠭᠠᠷ ᠲᠠᠪᠤᠨ ᠶᠡᠭᠡ ᠬᠦᠭᠵᠢᠯᠳᠡ ᠶᠢᠨ ᠣᠨᠣᠯᠵᠢᠬᠤᠨ᠂ ᠲᠠᠪᠤᠨ ᠶᠡᠭᠡ ᠳᠣᠯᠭᠠᠭᠤᠷᠢᠯᠠᠬᠤ | ᠲᠦᠷᠦ ᠶᠢᠨ ᠪᠣᠳᠣᠯᠭ᠎ᠠ ᠪᠣᠯᠣᠨ ᠳᠣᠳᠠᠭᠤᠳᠠᠯ ᠢᠶᠠᠨ ᠨᠦᠬᠦᠪᠦᠷᠢᠯᠡᠬᠦ᠂ ᠲᠦᠭᠰᠢᠭᠦᠷᠢ ᠶᠢ ᠰᠡᠷᠭᠡᠶᠢᠯᠡᠬᠦ ᠵᠡᠷᠭᠡ | ᠪᠠᠶᠢᠯᠳᠣᠬᠤ ᠪᠣᠳᠣᠯᠭ᠎ᠠ ᠶᠢᠨ ᠭᠤᠣᠯᠳᠠᠯᠭ᠎ᠠ ᠶᠢ ᠪᠠᠳᠣ ᠡᠵᠡᠮᠰᠢᠵᠦ᠂ ᠰᠢᠨ᠎ᠡ ᠣᠨᠣᠯᠵᠢᠬᠤᠨ ᠢᠶᠠᠷ ᠰᠢᠨ᠎ᠡ | ᠬᠦᠭᠵᠢᠯᠳᠡ ᠶᠢ ᠬᠥᠲᠥᠯᠦᠨ ᠳᠠᠭᠠᠭᠤᠯᠬᠤ ᠶᠢ ᠪᠠᠷᠢᠮᠳᠠᠯᠠᠵᠣ᠂ ᠡᠷᠡᠯᠬᠡᠭᠯᠡᠨ ᠴᠢᠷᠮᠠᠶᠢᠵᠣ ᠠᠵᠢᠯ ᠢᠶᠠᠨ ᠰᠠᠶᠢᠳᠣᠷ ᠬᠢᠵᠦ | ᠂ ᠪᠦᠬᠦ ᠣᠯᠣᠰ ᠲᠠᠢ ᠢᠵᠢᠯ ᠠᠯᠬᠤᠮ ᠢᠶᠠᠷ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠶᠢ ᠦᠨᠡᠨᠬᠦ | ᠪᠠᠳᠣᠯᠠᠬᠤ ᠬᠡᠷᠡᠭᠳᠡᠢ ᠭᠡᠵᠡᠢ᠃ | ᠪᠠᠭᠠᠳᠣᠷ ᠬᠡᠯᠡᠭᠰᠡᠨ ᠨᠢ᠂ ᠡᠨᠡ ᠵᠢᠯ ᠪᠣᠯ ︽ᠠᠷᠪᠠᠨ ᠭᠤᠷᠪᠠᠳᠣᠭᠠᠷ ᠲᠠᠪᠤᠨ ᠵᠢᠯ︾ ᠤᠨ | ᠲᠦᠯᠦᠪᠵᠢᠭᠦᠯᠭᠡ ᠶᠢᠨ ᠡᠬᠢᠯᠡᠯᠳᠡ ᠶᠢᠨ ᠵᠢᠯ᠂ ᠮᠦᠨᠴᠦ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ | ᠪᠣᠭᠤᠮᠳᠠ ᠰᠢᠪᠳᠣᠯᠬᠤ ᠵᠢᠯ ᠪᠣᠯᠣᠨ᠎ᠠ᠃ ᠪᠢᠳᠡ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ | ᠬᠤᠷᠢᠶ᠎ᠠ ᠶᠢᠨ ᠡᠯ᠎ᠡ ᠵᠦᠢᠯ ᠣᠨᠰᠢᠢᠳᠪᠦᠷᠢᠳᠦ ᠪᠣᠳᠣᠯᠭ᠎ᠠ ᠪᠠᠶᠢᠷᠢᠯᠠᠭᠤᠯᠣᠯᠳᠠ ᠪᠣᠯᠣᠨ ᠵᠠᠰᠠᠭ ᠤᠨ ᠣᠷᠳᠣᠨ ᠤ | ᠠᠵᠢᠯ ᠤᠨ ᠢᠯᠡᠳᠭᠡᠯ ᠳᠠᠬᠢ ᠳᠣᠬᠢᠷᠠᠭᠤᠯᠣᠯᠳᠠ ᠶᠢ ᠪᠦᠬᠦ ᠳᠠᠯ᠎ᠠ ᠪᠠᠷ ᠨᠠᠶᠢᠳᠠᠪᠣᠷᠢᠵᠢᠭᠤᠯᠵᠣ᠂ ︽ᠠᠷᠪᠠᠨ | ᠭᠤᠷᠪᠠᠳᠣᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠰᠠᠶᠢᠬᠠᠨ ᠡᠬᠢᠯᠡᠭᠦᠯᠬᠦ ᠶᠢ ᠦᠨᠡᠨᠬᠦ ᠪᠠᠳᠣᠯᠠᠬᠤ ᠬᠡᠷᠡᠭᠳᠡᠢ᠃ | ᠨᠢᠭᠡ ᠳᠤ᠂ ᠠᠵᠣ ᠠᠬᠤᠢ ᠶᠢᠨ ᠨᠡᠮᠡᠭᠳᠡᠯ ᠢ ᠬᠦᠴᠦ ᠣᠷᠤᠭᠤᠯᠤᠨ ᠳᠣᠭᠳᠠᠪᠣᠷᠢᠵᠢᠭᠤᠯᠵᠣ᠂ ᠠᠵᠣ ᠠᠬᠤᠢ ᠶᠢᠨ | ᠡᠷᠭᠢᠯᠳᠡ ᠵᠣᠬᠢᠰᠳᠠᠢ ᠣᠷᠣᠨ ᠪᠠᠶᠢᠷᠢ ᠳᠤ ᠣᠷᠣᠰᠢᠬᠤ ᠶᠢ ᠪᠠᠳᠣᠯᠠᠬᠤ ᠬᠡᠷᠡᠭᠳᠡᠢ᠃ ᠬᠤᠶᠠᠷ ᠲᠤ᠂ ᠪᠦᠳᠦᠴᠡ ᠶᠢᠨ | ᠴᠢᠨᠠᠷᠳᠠᠢ ᠦᠭᠡᠷᠡᠴᠢᠯᠡᠯᠳᠡ ᠶᠢ ᠬᠦᠴᠦ ᠣᠷᠤᠭᠤᠯᠤᠨ ᠴᠢᠩᠭᠠᠳᠬᠠᠵᠣ᠂ ᠨᠡᠭᠦᠷᠡᠰᠦ᠂ ᠪᠣᠯᠣᠳ ᠳᠡᠮᠦᠷ ᠤᠨ ᠠᠵᠢᠯ | ᠲᠦᠷᠦᠯ ᠤᠨ ᠦᠢᠯᠡᠳᠪᠦᠷᠢᠯᠡᠯ ᠤᠨ ᠴᠢᠳᠠᠪᠣᠷᠢ ᠶᠢ ᠵᠠᠳᠠᠷᠠᠭᠤᠯᠬᠤ ᠪᠠᠷ ᠭᠤᠣᠯᠳᠠᠯᠭ᠎ᠠ ᠪᠣᠯᠭᠠᠨ ᠬᠠᠩᠭᠠᠯᠭ᠎ᠠ ᠶᠢᠨ ᠳᠠᠯ᠎ᠠ | ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠲᠠᠪᠤᠨ ᠶᠡᠭᠡ ᠡᠭᠦᠷᠭᠡ ᠶᠢ ᠪᠦᠬᠦ ᠳᠠᠯ᠎ᠠ ᠪᠠᠷ ᠰᠠᠶᠢᠳᠣᠷ | ᠨᠠᠶᠢᠳᠠᠪᠣᠷᠢᠵᠢᠭᠤᠯᠬᠤ ᠬᠡᠷᠡᠭᠳᠡᠢ᠃ ᠭᠤᠷᠪᠠ ᠳᠤ᠂ ︽ᠮᠠᠯ ᠠᠵᠣ ᠠᠬᠤᠢ ᠳᠠᠷᠢᠶᠠᠯᠠᠩ᠂ ᠮᠠᠯᠵᠢᠬᠤ ᠳᠠᠷᠢᠶᠠᠯᠠᠬᠤ | ᠣᠷᠣᠨ᠂ ᠮᠠᠯᠴᠢᠨ ᠲᠠᠷᠢᠶᠠᠴᠢᠨ︾ ᠤ ᠠᠵᠢᠯ ᠢ ᠬᠦᠴᠦ ᠣᠷᠤᠭᠤᠯᠤᠨ ᠰᠠᠶᠢᠳᠣᠷ ᠬᠢᠵᠦ᠂ ᠣᠳᠣ ᠦᠶ᠎ᠡ ᠶᠢᠨ ᠮᠠᠯ | ᠠᠵᠣ ᠠᠬᠤᠢ ᠳᠠᠷᠢᠶᠠᠯᠠᠩ ᠢ ᠲᠥᠷᠭᠡᠳᠬᠡᠨ ᠬᠦᠭᠵᠢᠭᠦᠯᠵᠦ᠂ ᠮᠠᠯᠵᠢᠬᠤ ᠳᠠᠷᠢᠶᠠᠯᠠᠬᠤ ᠣᠷᠣᠨ ᠳᠤ ︽ᠠᠷᠪᠠ ᠶᠢ | ᠪᠦᠷᠬᠦᠭᠦᠯᠬᠦ︾ ᠢᠨᠵᠧᠨᠧᠷᠢᠩ ᠤᠨ ᠪᠥᠲᠥᠭᠡᠨ ᠪᠠᠶᠢᠭᠤᠯᠣᠯᠳᠠ ᠶᠢᠨ ᠡᠭᠦᠷᠭᠡ ᠶᠢ ᠪᠦᠬᠦ ᠳᠠᠯ᠎ᠠ ᠪᠠᠷ ᠪᠡᠶᠡᠯᠡᠭᠦᠯᠵᠦ᠂ | ᠮᠠᠯᠴᠢᠨ ᠲᠠᠷᠢᠶᠠᠴᠢᠨ ᠤ ᠠᠮᠢᠳᠣᠷᠠᠯ ᠤᠨ ᠲᠥᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠬᠦ ᠬᠡᠷᠡᠭᠳᠡᠢ᠃ ᠳᠦᠷᠪᠡ ᠳᠤ᠂ | ᠦᠭᠡᠷᠡᠴᠢᠯᠡᠯᠳᠡ ᠨᠡᠭᠡᠭᠡᠯᠳᠡ ᠪᠣᠯᠣᠨ ᠰᠢᠨ᠎ᠡ ᠶᠢ ᠡᠭᠦᠳᠦᠨ ᠬᠦᠭᠵᠢᠬᠦ ᠶᠢ ᠬᠦᠴᠦ ᠣᠷᠤᠭᠤᠯᠤᠨ ᠠᠬᠢᠭᠤᠯᠵᠣ᠂ | ᠰᠢᠨ᠎ᠡ ᠬᠦᠭᠵᠢᠯᠳᠡ ᠶᠢᠨ ᠬᠦᠳᠡᠯᠭᠡᠬᠦ ᠴᠢᠳᠠᠪᠤᠷᠢ ᠶᠢ ᠲᠥᠷᠭᠡᠨ ᠪᠣᠶᠢᠵᠢᠭᠤᠯᠤᠨ ᠪᠦᠷᠢᠯᠳᠦᠭᠦᠯᠬᠦ ᠬᠡᠷᠡᠭᠳᠡᠢ᠃ | ᠳᠠᠪᠤ ᠳᠤ᠂ ᠪᠣᠬᠢᠷᠳᠣᠯ ᠦᠭᠡᠢ ᠬᠦᠭᠵᠢᠯᠳᠡ ᠶᠢ ᠬᠦᠴᠦ ᠣᠷᠤᠭᠤᠯᠤᠨ ᠠᠬᠢᠭᠤᠯᠵᠣ᠂ ᠠᠮᠢ ᠠᠬᠤᠢ ᠶᠢ ᠵᠠᠰᠠᠨ | ᠰᠡᠷᠭᠦᠭᠡᠬᠦ᠂ ᠣᠷᠴᠢᠨ ᠲᠣᠭᠤᠷᠢᠨᠢ ᠵᠠᠰᠠᠬᠤ ᠪᠣᠯᠣᠨ ᠠᠮᠢ ᠠᠬᠤᠢ ᠶᠢᠨ ᠪᠣᠯᠪᠠᠰᠤᠨ ᠤ ᠳᠦᠷᠢᠮ ᠤᠨ | ᠪᠠᠶᠢᠭᠤᠯᠣᠯᠳᠠ ᠶᠢ ᠳᠤᠪᠤᠶᠢᠯᠭᠠᠨ ᠰᠠᠶᠢᠳᠣᠷ ᠠᠳᠬᠤᠵᠣ᠂ ᠥᠷᠭᠦᠯᠵᠢᠯᠡᠨ ᠬᠦᠭᠵᠢᠬᠦ ᠴᠢᠳᠠᠪᠣᠷᠢ ᠪᠠᠨ ᠳᠠᠰᠣᠷᠠᠯᠳᠠ | ᠦᠭᠡᠢ ᠳᠡᠭᠡᠭᠰᠢᠯᠡᠭᠦᠯᠬᠦ ᠬᠡᠷᠡᠭᠳᠡᠢ᠃ ᠵᠢᠷᠭᠤᠭ᠎ᠠ ᠳᠤ᠂ ᠠᠷᠠᠳ ᠤᠨ ᠠᠮᠢᠳᠣᠷᠠᠯ ᠢ ᠬᠦᠴᠦ ᠣᠷᠤᠭᠤᠯᠤᠨ ᠪᠠᠲᠤᠯᠠᠨ | ᠰᠠᠶᠢᠵᠢᠷᠠᠭᠤᠯᠵᠣ᠂ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠣᠯᠬᠤ᠂ ᠦᠢᠯᠡᠰ ᠪᠣᠰᠬᠠᠵᠣ ᠠᠵᠢᠯ | ᠣᠯᠭᠤᠬᠤ᠂ ᠣᠯᠠᠨ ᠲᠥᠮᠡᠨ ᠠᠮᠣᠷ ᠵᠢᠷᠭᠠᠨ ᠠᠵᠣ ᠲᠦᠷᠦᠬᠦ᠂ ᠠᠮᠣᠷ ᠠᠮᠣᠭᠤᠯᠠᠩ ᠤᠨ ᠪᠠᠶᠢᠭᠤᠯᠣᠯᠳᠠ ᠵᠡᠷᠭᠡ | ᠭᠤᠣᠯᠳᠠᠯᠭ᠎ᠠ ᠲᠠᠢ ᠠᠷᠠᠳ ᠤᠨ ᠠᠮᠢᠳᠣᠷᠠᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠣᠷ ᠠᠳᠬᠤᠵᠣ᠂ | ᠦᠨᠳᠦᠰᠦᠨ ᠣᠯᠠᠨ ᠨᠡᠶᠢᠳᠡ ᠶᠢᠨ ᠦᠢᠯᠡᠴᠢᠯᠡᠭᠡ ᠶᠢᠨ ᠬᠠᠩᠭᠠᠯᠭ᠎ᠠ ᠶᠢᠨ ᠴᠢᠳᠠᠪᠣᠷᠢ ᠪᠣᠯᠣᠨ ᠬᠢᠷᠢ ᠲᠥᠪᠰᠢᠨ ᠢ | ᠳᠠᠰᠣᠷᠠᠯᠳᠠ ᠦᠭᠡᠢ ᠳᠡᠭᠡᠭᠰᠢᠯᠡᠭᠦᠯᠬᠦ ᠬᠡᠷᠡᠭᠳᠡᠢ ᠭᠡᠵᠡᠢ᠃ | | |