| 3 ᠳ᠋ᠤᠭᠠᠷ ᠰᠠᠷ᠎ᠠ ᠶᠢᠨ 13 ᠤ ᠦᠳᠡ ᠶᠢᠨ ᠬᠤᠶᠢᠨ᠎ᠠ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯ ᠳᠤ ᠣᠷᠣᠯᠴᠠᠵᠣ ᠪᠠᠶᠢᠭ᠎ᠠ | ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠪᠦᠯᠭᠦᠮ ᠤᠨ ᠬᠤᠷᠠᠯ ᠬᠢᠵᠤ᠂ ︽ᠪᠦᠬᠦᠳᠡ ᠨᠠᠶᠢᠷᠠᠮᠳᠠᠬᠤ | ᠲᠤᠮᠳᠠᠳᠤ ᠠᠷᠠᠳ ᠤᠯᠤᠰ ᠤᠨ ᠨᠢᠭᠦᠯᠡᠰᠤᠩᠭᠦᠢ ᠶᠢᠨ ᠬᠠᠤᠯᠢ︾ ᠶᠢᠨ ᠲᠦᠰᠦᠯ ᠳᠤ ᠵᠠᠰᠠᠪᠤᠷᠢ ᠤᠷᠤᠭᠤᠯᠤᠭᠰᠠᠨ | ᠨᠤᠤᠷᠠᠭ ᠢ ᠬᠢᠨᠠᠨ ᠵᠦᠪᠯᠡᠵᠤ᠂ ᠠᠷᠠᠳ ᠤᠨ ᠲᠡᠭᠡᠳᠦ ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠪᠤᠯᠤᠨ | ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠶᠢ ᠬᠢᠨᠠᠨ ᠵᠦᠪᠯᠡᠪᠡ᠃ | ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠭᠦᠮ ᠤᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠦ᠋ᠨ ᠬᠤᠷᠠᠯ ᠡᠷᠬᠢᠯᠡᠭᠰᠡᠨ ᠪᠦᠭᠡᠳ ᠦᠭᠡ ᠬᠡᠯᠡᠪᠡ᠃ | ᠠᠷᠠᠳ ᠤᠨ ᠲᠡᠭᠡᠳᠦ ᠰᠢᠭᠦᠭᠦ ᠬᠤᠷᠢᠶ᠎ᠠ ᠶᠢᠨ ᠰᠢᠭᠦᠨ ᠲᠡᠰᠤᠯᠬᠤ ᠵᠦᠪᠯᠡᠯ ᠤᠨ ᠲᠤᠰᠬᠠᠢ ᠲᠤᠰᠢᠶᠠᠯᠳᠤ ᠭᠡᠰᠢᠭᠦᠨ | ᠯᠢᠤ ᠰᠢᠤᠸᠠᠢ ᠸᠧᠨ᠂ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠶᠢᠨ ᠲᠤᠰᠬᠠᠢ ᠲᠤᠰᠢᠶᠠᠯᠳᠤ ᠭᠡᠰᠢᠭᠦᠨ | ᠮᠦᠷᠳᠡᠭᠡᠨ ᠱᠠᠮᠰᠢᠵᠤ ᠬᠡᠭᠡᠯᠢ ᠲᠦᠯᠬᠢᠵᠦ ᠬᠠᠭ᠋ᠣᠣᠯᠢ ᠢᠳᠡᠬᠦ ᠶᠢ ᠡᠰᠡᠷᠭᠦᠴᠡᠬᠦ ᠶᠡᠷᠦᠩᠭᠡᠢ ᠲᠤᠪᠴᠢᠶ᠎ᠠ ᠶᠢᠨ ᠲᠠᠷᠤᠭ᠎ᠠ | ᠯᠦ ᠰᠢ ᠬᠤᠷᠠᠯ ᠳᠤ ᠤᠷᠤᠯᠴᠠᠨ ᠬᠢᠨᠠᠨ ᠵᠦᠪᠯᠡᠭᠰᠡᠨ ᠰᠠᠨᠠᠯ ᠢ ᠰᠤᠨᠤᠰᠴᠠᠢ᠃ | ᠸᠠᠩ ᠵᠢᠶᠦ᠋ᠨ ᠬᠡᠯᠡᠭᠰᠡᠨ ᠨᠢ᠂ ᠠᠷᠠᠳ ᠤᠨ ᠲᠡᠭᠡᠳᠦ ᠰᠢᠭᠦᠭᠦ ᠬᠤᠷᠢᠶ᠎ᠠ ᠪᠤᠯᠤᠨ ᠠᠷᠠᠳ ᠤᠨ ᠲᠡᠭᠡᠳᠦ | ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠳᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ | ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠭᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠤᠯᠤᠨ ᠲᠦᠪ ᠤᠨ ᠪᠦᠬᠦ ᠲᠠᠯ᠎ᠠ ᠪᠠᠷ ᠬᠠᠤᠯᠢ ᠪᠠᠷ | ᠤᠯᠤᠰ ᠢᠶᠠᠨ ᠵᠠᠰᠬᠠᠤ ᠡᠯ᠎ᠠ ᠵᠦᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠳᠠᠯ᠎ᠠ ᠪᠠᠷ | ᠲᠤᠤᠱᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠪᠤᠯᠤᠨ ︽ᠲᠦᠷᠪᠡᠨ | ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢᠨ ᠱᠠᠭᠠᠷᠳᠠᠯᠭ᠎ᠠ ᠶᠢ ᠬᠦᠢᠴᠡᠳ | ᠢᠯᠡᠷᠡᠭᠦᠯᠵᠤ᠂ ᠰᠢᠨ᠎ᠠ ᠶᠢ ᠡᠭᠦᠳᠬᠦ᠂ | ᠵᠤᠬᠢᠴᠠᠩᠭᠤᠢ᠂ ᠪᠤᠬᠢᠷᠳᠤᠯ ᠦᠭᠡᠢ᠂ ᠨᠡᠭᠡᠭᠡᠯᠳᠡᠳᠦ᠂ ᠬᠠᠮᠳᠤᠪᠡᠷ ᠡᠳ᠋ᠯᠡᠬᠦ ︽ᠲᠠᠪᠤᠨ ᠶᠡᠭᠡ ᠬᠦᠭᠵᠢᠯᠳᠡ ᠶᠢᠨ | ᠤᠢᠢᠯᠠᠭᠠᠭᠳᠠᠬᠤᠨ︾ ᠪᠤᠯᠤᠨ ᠨᠡᠮᠡᠭᠳᠡᠯ ᠢ ᠲᠤᠭᠳᠠᠪᠤᠷᠢᠵᠢᠭᠤᠯᠵᠤ᠂ ᠪᠦᠳᠦᠴᠡ ᠶᠢ ᠲᠤᠬᠢᠷᠠᠭᠤᠯᠬᠤ᠂ | ᠦᠭᠡᠷᠡᠴᠢᠯᠡᠯᠳᠡ ᠶᠢ ᠠᠬᠢᠭᠤᠯᠬᠤ᠂ ᠠᠷᠠᠳ ᠲᠤ ᠠᠰᠢᠭ ᠬᠦᠷᠳᠡᠭᠡᠬᠦ᠂ ᠲᠦᠭᠰᠢᠭᠦᠷᠢ ᠶᠢ ᠰᠡᠷᠭᠡᠶᠢᠯᠡᠬᠦ ᠠᠵᠢᠯ ᠤᠨ | ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠣ᠂ ᠦᠷᠬᠡᠨ ᠣᠯᠠᠨ ᠲᠦᠮᠡᠨ ᠳᠤ ᠬᠠᠤᠯᠢ | ᠶᠠᠪᠣᠭᠤᠯᠣᠭᠰᠠᠨ ᠬᠡᠷᠡᠭ ᠪᠦᠷᠢ ᠠᠴᠠ ᠡᠷᠭᠡ ᠲᠡᠭᠰᠢ ᠰᠢᠳᠣᠷᠭᠤ ᠶᠤᠰᠤ ᠶᠢ ᠮᠡᠳᠡᠭᠦᠯᠬᠦ ᠬᠠᠷᠠᠯᠳᠠ ᠱᠠᠭᠠᠷᠳᠠᠯᠭ᠎ᠠ ᠶᠢ | ᠲᠦᠪᠯᠡᠷᠡᠭᠦᠯᠦᠨ ᠳᠣᠰᠬᠠᠪᠠ᠃ ᠮᠡᠳᠡᠭᠦᠯᠦᠯᠳᠡ ᠶᠢᠨ ᠰᠡᠳᠬᠢᠴᠡ ᠲᠤᠳᠤ᠂ ᠭᠤᠤᠯ ᠰᠡᠳᠦᠪ ᠳᠣᠳᠣᠷᠬᠠᠢ᠂ ᠬᠢᠯᠡᠰ | ᠴᠢᠭ᠋ ᠲᠤᠪᠤᠶᠢᠮ᠎ᠠ᠂ ᠵᠤᠬᠢᠶᠠᠯ ᠤᠨ ᠰᠤᠷᠳᠠᠯ ᠪᠤᠷᠤᠭᠵᠢᠭᠤᠨ᠂ ᠪᠤᠰᠤᠳᠴᠢ ᠦᠨᠡᠨ ᠪᠤᠳᠠᠳᠠᠢ ᠪᠣᠯᠵᠣ᠂ ᠬᠦᠮᠦᠰ ᠤᠨ | ᠰᠡᠳᠬᠢᠯ ᠢ ᠵᠤᠷᠢᠭᠵᠢᠭᠤᠯᠣᠨᠠ᠃ ᠪᠢ ᠡᠨᠡ ᠬᠤᠶᠠᠷ ᠮᠡᠳᠡᠭᠦᠯᠦᠯᠳᠡ ᠶᠢ ᠪᠦᠷᠢᠮᠦᠰᠦᠨ ᠵᠦᠪᠰᠢᠶᠡᠷᠡᠵᠤ ᠪᠠᠶᠢᠨ᠎ᠠ ᠭᠡᠪᠡ | ᠃ | ᠸᠡᠩ ᠵᠢᠶᠦ᠋ᠨ ᠬᠡᠯᠡᠭᠰᠡᠨ ᠨᠢ᠂ ᠦᠡᠭᠭᠡᠷᠡᠭᠰᠡᠨ ᠨᠢᠭᠡ ᠵᠢᠯ ᠳᠤ ᠠᠷᠠᠳ ᠤᠨ ᠲᠡᠭᠡᠲᠦ ᠰᠢᠭᠦᠭᠦ ᠬᠤᠷᠢᠶ᠎ᠠ ᠪᠤᠯᠤᠨ | ᠠᠷᠠᠳ ᠤᠨ ᠲᠡᠭᠡᠲᠦ ᠪᠠᠶᠢᠴᠠᠭᠠᠬᠤ ᠬᠤᠷᠢᠶ᠎ᠠ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠡᠷᠡᠰ | ᠬᠠᠮᠠᠭᠠᠯᠠᠵᠦ᠂ ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠢ ᠪᠠᠳᠤᠯᠠᠵᠦ᠂ ᠠᠮᠣᠷ ᠠᠮᠣᠭᠤᠯᠠᠩ ᠲᠤᠮᠳᠠᠳᠤ | ᠤᠯᠤᠰ ᠤᠨ ᠪᠠᠶᠢᠭᠤᠯᠤᠯᠳᠠ ᠶᠢ ᠠᠬᠢᠭᠤᠯᠵᠦ᠂ ᠨᠡᠶᠢᠭᠡᠮ ᠤᠨ ᠨᠦᠯᠦᠭᠡ ᠲᠤᠰᠬᠠᠯ ᠶᠡᠭᠡ᠂ ᠤᠯᠠᠨ ᠲᠦᠮᠡᠨ ᠠᠩᠬᠠᠷᠤᠨ | ᠬᠠᠯᠠᠮᠵᠢᠯᠠᠵᠣ ᠪᠠᠶᠢᠭ᠎ᠠ ᠨᠢᠭᠡ ᠪᠦᠯᠦᠭ ᠴᠢᠬᠤᠯᠠ ᠶᠡᠭᠡ ᠬᠡᠷᠡᠭ ᠢ ᠬᠠᠤᠯᠢ ᠶᠤᠰᠤᠭᠠᠷ ᠰᠢᠢᠳᠪᠤᠷᠢᠯᠡᠵᠦ᠂ ᠦᠨᠳᠦᠰᠦᠨ | ᠬᠠᠤᠯᠢ ᠬᠠᠤᠯᠢ ᠴᠠᠭᠠᠵᠠ ᠶᠢᠨ ᠡᠷᠭᠡ ᠰᠦᠷ ᠢ ᠬᠠᠮᠠᠭᠠᠯᠠᠪᠠ︔ ᠠᠵᠦ ᠠᠬᠤᠢ ᠶᠢᠨ ᠬᠦᠭᠵᠢᠯᠳᠠ ᠶᠢᠨ ᠰᠢᠨ᠎ᠠ ᠬᠡᠪ | ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠤᠬᠢᠴᠠᠵᠦ᠂ ᠠᠵᠦ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ | ᠬᠦᠭᠵᠢᠭᠦ ᠶᠢ ᠪᠠᠳᠤᠯᠠᠵᠦ᠂ ᠡᠭᠦᠷᠭᠡ ᠴᠢᠳᠠᠪᠭᠢ ᠶᠢᠨ ᠦᠢᠯᠡᠳᠤᠯ ᠢᠶᠠᠨ ᠬᠦᠢᠴᠡᠳ ᠪᠠᠳᠠᠷᠠᠭᠤᠯᠵᠦ᠂ ᠠᠵᠦ | ᠠᠬᠤᠢ ᠶᠢᠨ ᠬᠦᠷᠢᠶᠠᠨ ᠤ ᠶᠠᠯᠠᠳᠣ ᠠᠵᠢᠯᠯᠠᠭ᠎ᠠ ᠳᠤ ᠬᠠᠤᠯᠢ ᠶᠤᠰᠤᠭᠠᠷ ᠴᠤᠬᠢᠯᠳᠠ ᠦᠭᠴᠤ᠂ ᠠᠵᠦ ᠠᠬᠤᠢ | ᠨᠡᠶᠢᠭᠡᠮ ᠤᠨ ᠬᠦᠭᠵᠢᠯᠳᠠ ᠳᠤ ᠰᠠᠶᠢᠨ ᠰᠠᠶᠢᠬᠠᠨ ᠬᠠᠤᠯᠢᠵᠢᠯ ᠤᠨ ᠤᠷᠴᠢᠨ ᠲᠤᠭᠤᠷᠢᠨ ᠢ ᠡᠭᠦᠳᠦᠨ ᠦᠭᠪᠠ︔ | ᠢᠯᠵᠢᠷᠡᠯ ᠢ ᠡᠰᠡᠷᠭᠦᠴᠠᠨ ᠠᠷᠢᠭᠤᠨ ᠴᠢᠭᠡᠴᠢ ᠶᠢ ᠡᠷᠬᠢᠮᠯᠡᠭᠦ ᠪᠠᠶᠢᠭᠤᠯᠤᠯᠳᠠ᠂ ᠢᠯᠵᠢᠷᠠᠯ ᠢ ᠰᠡᠷᠭᠡᠶᠢᠯᠡᠭᠦ ᠪᠡ | ᠴᠤᠬᠢᠯᠳᠠ ᠦᠭᠭᠦ ᠶᠢ ᠭᠤᠶᠢᠪᠢᠰᠢ ᠦᠭᠡᠢ ᠠᠬᠢᠭᠤᠯᠵᠦ᠂ ᠢᠯᠵᠢᠷᠡᠯ ᠪᠠᠶᠢᠪᠠᠯ ᠡᠷᠬᠡᠪᠰᠢ ᠵᠠᠯᠬᠠᠭᠠᠵᠣ᠂ ᠬᠡᠷᠡᠭ ᠪᠠᠶᠢᠪᠠᠯ | ᠵᠠᠪᠠᠯ ᠰᠢᠢᠳᠪᠤᠷᠢᠯᠡᠵᠦ᠂ ︽ᠪᠠᠷᠰ︾ ᠪᠠ ︽ᠢᠯᠠᠭ᠎ᠠ︾ ᠶᠢ ᠴᠤᠬᠭᠠᠷ ᠴᠤᠬᠢᠵᠦ᠂ ᠦᠷᠭᠡᠨ ᠤᠯᠠᠨ ᠲᠦᠮᠡᠨ ᠳᠤ | ᠨᠠᠮ ᠤᠨ ᠰᠤᠷᠳᠠᠯ ᠤᠨ ᠬᠤᠪᠢᠷᠠᠯᠳᠠ᠂ ᠵᠠᠰᠠᠭ ᠤᠨ ᠰᠤᠷᠳᠠᠯ ᠤᠨ ᠬᠤᠪᠢᠷᠠᠯᠳᠠ᠂ ᠨᠡᠶᠢᠭᠡᠮ ᠤᠨ ᠰᠤᠷᠳᠠᠯ ᠤᠨ | ᠬᠤᠪᠢᠷᠠᠯᠳᠠ ᠶᠢ ᠦᠨᠡᠨᠭᠦ ᠮᠡᠳᠡᠷᠡᠭᠦᠯᠪᠡ︔ ᠦᠷᠭᠡᠨ ᠤᠯᠠᠨ ᠲᠦᠮᠡᠨ ᠤ ᠬᠠᠯᠠᠮᠵᠢᠯᠠᠵᠦ ᠪᠠᠶᠢᠭ᠎ᠠ ᠵᠦᠢᠯ ᠳᠤ | ᠢᠳᠡᠪᠬᠢᠳᠠᠢ ᠬᠠᠷᠢᠭᠤᠯᠳᠠ ᠦᠭᠴᠤ᠂ ᠬᠠᠤᠯᠢ ᠶᠠᠪᠣᠭᠤᠯᠬᠤ ᠪᠠᠶᠢᠭᠤᠯᠤᠮᠵᠢ ᠶᠢᠨ ᠦᠭᠡᠷᠡᠴᠢᠯᠠᠯᠳᠠ ᠶᠢ ᠠᠬᠢᠭᠤᠯᠵᠦ᠂ | ᠲᠦᠪ ᠤᠨ ᠰᠢᠢᠳᠪᠤᠷᠢᠳᠣ ᠪᠣᠳᠣᠯᠭ᠎ᠠ ᠪᠠᠶᠢᠷᠢᠯᠠᠭᠤᠯᠤᠯᠳᠠ ᠶᠢ ᠡᠷᠡᠰ ᠲᠠᠭᠠᠵᠦ᠂ ᠡᠯ᠎ᠠ ᠵᠦᠢᠯ ᠤᠨ ᠦᠭᠡᠷᠡᠴᠢᠯᠠᠯᠳᠠ ᠶᠢ | ᠯᠠᠪᠳᠠᠭᠤᠨ ᠢᠶᠠᠷ ᠠᠬᠢᠭᠤᠯᠵᠦ᠂ ᠨᠢᠭᠡ ᠪᠦᠯᠦᠭ ᠴᠢᠬᠤᠯᠠ ᠶᠡᠭᠡ ᠦᠭᠡᠷᠡᠴᠢᠯᠠᠯᠳᠠ ᠶᠢᠨ ᠦᠷ᠎ᠠ ᠪᠦᠲᠦᠭᠡᠯ ᠤᠯᠪᠠ︔ | ᠰᠢᠭᠦᠭᠴᠢ ᠳᠣᠰᠢᠶᠠᠯᠳᠠᠨ ᠪᠤᠯᠤᠨ ᠪᠠᠶᠢᠴᠠᠭᠠᠬᠴᠢ ᠳᠣᠰᠢᠶᠠᠯᠳᠠᠨ ᠤ ᠡᠩᠨᠡᠭᠡ ᠶᠢᠨ ᠪᠠᠶᠢᠭᠤᠯᠤᠯᠳᠠ ᠶᠢ ᠦᠨᠡᠨᠭᠦ | ᠴᠢᠩᠭᠠᠳᠬᠠᠵᠦ᠂ ᠴᠬᠠᠳᠠᠭ᠎ᠠ ᠪᠠᠨ ᠴᠢᠩᠭ᠎ᠠ ᠵᠠᠰᠠᠬᠤ᠂ ᠬᠤᠷᠢᠶ᠎ᠠ ᠪᠠᠨ ᠴᠢᠩᠭ᠎ᠠ ᠬᠠᠮᠢᠶᠠᠷᠬᠤ ᠶᠢ ᠪᠠᠷᠢᠮᠳᠠᠯᠠᠵᠦ᠂ | ᠰᠢᠭᠦᠭᠴᠢ ᠳᠣᠰᠢᠶᠠᠯᠳᠠᠨ ᠪᠤᠯᠤᠨ ᠪᠠᠶᠢᠴᠠᠭᠠᠬᠴᠢ ᠳᠣᠰᠢᠶᠠᠯᠳᠠᠨ ᠤ ᠡᠩᠨᠡᠭᠡᠨ ᠤ ᠬᠡᠪ ᠪᠣᠯᠪᠠᠰᠣᠷᠠᠯ ᠢ ᠴᠢᠨᠠᠭᠰᠢᠳᠠ | ᠲᠡᠭᠡᠭᠰᠢᠯᠡᠭᠦᠯᠵᠦ᠂ ᠠᠵᠢᠯ ᠤᠨ ᠴᠢᠨᠠᠷ ᠴᠢᠨᠰᠠᠭ᠎ᠠ ᠪᠠ ᠬᠢᠷᠢ ᠲᠦᠪᠰᠢᠨ ᠢᠯᠡᠷᠭᠡᠢ ᠲᠡᠭᠡᠭᠰᠢᠯᠡᠯᠳᠡ ᠲᠠᠢ ᠪᠤᠯᠪᠠ ᠭᠡᠵᠠᠢ᠃ | | ᠸᠠᠩ ᠵᠢᠶᠦ᠋ᠨ ᠬᠡᠯᠡᠭᠰᠡᠨ ᠨᠢ᠂ 2015 ᠤᠨ ᠳᠤ ᠦᠪᠤᠷ ᠮᠤᠩᠭᠤᠯ ᠤᠨ ᠡᠯ᠎ᠠ ᠱᠠᠳᠤᠨ ᠤ ᠠᠷᠠᠳ ᠤᠨ | ᠰᠢᠭᠦᠭᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠨᠠᠮ ᠤᠨ ᠲᠦᠪ ᠬᠤᠷᠢᠶ᠎ᠠ ᠪᠠ ᠠᠷᠠᠳ ᠤᠨ ᠲᠡᠭᠡᠲᠦ ᠰᠢᠭᠦᠭᠦ | ᠬᠤᠷᠢᠶ᠎ᠠ᠂ ᠠᠷᠠᠳ ᠤᠨ ᠲᠡᠭᠡᠲᠦ ᠪᠠᠶᠢᠴᠠᠭᠠᠬᠤ ᠬᠤᠷᠢᠶ᠎ᠠ ᠵᠢᠴᠢ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠰᠢᠢᠳᠪᠤᠷᠢᠳᠣ ᠪᠣᠳᠣᠯᠭ᠎ᠠ ᠪᠠᠶᠢᠷᠢᠯᠠᠭᠤᠯᠤᠯᠳᠠ ᠶᠢ ᠭᠤᠶᠢᠪᠢᠰᠢ ᠦᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠪᠤᠳᠠᠳᠠᠢ ᠲᠠᠢ ᠪᠠᠨ ᠤᠶᠠᠯᠳᠤᠭᠤᠯᠤᠨ ᠪᠦᠲᠦᠭᠡᠯᠴᠢ ᠪᠠᠷ ᠠᠵᠢᠯ ᠢᠶᠠᠨ ᠦᠷᠨᠢᠭᠦᠯᠵᠦ᠂ | ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠵᠦ᠂ ᠦᠨᠡᠨᠭᠦ ᠠᠳᠬᠤᠨ ᠪᠤᠳᠠᠳᠠᠢ ᠠᠵᠢᠯᠯᠠᠵᠦ᠂ ᠰᠢᠭᠦᠭᠦ ᠬᠤᠷᠢᠶ᠎ᠠ ᠪᠠ | ᠪᠠᠶᠢᠴᠠᠭᠠᠬᠤ ᠬᠤᠷᠢᠶ᠎ᠠ ᠶᠢᠨ ᠡᠯ᠎ᠠ ᠵᠦᠢᠯ ᠤᠨ ᠠᠵᠢᠯ ᠪᠦᠷ ᠰᠢᠨ᠎ᠠ ᠠᠬᠢᠴᠠ ᠲᠠᠢ ᠪᠣᠯᠵᠣ ᠰᠢᠨ᠎ᠠ ᠦᠷ᠎ᠠ ᠪᠦᠲᠦᠮᠵᠢ | ᠤᠯᠵᠦ᠂ ᠰᠢᠨ᠎ᠠ ᠳᠡᠭᠳᠡᠷ ᠲᠤ ᠭᠠᠷᠴᠠᠢ᠃ ᠠᠷᠠᠳ ᠤᠨ ᠲᠠᠬᠡᠳᠤ ᠰᠢᠬᠦᠬᠦ ᠬᠤᠷᠢᠶ᠎ᠠ ᠪᠤᠯᠤᠨ ᠠᠷᠠᠳ ᠤᠨ ᠲᠠᠬᠡᠳᠤ | ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠳᠤ ᠡᠨᠡ ᠵᠢᠯ ᠤᠨ ᠠᠵᠢᠯ ᠢᠶᠠᠨ ᠨᠢᠬᠡᠨᠳᠡ ᠪᠦᠬᠦ ᠲᠠᠯ᠎ᠠ ᠪᠠᠷ | ᠪᠠᠶᠢᠷᠢᠯᠠᠭᠤᠯᠪᠠ᠃ ᠪᠦᠬᠦ ᠤᠷᠤᠨ ᠤ ᠡᠯ᠎ᠠ ᠱᠠᠳᠤᠨ ᠤ ᠨᠠᠮ ᠤᠨ ᠬᠤᠷᠢᠶ᠎ᠠ ᠪᠠ ᠡᠯ᠎ᠠ ᠱᠠᠳᠤᠨ ᠤ ᠰᠢᠭᠦᠨ ᠳᠠᠰᠣᠯᠬᠤ᠂ | ᠪᠠᠶᠢᠴᠠᠭᠠᠬᠤ ᠪᠠᠶᠢᠭᠤᠯᠤᠯᠭ᠎ᠠ ᠵᠠᠪᠠᠯ ᠬᠢᠨᠠᠮᠠᠭᠠᠢ ᠰᠤᠷᠤᠯᠴᠠᠨ ᠤᠢᠢᠯᠠᠭᠠᠵᠦ᠂ ᠠᠵᠢᠯ ᠪᠦᠷᠢ ᠶᠢ ᠬᠦᠨᠵᠡᠭᠡᠢ ᠰᠤᠳᠤᠯᠵᠦ᠂ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠮᠠᠨ ᠤ ᠤᠷᠤᠨ ᠤ ᠰᠢᠭᠦᠨ ᠲᠠᠰᠤᠯᠬᠤ ᠠᠵᠢᠯ ᠪᠠ | ᠪᠠᠶᠢᠴᠠᠭᠠᠬᠤ ᠠᠵᠢᠯ ᠤᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠨᠡᠭᠡᠭᠡᠵᠦ᠂ ᠡᠭᠡ ᠤᠯᠤᠰ ᠤᠨ ᠤᠮᠠᠷᠠᠳᠤ ᠶᠢᠨ | ᠦᠵᠡᠮᠵᠢ ᠶᠢᠨ ᠣᠷᠣᠨ ᠢ ᠨᠡᠩ ᠦᠵᠡᠰᠭᠦᠯᠠᠩᠳᠤ ᠰᠠᠶᠢᠬᠠᠨ ᠪᠣᠯᠭᠠᠨ ᠪᠦᠳᠦᠭᠡᠨ ᠪᠠᠶᠢᠭᠤᠯᠬᠤ ᠳᠤ ᠨᠡᠩ ᠶᠡᠭᠡ ᠰᠢᠨ᠎ᠡ | ᠬᠤᠪᠢ ᠨᠡᠮᠡᠷᠢ ᠦᠵᠡᠬᠦᠯᠬᠦ ᠬᠡᠷᠡᠭᠳᠡᠢ ᠬᠡᠪᠡ᠃ ᠬᠤ᠋ ᠢ ᠹᠧᠩ᠂ ᠮᠠ ᠶᠦᠩ ᠱᠧᠩ᠂ ᠬᠤᠷᠴᠠ᠂ ᠴᠠᠩ ᠵᠢᠶᠦ᠋ᠨ | ᠵᠧᠩ᠂ ᠣᠯᠠᠭᠠᠨ᠂ ᠯᠢᠶᠠᠨ ᠰᠦ᠋᠂ ᠴᠤᠭ ᠵᠡᠷᠭᠡ ᠲᠦᠯᠦᠭᠡᠯᠡᠭᠴᠢ ᠣᠷᠢᠳ ᠬᠤᠵᠢᠳ ᠦᠭᠡ ᠬᠡᠯᠡᠵᠦ᠂ ᠠᠷᠠᠳ ᠤᠨ | ᠲᠠᠬᠡᠳᠤ ᠰᠢᠬᠦᠬᠦ ᠬᠤᠷᠢᠶ᠎ᠠ ᠪᠤᠯᠤᠨ ᠠᠷᠠᠳ ᠤᠨ ᠲᠠᠬᠡᠳᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠶᠢ | ᠦᠨᠳᠦᠷ ᠦᠨᠡᠯᠡᠵᠦ᠂ ᠠᠷᠠᠳ ᠤᠨ ᠳᠡᠭᠡᠳᠦ ᠰᠢᠭᠦᠬᠦ ᠬᠤᠷᠢᠶ᠎ᠠ ᠪᠤᠯᠤᠨ ᠠᠷᠠᠳ ᠤᠨ ᠳᠡᠭᠡᠳᠦ ᠪᠠᠶᠢᠴᠠᠭᠠᠬᠤ | ᠬᠤᠷᠢᠶ᠎ᠠ ᠶᠢᠨ ᠠᠵᠢᠯ ᠢ ᠭᠦᠢᠴᠡᠳ ᠨᠣᠳᠠᠯᠠᠵᠣ᠂ ᠡᠨᠡ ᠬᠤᠶᠠᠷ ᠮᠡᠳᠡᠭᠦᠯᠦᠯᠳᠡ ᠶᠢ ᠪᠦᠷᠢᠮᠦᠰᠦᠨ ᠵᠦᠪᠰᠢᠶᠡᠷᠡᠵᠦ | ᠪᠠᠶᠢᠬᠤ ᠪᠠᠨ ᠢᠯᠡᠳᠬᠡᠭᠰᠡᠨ ᠤ ᠬᠠᠮᠳᠣ ᠠᠷᠠᠳ ᠤᠨ ᠲᠠᠬᠡᠳᠤ ᠰᠢᠬᠦᠬᠦ ᠬᠤᠷᠢᠶ᠎ᠠ ᠪᠤᠯᠤᠨ ᠠᠷᠠᠳ ᠤᠨ ᠲᠠᠬᠡᠳᠤ | ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠶᠢ ᠨᠠᠶᠢᠳᠠᠪᠣᠷᠢᠵᠢᠭᠤᠯᠬᠤ ᠳᠣᠭᠤᠷᠢᠨ ᠳᠤ ᠰᠢᠭᠦᠭᠴᠢ | ᠳᠣᠰᠢᠶᠠᠯᠳᠠᠨ ᠪᠣᠯᠣᠨ ᠪᠠᠶᠢᠴᠠᠭᠠᠭᠴᠢ ᠳᠣᠰᠢᠶᠠᠯᠳᠠᠨ ᠤ ᠳᠣᠬᠠᠢᠢᠯᠠᠭᠰᠠᠨ ᠠᠵᠢᠯ ᠤᠨ ᠪᠠᠳᠣᠯᠠᠪᠣᠷᠢ᠂ ᠦᠨᠳᠦᠰᠦᠨ | ᠱᠠᠳᠣᠨ ᠤ ᠰᠢᠭᠦᠭᠴᠢ ᠳᠣᠰᠢᠶᠠᠯᠳᠠᠨ ᠪᠤᠯᠤᠨ ᠪᠠᠶᠢᠴᠠᠭᠠᠭᠴᠢ ᠳᠣᠰᠢᠶᠠᠯᠳᠠᠨ ᠤ ᠡᠩᠨᠡᠭᠡ ᠶᠢᠨ ᠪᠠᠶᠢᠭᠤᠯᠣᠯᠳᠠ᠂ | ᠬᠠᠣᠯᠢ ᠴᠠᠭᠠᠵᠠ ᠶᠢᠨ ᠳᠠᠶᠢᠯᠪᠣᠷᠢ ᠶᠢᠨ ᠠᠵᠢᠯ ᠢ ᠴᠢᠩᠭᠠᠳᠬᠠᠬᠤ᠂ ᠦᠨᠳᠦᠰᠦᠳᠡᠨ ᠤ ᠣᠷᠣᠨ ᠤ ᠰᠢᠭᠦᠬᠦ ᠬᠤᠷᠢᠶ᠎ᠠ | ᠪᠤᠯᠤᠨ ᠪᠠᠶᠢᠴᠠᠭᠠᠬᠤ ᠬᠤᠷᠢᠶ᠎ᠠ ᠶᠢᠨ ᠠᠵᠢᠯ ᠳᠠᠬᠢ ᠵᠢᠯᠣᠭᠤᠳᠣᠯᠭ᠎ᠠ ᠳᠡᠮᠵᠢᠯᠭᠡ ᠪᠠᠨ ᠴᠢᠩᠭᠠᠳᠬᠠᠬᠤ ᠵᠡᠷᠭᠡ ᠳᠠᠯ᠎ᠠ ᠪᠠᠷ | ᠰᠠᠨᠠᠯ ᠰᠠᠨᠠᠭᠤᠯᠭ᠎ᠠ ᠳᠣᠷᠠᠳᠴᠠᠢ᠃ |