ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠬᠤᠷᠠᠯ ᠬᠢᠵᠦ ᠨᠢᠭᠦᠯᠡᠰᠦᠩᠭᠦᠶ ᠶᠢᠨ ᠬᠠᠤᠯᠢ ᠶᠢᠨ ᠲᠦᠰᠦᠯ ᠢ ᠬᠢᠨᠠᠨ ᠵᠦᠪᠯᠡᠪᠡ
ᠨᠡᠶᠢᠲᠡᠯᠡᠭᠰᠡᠨ ᠴᠠᠭ᠄
2016/3/14
     3 ᠳ᠋ᠤᠭᠠᠷ ᠰᠠᠷ᠎ᠠ ᠶᠢᠨ 11᠎ ᠤ ᠡᠳᠦᠷ ᠤᠨ ᠦᠳᠡ ᠶᠢᠨ ᠡᠮᠦᠨ᠎ᠡ᠂ ᠠᠷᠪᠠᠨ ᠬᠤᠶᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠬᠤᠷᠠᠯ ᠳᠤ ᠣᠷᠤᠯᠴᠠᠭᠰᠠᠨ ᠦᠪᠦᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠠᠭᠠᠨ ᠪᠦᠯᠬᠦᠮ ᠤᠨ ᠬᠤᠷᠠᠯ ᠬᠢᠵᠦ᠂ ᠨᠢᠭᠦᠯᠡᠰᠦᠩᠭᠦᠶ ᠶᠢᠨ ᠬᠠᠤᠯᠢ ᠶᠢᠨ ᠲᠦᠰᠦᠯ ᠢ ᠬᠢᠨᠠᠨ ᠵᠦᠪᠯᠡᠪᠡ᠃      14 ᠲᠦᠯᠦᠭᠡᠯᠡᠭᠴᠢᠳ ᠤᠷᠢᠳ ᠬᠤᠵᠢᠳ ᠶᠠᠷᠢᠶ᠎ᠠ ᠲᠠᠯᠪᠢᠵᠤ᠂ ᠪᠣᠳᠠᠲᠠᠢ ᠰᠠᠨᠠᠭᠤᠯᠭ᠎ᠠ ᠳᠤᠷᠠᠳᠪᠠ᠃ ᠤᠯᠠᠨ ᠢᠶᠠᠷ ᠢᠶᠠᠨ ᠰᠠᠨᠠᠯ ᠨᠢᠭᠡᠲᠡᠢ ᠦᠵᠡᠭᠰᠡᠨ ᠨᠢ᠂ ᠨᠢᠭᠦᠯᠡᠰᠦᠩᠭᠦᠶ ᠶᠢᠨ ᠬᠠᠤᠯᠢ ᠶᠢ ᠲᠣᠭᠲᠠᠭᠠᠬᠤ ᠪᠣᠯ ᠨᠢᠭᠦᠯᠡᠰᠦᠩᠭᠦᠶ ᠶᠢᠨ ᠦᠢᠯᠡᠰ ᠢ ᠬᠦᠭᠵᠢᠭᠦᠯᠬᠦ᠂ ᠨᠢᠭᠦᠯᠡᠰᠦᠩᠭᠦᠶ ᠶᠢᠨ ᠠᠵᠢᠯᠯᠠᠭ᠎ᠠ ᠶᠢ ᠵᠢᠷᠤᠮᠵᠢᠭᠤᠯᠬᠤ ᠶᠢᠨ ᠪᠣᠰᠤᠳᠴᠢ ᠬᠡᠷᠡᠭᠴᠡᠭᠡ ᠮᠦᠨ᠂ ᠨᠡᠶᠢᠭᠡᠮ ᠤᠨ ᠬᠦᠷᠢᠶᠡᠨ ᠤ ᠬᠠᠤᠯᠢ ᠲᠣᠭᠲᠠᠭᠠᠯᠲᠠ ᠶᠢ ᠴᠢᠩᠭᠠᠳᠬᠠᠬᠤ᠂ ᠬᠠᠤᠯᠢ ᠎ ᠪᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠯᠠᠯᠳᠠ ᠶᠢᠣᠯᠬᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠶᠢᠨ ᠴᠢᠬᠤᠯᠠ ᠪᠠᠲᠤᠯᠠᠭ᠎ᠠ ᠮᠦᠨ᠂ ᠳᠣᠮᠳᠠᠳᠣ ᠶᠢᠨ ᠦᠨᠳᠦᠰᠦᠳᠡᠨ ᠤ ᠣᠯᠠᠮᠵᠢᠯᠠᠯᠳᠣ ᠰᠢᠯᠢᠳᠡᠭ ᠰᠣᠷᠳᠠᠯ ᠢ ᠪᠠᠳᠠᠷᠠᠭᠤᠯᠵᠦ᠂ ᠨᠡᠶᠢᠭᠡᠮ ᠵᠢᠷᠣᠮ ᠤᠨ ᠭᠤᠣᠯᠯᠠᠭᠴᠢ ᠦᠷᠳᠡᠭ ᠤᠨ ᠦᠵᠡᠯᠳᠡ ᠶᠢ ᠪᠣᠢ ᠪᠣᠯᠭᠠᠨ ᠦᠢᠯᠡᠳᠦᠯᠭᠡᠵᠢᠭᠦᠯᠬᠦ ᠶᠢᠨ ᠳᠣᠳᠣᠭᠠᠳᠣ ᠱᠠᠭᠠᠷᠳᠠᠯᠭ᠎ᠠ ᠮᠦᠨ᠃ ᠨᠢᠭᠦᠯᠡᠰᠦᠩᠭᠦᠶ ᠶᠢᠨ ᠬᠠᠤᠯᠢ ᠶᠢ ᠨᠡᠶᠢᠲᠡᠯᠡᠭᠰᠡᠨ ᠨᠢ ᠨᠡᠶᠢᠭᠡᠮ ᠤᠨ ᠬᠦᠷᠢᠶᠡᠨ ᠤ ᠬᠠᠤᠯᠢ ᠲᠣᠭᠲᠠᠭᠠᠯᠲᠠ ᠶᠢᠨ ᠬᠤᠭᠤᠰᠤᠨ ᠢ ᠨᠦᠬᠦᠪᠦᠷᠢᠯᠡᠵᠦ᠂ ᠪᠡᠯᠭᠡ ᠲᠡᠮᠳᠡᠭ ᠤᠨ ᠠᠴᠢ ᠬᠤᠯᠪᠤᠭᠳᠠᠯ ᠲᠠᠢ ᠶᠤᠮ ᠭᠡᠪᠡ᠃      ᠬᠢᠨᠠᠨ ᠵᠦᠪᠯᠡᠬᠦ ᠳᠤᠮᠳᠠ᠂ ᠲᠦᠯᠦᠭᠡᠯᠡᠭᠴᠢᠳ ᠠᠴᠠ 40 ᠢᠯᠡᠭᠦᠦ ᠵᠣᠷᠪᠤᠰ ᠰᠠᠨᠠᠭᠤᠯᠭ᠎ᠠ ᠳᠤᠷᠠᠳᠪᠠ᠃ ᠵᠠᠷᠢᠮ ᠨᠢ ᠦᠭᠡ ᠦᠭᠦᠯᠡᠪᠦᠷᠢ ᠶᠢ ᠨᠢ ᠪᠣᠯᠭᠤᠭᠠᠵᠤ ᠲᠤᠩᠭᠠᠨ ᠪᠣᠳᠠᠲᠠᠢ ᠵᠦᠢᠯ ᠵᠣᠷᠪᠤᠰ ᠲᠤ ᠨᠢ ᠵᠠᠰᠠᠪᠤᠷᠢ ᠣᠷᠤᠭᠤᠯᠵᠤ᠂ ᠵᠠᠷᠢᠮ ᠨᠢ ᠨᠠᠷᠢᠨ ᠳᠦᠷᠢᠮ ᠪᠠ ᠲᠥᠷᠦ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠲᠣᠭᠲᠠᠭᠠᠬᠤ ᠶᠢ ᠰᠠᠨᠠᠭᠤᠯᠵᠤ᠂ ᠵᠠᠷᠢᠮ ᠨᠢ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠶᠢ ᠰᠠᠨᠠᠭᠤᠯᠵᠤ᠂ ᠵᠠᠷᠢᠮ ᠨᠢ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠪᠠᠨ ᠲᠦᠷᠭᠡᠨ ᠨᠡᠶᠢᠲᠡᠯᠡᠬᠦ ᠶᠢ ᠰᠠᠨᠠᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号