| 2016 ᠣᠨ ᠤ ᠬᠤᠶᠠᠷ ᠬᠤᠷᠠᠯ ᠤᠨ ᠬᠤᠭᠤᠴᠠᠭᠠᠨ ᠳᠤ᠂ ᠳᠤᠮᠳᠠᠳᠤ ᠤᠯᠤᠰ ᠤᠨ ᠡᠪ ᠬᠠᠮᠳ᠋ᠪ ᠨᠠᠮ ᠤᠨ | ᠲᠥᠪ ᠬᠤᠷᠢᠶᠠᠨ ᠤ ᠤᠯᠤᠰ ᠳᠦᠷᠤ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠳᠦᠷᠤ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠤᠷᠢᠳ ᠬᠤᠵᠢᠳ ᠤᠯᠤᠰ ᠲᠦᠷᠦ ᠶᠢᠨ ᠵᠥᠪᠯᠡᠯᠭᠡᠨ ᠤ ᠠᠵᠤ | ᠠᠬᠤᠶ᠂ ᠬᠦᠳᠡᠭᠡ ᠠᠵᠤ ᠠᠬᠤᠶ ᠶᠢᠨ ᠡᠲᠡᠭᠡᠳ ᠤᠨ ᠬᠢᠨ ᠤ ᠭᠡᠰᠢᠭᠦᠳ ᠤᠨ ᠬᠠᠮᠲᠤᠷᠠᠭᠰᠠᠨ ᠳᠤᠭᠤᠶᠢᠯᠠᠩ ᠤᠨ | ᠬᠤᠷᠠᠯ ᠤᠨ ᠶᠠᠷᠢᠯᠴᠠᠭ᠎ᠠ ᠪᠣᠯᠣᠨ ᠠᠷᠠᠳ ᠤᠨ ᠲᠥᠯᠥᠭᠡᠯᠡᠭᠴᠢᠳ ᠤᠨ 5 ᠪᠦᠯᠬᠦᠮ ᠤᠨ ᠬᠢᠨᠠᠨ ᠵᠥᠪᠯᠡᠬᠦ ᠳᠤ | ᠣᠷᠣᠯᠴᠠᠵᠤ᠂ ᠲᠥᠯᠥᠭᠡᠯᠡᠭᠴᠢ ᠭᠡᠰᠢᠭᠦᠳ ᠲᠠᠢ ᠰᠠᠨᠠᠯ ᠢᠶᠠᠨ ᠨᠢᠭᠤᠷᠲᠠᠨ ᠰᠣᠯᠢᠯᠴᠠᠪᠠ᠃ ᠡᠳᠡᠭᠡᠷ ᠰᠣᠯᠢᠯᠴᠠᠭᠠᠨ ᠤ | ᠳᠤᠮᠳᠠ᠂ ᠶᠡᠷᠦᠩᠬᠡᠶ ᠰᠠᠶᠢᠳ ᠪᠣᠯᠣᠨ ᠲᠥᠯᠥᠭᠡᠯᠡᠭᠴᠢ ᠭᠡᠰᠢᠭᠦᠳ ᠶᠠᠮᠠᠷ ᠬᠠᠯᠠᠮᠵᠢᠯ ᠠᠰᠠᠭᠤᠳᠠᠯ ᠢ ᠵᠣᠭᠤᠭᠳᠠᠵᠤ᠂ | ᠪᠠᠰᠠ ᠶᠠᠮᠠᠷ ᠶᠠᠮᠠᠷ ᠴᠢᠬᠤᠯᠠ ᠳᠣᠬᠢᠶ᠎ᠠ ᠳᠠᠮᠵᠢᠭᠤᠯᠤᠭᠰᠠᠨ ᠪᠤᠶ︖ | ᠳᠤᠮᠳᠠᠳᠤ ᠤᠯᠤᠰ ᠤᠨ ᠤᠳᠤᠷᠢᠳᠬᠤ ᠳᠠᠪᠬᠤᠷᠭ᠎ᠠ ᠪᠣᠯᠤᠨ ᠦᠨᠳᠦᠰᠦᠨ ᠱᠠᠲᠤᠨ ᠤ ᠠᠷᠠᠳ ᠤᠯᠠᠨ ᠤ | ᠰᠢᠭᠤᠳ ᠨᠡᠪᠲᠡᠷᠡᠯᠴᠡᠵᠦ ᠶᠠᠷᠢᠯᠴᠠᠬᠤ ᠨᠢᠭᠡᠨ ᠴᠢᠬᠤᠯᠠ ᠠᠷᠭ᠎ᠠ ᠵᠠᠮ ᠪᠣᠯᠬᠤ ᠬᠤᠶᠠᠷ ᠬᠤᠷᠠᠯ ᠤᠨ ᠬᠤᠭᠤᠴᠠᠭᠠᠨ ᠳᠤ | ᠤᠳᠤᠷᠢᠳᠬᠤ ᠬᠥᠮᠦᠰ ᠤᠨ ︽ᠪᠦᠯᠬᠦᠮ ᠳᠤᠭᠤᠶᠢᠯᠠᠩ︾ ᠤᠨ ᠠᠵᠢᠯᠯᠠᠭ᠎ᠠ ᠳᠤ ᠣᠷᠣᠯᠴᠠᠬᠤ ᠨᠢ ᠶᠡᠷᠦ ᠠᠴᠠ | ᠣᠯᠠᠨ ᠤ ᠠᠩᠬᠠᠷᠤᠯ ᠢ ᠶᠡᠬᠡᠳᠡ ᠲᠠᠲᠠᠵᠤ᠂ ᠭᠠᠳᠠᠭᠠᠳᠤ ᠡᠲᠡᠭᠡᠳ ᠤᠨ ᠬᠢᠨ ᠴᠦ ᠡᠭᠦᠨ ᠤ ᠳᠤᠮᠳᠠ ᠠᠴᠠ | ᠳᠤᠮᠳᠠᠳᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠠᠷᠢᠮ ᠴᠢᠬᠤᠯᠠ ᠮᠡᠳᠡᠭᠡ ᠵᠠᠩᠭᠢ ᠶᠢ ᠣᠯᠳᠠᠭ᠃ | ᠡᠨᠡ ᠵᠢᠯ ᠤᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠶ ᠰᠠᠶᠢᠳ ᠯᠢ ᠺᠧ ᠴᠢᠶᠠᠩ ᠶᠠᠭᠤᠨ ᠤ ᠡᠮᠦᠨ᠎ᠡ | ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠶ᠂ ᠬᠦᠳᠡᠭᠡ ᠠᠵᠤ ᠠᠬᠤᠶ ᠶᠢᠨ ᠡᠲᠡᠭᠡᠳ ᠤᠨ ᠬᠢᠨ ᠤ | ᠭᠡᠰᠢᠭᠦᠳ ᠤᠨ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠣᠷᠣᠯᠴᠠᠵᠤ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠲᠠᠢ ᠬᠠᠮᠲᠤ ᠲᠥᠷᠥ ᠶᠢᠨ ᠶᠠᠪᠤᠳᠠᠯ ᠢ ᠵᠥᠪᠳᠡᠯᠴᠡᠵᠦ᠂ ᠮᠦᠨᠬᠦ ᠳᠤᠮᠳᠠᠳᠤ ᠤᠯᠤᠰ ᠤᠨ ᠠᠵᠤ ᠠᠬᠤᠶ ᠶᠢ | ᠭᠤᠣᠯ ᠶᠠᠷᠢᠯᠴᠠᠪᠠ᠃ ᠯᠢ ᠺᠧ ᠴᠢᠶᠠᠩ ᠬᠡᠯᠡᠭᠰᠡᠨ ᠨᠢ᠂ ︽ᠬᠠᠰᠢᠯᠠ ᠬᠤᠷᠸ᠎ᠠ ᠠᠵᠤ ᠠᠬᠤᠶ ᠶᠢᠨ ᠲᠦᠷᠦ ᠶᠢᠨ | ᠪᠤᠳᠤᠯᠭ᠎ᠠ ᠶᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠲᠥᠰᠦᠪᠯᠡᠯ ᠢ | ᠲᠣᠭᠲᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠨ᠎ᠠ᠃ ᠡᠨᠡ | ᠵᠢᠯ ᠮᠠᠨ ᠤ ᠤᠷᠢᠳᠴᠢᠯᠠᠨ ᠲᠣᠭᠲᠠᠭᠠᠭᠰᠠᠨ ᠠᠵᠤ ᠠᠬᠤᠶ ᠶᠢᠨ ᠭᠤᠣᠯ ᠭᠦᠢᠴᠡᠳᠬᠡᠬᠦ ᠲᠤᠭ᠎ᠠ᠂ ᠢᠯᠠᠩᠭᠤᠶ᠎ᠠ ᠠᠵᠤ | ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠢ ᠳᠤ ᠪᠠᠶᠢᠯᠭᠠᠬᠤ ᠨᠢ ᠲᠡᠶᠢᠮᠦ ᠠᠮᠠᠷᠬᠠᠨ ᠶᠠᠪᠤᠳᠠᠯ ᠪᠢᠰᠢ᠂ | ᠴᠢᠨᠠᠭᠰᠢᠯᠠᠪᠠᠯ ᠨᠢᠭᠡ ᠰᠢᠷᠦᠭᠦᠨ ᠳᠠᠶᠢᠨ ᠬᠢᠬᠦ ᠪᠣᠯᠣᠨ᠎ᠠ︾ ᠭᠡᠪᠡ᠃ | ᠡᠨᠡ ᠬᠦ ︽ᠰᠢᠷᠦᠭᠦᠨ ᠳᠠᠶᠢᠨ︾ ᠳᠤ ᠢᠯᠠᠯᠲᠠ ᠤᠯᠬᠤ ᠳᠤ ᠲᠡᠶᠢᠮᠦ ᠬᠢᠯᠪᠡᠷ ᠪᠢᠰᠢ ᠶᠤᠮ᠃ ᠣᠳᠣᠬᠠᠨ ᠳᠤ | ᠳᠤᠮᠳᠠᠳᠤ ᠤᠯᠤᠰ ᠤᠨ ᠠᠵᠤ ᠠᠬᠤᠶ ᠨᠢ ᠨᠢᠭᠡᠨᠲᠡ ᠳᠡᠯᠡᠬᠡᠢ ᠨᠡᠶᠢᠲᠡ ᠶᠢᠨ ᠠᠵᠤ ᠠᠬᠤᠶ ᠳᠤ ᠠᠭᠤᠰᠤᠯᠴᠠᠵᠤ᠂ | ᠳᠡᠯᠡᠬᠡᠢ ᠨᠡᠶᠢᠲᠡ ᠶᠢᠨ ᠠᠵᠤ ᠠᠬᠤᠶ ᠶᠢᠨ ᠲᠣᠭᠲᠠᠪᠤᠷᠢᠲᠤ ᠪᠤᠰᠤ ᠬᠦᠴᠦᠨ ᠵᠦᠢᠯ ᠨᠡᠮᠡᠭᠳᠡᠬᠦ᠂ ᠥᠷᠭᠡᠨ | ᠬᠡᠷᠡᠭᠯᠡᠭᠡᠨ ᠤ ᠲᠠᠸᠠᠷ ᠤᠨ ᠦᠨ᠎ᠡ ᠬᠠᠩᠰᠢ ᠶᠡᠬᠡᠪᠡᠷ ᠪᠠᠭᠤᠷᠠᠵᠤ ᠪᠠᠶᠢᠭ᠎ᠠ ᠠᠬᠤᠶ ᠪᠠᠶᠢᠳᠠᠯ ᠤᠨ ᠳᠣᠣᠷ᠎ᠠ᠂ ᠳᠤᠮᠳᠠᠳᠤ | ᠤᠯᠤᠰ ᠥᠪᠡᠷ ᠤᠨ ᠪᠡᠶ᠎ᠡ ᠪᠠᠨ ᠰᠠᠶᠢᠨ ᠠᠪᠴᠤ ᠶᠠᠪᠤᠬᠤ ᠲᠤ ᠴᠤ ᠮᠠᠰᠢ ᠪᠡᠷᠬᠡᠲᠡᠶ ᠪᠠᠶᠢᠭ᠎ᠠ ᠶᠤᠮ᠂ ᠡᠨᠡ ᠵᠢᠯ ᠤᠨ | ᠲᠤᠯᠭᠠᠷᠠᠬᠤ ᠬᠦᠴᠢᠷ ᠪᠡᠷᠬᠡᠰᠢᠶᠡᠯ ᠨᠢ ᠨᠡᠩ ᠶᠡᠭᠡ ᠪᠣᠯᠣᠨ᠎ᠠ᠃ | ᠯᠢ ᠺᠧ ᠴᠢᠶᠠᠩ ᠤᠨ ᠦᠵᠡᠬᠦ ᠪᠠᠷ᠂ ᠳᠤᠮᠳᠠᠳᠤ ᠤᠯᠤᠰ ᠤᠨ ᠠᠵᠤ ᠠᠬᠤᠶ ᠨᠢᠭᠡᠨᠲᠡ ᠨᠢᠭᠡᠨ ᠵᠠᠩᠭᠢᠯᠠᠭ᠎ᠠ ᠶᠢᠨ | ᠦᠶ᠎ᠡ ᠳᠤ ᠬᠦᠷᠴᠦ᠂ ᠤᠯᠠᠮᠵᠢᠯᠠᠯᠲᠤ ᠬᠥᠭᠵᠢᠯᠲᠡ ᠶᠢᠨ ᠠᠷᠭ᠎ᠠ ᠮᠠᠶ᠋ᠢᠭ ᠤᠨ ᠬᠢᠵᠠᠭᠠᠷᠲᠤ ᠦᠷ᠎ᠡ ᠠᠰᠢᠭ ᠨᠢ | ᠪᠠᠭᠤᠷᠠᠵᠤ᠂ ᠢᠷᠡᠭᠡᠳᠦᠶ ᠶᠢᠨ ᠬᠥᠭᠵᠢᠯᠲᠡ ᠨᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠳᠤ ᠲᠦᠰᠢᠭᠯᠡᠵᠦ᠂ | ᠳᠤᠮᠳᠠᠳᠤ ᠤᠯᠤᠰ ᠤᠨ ᠠᠵᠤ ᠠᠬᠤᠶ ᠳᠤ ᠰᠢᠨ᠎ᠡ ᠬᠥᠳᠡᠯᠭᠡᠬᠦ ᠬᠦᠴᠦᠨ ᠬᠠᠩᠭᠠᠬᠤ ᠬᠡᠷᠡᠭᠲᠡᠶ ᠪᠠᠶᠢᠨ᠎ᠠ᠃ ᠯᠢ ᠺᠧ | ᠴᠢᠶᠠᠩ ᠬᠡᠯᠡᠭᠰᠡᠨ ᠨᠢ᠄ ︽ᠪᠢᠳᠡ ᠰᠢᠨ᠎ᠡ ᠠᠵᠤ ᠠᠬᠤᠶ ᠶᠢ ᠶᠡᠬᠡᠪᠡᠷ ᠬᠦᠭᠵᠢᠭᠦᠯᠵᠦ᠂ ᠰᠢᠨ᠎ᠡ ᠬᠠᠭᠤᠴᠢᠨ | ᠬᠦᠳᠡᠯᠭᠡᠭᠴᠢ ᠴᠢᠳᠠᠪᠬᠢ ᠶᠢᠨ ᠰᠣᠯᠢᠭᠳᠠᠯ ᠢ ᠲᠥᠷᠭᠡᠳᠬᠡᠬᠦ ᠬᠡᠷᠡᠭᠲᠡᠢ᠃ ᠪᠢᠳ᠋ᠨ ᠡᠨᠡ ᠬᠡᠳᠦᠨ ᠵᠢᠯ ᠳᠤ ᠳᠤᠮᠳᠠᠳᠤ | ᠤᠯᠤᠰ ᠤᠨ ᠪᠦᠲᠦᠭᠡᠭᠳᠡᠭᠦᠨ 2025᠂ ᠢᠨᠲ᠋ᠧᠷ ᠰᠦᠯᠵᠢᠶ᠎ᠡ +᠂ ᠬᠤᠣᠰ ᠡᠭᠦᠳᠦᠯᠲᠡ ᠵᠡᠷᠭᠡ ᠰᠢᠨ᠎ᠡ ᠠᠵᠤ | ᠠᠬᠤᠶ᠂ ᠰᠢᠨ᠎ᠡ ᠬᠦᠳᠡᠯᠭᠡᠭᠴᠢ ᠴᠢᠳᠠᠪᠬᠢ ᠶᠢᠨ ᠬᠦᠭᠵᠢᠯᠲᠡ ᠶᠢ ᠲᠦᠯᠬᠢᠨ ᠠᠬᠢᠭᠤᠯᠪᠠ᠃ ᠤᠳᠤ ᠤᠯᠠᠮᠵᠢᠯᠠᠯᠲᠤ | ᠬᠦᠳᠡᠯᠭᠡᠭᠴᠢ ᠴᠢᠳᠠᠪᠬᠢ ᠶᠢ ᠲᠠᠶᠠᠭᠳᠠᠵᠤ ᠪᠣᠯᠬᠤ ᠤᠤ︖ ᠪᠣᠯᠬᠤ ᠦᠭᠡᠢ᠂ ᠤᠯᠠᠮᠵᠢᠯᠠᠯᠲᠤ ᠬᠦᠳᠡᠯᠭᠡᠭᠴᠢ | ᠴᠢᠳᠠᠪᠬᠢ ᠶᠢ ᠦᠷᠭᠦᠯᠵᠢᠯᠡᠨ ᠪᠠᠷᠢᠮᠲᠠᠯᠠᠬᠤ᠂ ᠨᠦᠬᠦᠭᠡ ᠲᠠᠯ᠎ᠠ ᠪᠠᠷ ᠰᠢᠨ᠎ᠡ ᠬᠦᠳᠡᠯᠭᠡᠭᠴᠢ ᠴᠢᠳᠠᠪᠬᠢ ᠪᠠᠷ | ᠤᠯᠠᠮᠵᠢᠯᠠᠯᠲᠤ ᠴᠢᠳᠠᠪᠬᠢ ᠶᠢ ᠥᠭᠡᠷᠡᠴᠢᠯᠡᠬᠦ ᠶᠢ ᠳᠠᠶᠢᠴᠢᠯᠠᠬᠤ ᠬᠡᠷᠡᠭᠲᠡᠢ︾ ᠭᠡᠵᠡᠶ᠃ | ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠶ ᠰᠠᠶᠢᠳ ᠯᠢ ᠺᠧ ᠴᠢᠶᠠᠩ ᠮᠠᠰᠢ ᠤᠯᠠᠨ ᠲᠠᠯᠠᠪᠤᠷ ᠲᠤ | ︽ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ︾ ᠳᠤ | ᠲᠦᠰᠢᠭᠯᠡᠵᠦ᠂ ᠰᠢᠨ᠎ᠡ ᠠᠵᠤ ᠠᠬᠤᠶ ᠶᠢᠨ ᠵᠠᠭᠪᠤᠷᠰᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠢ | ᠪᠣᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠣᠯᠠᠨᠲᠠ ᠴᠢᠬᠤᠯᠠᠴᠢᠯᠠᠪᠠ᠃ ᠱᠠᠨᠳᠦ᠋ᠩ ᠮᠤᠵᠢ ᠶᠢᠨ | ᠲᠥᠯᠥᠭᠡᠯᠡᠭᠴᠢᠳ ᠤᠨ ᠪᠦᠯᠬᠦᠮ ᠳᠤ ᠯᠢ ᠺᠧ ᠴᠢᠶᠠᠩ ᠢᠯᠡᠳᠬᠡᠭᠰᠡᠨ ᠨᠢ᠂ ᠥᠩᠭᠡᠷᠡᠭᠰᠡᠨ ᠳᠤ ᠠᠰᠠᠷᠠᠭᠴᠢ ᠲᠠᠢ | ᠪᠠᠶᠢᠪᠠ᠂ ᠵᠠᠰᠠᠭ ᠤᠨ ᠣᠷᠳᠣᠨ ᠴᠦ ᠨᠠᠰᠤᠲᠠᠨ ᠢ ᠠᠰᠠᠷᠠᠬᠤ ᠬᠦᠷᠢᠶᠡᠯᠡᠩ ᠪᠠᠶᠢᠭᠤᠯᠵᠠᠢ᠂ ᠭᠡᠲᠡᠯ᠎ᠡ ᠨᠢᠭᠡᠨ ᠵᠦᠢᠯ ᠤᠨ | ᠡᠵᠡᠩᠨᠡᠯᠲᠡ ᠶᠢᠨ ᠬᠡᠯᠪᠡᠷᠢ ᠪᠠᠶᠢᠳᠠᠯ ᠪᠣᠯᠭᠠᠵᠤ ᠴᠢᠳᠠᠭᠰᠠᠨ ᠦᠭᠡᠢ ᠶᠤᠮ᠃ ᠤᠳᠦ ᠪᠠᠷᠢᠮᠵᠢᠶᠠᠵᠢᠭᠤᠯᠤᠭᠰᠠᠨ | ᠦᠢᠯᠡᠴᠢᠯᠡᠭᠡ ᠲᠠᠢ ᠪᠣᠯᠵᠤ᠂ ︽ᠢᠨᠲ᠋ᠧᠷ ᠰᠦᠯᠵᠢᠶ᠎ᠡ +︾ ᠲᠠᠢ ᠤᠶᠠᠯᠳᠤᠭᠤᠯᠤᠨ᠂ ᠨᠢᠭᠡᠨ ᠵᠦᠢᠯ ᠤᠨ ᠰᠢᠨ᠎ᠡ | ᠬᠡᠯᠪᠡᠷᠢ ᠶᠢᠨ ᠦᠢᠯᠡᠴᠢᠯᠡᠭᠡᠨ ᠤ ᠦᠢᠯᠡᠰ ᠪᠣᠯᠵᠠᠢ᠃ ᠡᠨᠡ ᠪᠣᠯ ᠲᠣᠮᠣ ᠠᠵᠤ ᠦᠢᠯᠡᠰ᠂ ᠠᠵᠤ ᠠᠬᠤᠶ ᠶᠢᠨ ᠰᠢᠨ᠎ᠡ | ᠬᠦᠳᠡᠯᠭᠡᠭᠴᠢ ᠴᠢᠳᠠᠪᠬᠢ ᠳᠤ ᠬᠠᠷᠢᠶᠠᠯᠠᠭᠳᠠᠨ᠎ᠠ ᠭᠡᠪᠡ᠃ ᠯᠢ ᠺᠧ ᠴᠢᠶᠠᠩ ᠬᠡᠯᠡᠭᠰᠡᠨ ᠨᠢ᠂ ︽ᠪᠢᠳᠡ ᠬᠡᠯᠪᠡᠷᠢ ᠶᠢ | ᠬᠤᠪᠢᠷᠠᠭᠤᠯᠬᠤ ᠶᠠᠪᠤᠴᠠ ᠳᠤ᠂ ᠰᠢᠨ᠎ᠡ ᠬᠡᠷᠡᠭᠴᠡᠭᠡ ᠱᠠᠭᠠᠷᠳᠠᠯᠭ᠎ᠠ ᠶᠡᠭᠡ ᠬᠡᠮᠵᠢᠶ᠎ᠡ ᠪᠠᠷ ᠴᠣᠯᠭᠤᠷᠠᠨ ᠭᠠᠷᠴᠤ᠂ | ᠬᠠᠩᠭᠠᠯᠭ᠎ᠠ ᠶᠢᠨ ᠲᠠᠯ᠎ᠠ ᠶᠢᠨ ᠥᠭᠡᠷᠡᠴᠢᠯᠡᠯᠲᠡ ᠨᠢ ᠰᠢᠨ᠎ᠡ ᠶᠢ ᠡᠭᠦᠳᠬᠦ ᠪᠠᠷ ᠳᠠᠮᠵᠢᠭᠤᠯᠤᠨ ᠰᠢᠨ᠎ᠡ ᠬᠠᠩᠭᠠᠯᠭ᠎ᠠ | ᠥᠭᠬᠦ ᠪᠣᠯᠣᠨ᠎ᠠ᠃ ᠭᠡᠷ ᠠᠬᠤᠶ ᠶᠢᠨ ᠦᠢᠯᠡᠴᠢᠯᠡᠭᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠶᠠᠭᠠᠬᠢᠭᠰᠠᠨ | ᠴᠤ ᠳᠣᠣᠷᠠᠰᠢᠶᠠᠵᠤ ᠪᠣᠯᠬᠤ ᠦᠭᠡᠢ᠂ ᠡᠳᠡᠭᠡᠷ ᠪᠣᠯ ᠥᠭᠡᠳᠡᠷᠬᠡᠭ ᠠᠵᠤ ᠦᠢᠯᠡᠰ ᠪᠣᠯᠣᠨ᠎ᠠ᠃ ᠬᠤᠵᠢᠮ ᠳᠠᠭᠠᠨ | ᠠᠵᠢᠯ ᠣᠯᠭᠤᠯᠲᠠ ᠶᠢ ᠳᠠᠶᠢᠴᠢᠯᠠᠬᠤ ᠨᠢ ᠤᠯᠠᠮᠵᠢᠯᠠᠯᠲᠤ ᠬᠦᠳᠡᠯᠭᠡᠭᠴᠢ ᠴᠢᠳᠠᠪᠬᠢ ᠶᠢᠨ ᠳᠠᠶᠢᠴᠢᠯᠠᠨ ᠠᠵᠢᠯ | ᠣᠯᠭᠤᠭᠰᠠᠨ ᠬᠥᠮᠥᠨ ᠤ ᠲᠤᠭ᠎ᠠ ᠠᠴᠠ ᠳᠠᠪᠠᠵᠤ᠂ ᠨᠡᠩ ᠣᠯᠠᠨ ᠨᠢ ᠪᠠᠰᠠ ᠨᠡᠶᠢᠭᠡᠮ ᠳᠤ ᠦᠢᠯᠡᠴᠢᠯᠡᠨ᠂ ᠵᠣᠬᠢᠬᠤ | ᠬᠡᠮᠵᠢᠶᠡᠨ ᠤ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠲᠠᠢ ᠪᠣᠯᠬᠤ ᠪᠣᠯᠣᠨ᠎ᠠ᠃ ᠪᠢᠳᠡ ᠬᠥᠭᠵᠢᠯᠲᠡ ᠶᠢ | ᠬᠠᠷᠰᠢᠯᠠᠵᠤ ᠪᠠᠶᠢᠭ᠎ᠠ ᠵᠦᠢᠯ ᠢ ᠡᠪᠳᠡᠬᠦ ᠳᠤ ᠬᠦᠷᠪᠡᠯ᠂ ᠲᠠ ᠨᠠᠷ ᠤᠨ ᠣᠯᠬᠤ ᠦᠷ᠎ᠡ ᠠᠰᠢᠭ ᠨᠢ ᠲᠣᠮᠣ ᠬᠦᠨᠳᠦ | ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠷ᠎ᠡ ᠠᠰᠢᠭ ᠠᠴᠠ ᠪᠠᠰᠠ ᠥᠨᠳᠥᠷ ᠪᠣᠯᠵᠤ ᠮᠡᠳᠡᠨ᠎ᠡ︾ | ᠭᠡᠪᠡ᠃ | ᠯᠢ ᠺᠧ ᠴᠢᠶᠠᠩ ᠴᠢᠬᠤᠯᠠᠴᠢᠯᠠᠭᠰᠠᠨ ᠨᠢ᠂ ᠬᠠᠰᠢᠯᠠ ᠥᠭᠡᠷᠡᠴᠢᠯᠡᠯᠲᠡ ᠨᠡᠭᠡᠭᠡᠯᠲᠡ ᠳᠤ ᠲᠦᠰᠢᠭᠯᠡᠨ | ᠬᠥᠭᠵᠢᠯᠲᠡ ᠶᠢ ᠠᠬᠢᠭᠤᠯᠬᠤ ᠬᠡᠷᠡᠭᠲᠡᠢ᠂ ᠢᠯᠠᠩᠭᠤᠶ᠎ᠠ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ | ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ | ᠥᠷᠭᠦᠯᠵᠢᠯᠡᠨ ᠲᠦᠯᠬᠢᠨ ᠠᠬᠢᠭᠤᠯᠵᠤ᠂ ᠠᠷᠠᠳ ᠲᠦᠮᠡᠨ ᠤ ᠳᠤᠮᠳᠠ ᠬᠠᠳᠠᠭᠠᠯᠠᠭᠳᠠᠵᠤ ᠪᠠᠶᠢᠭ᠎ᠠ ᠯᠤᠲᠤ ᠶᠡᠭᠡ | ᠠᠮᠢᠵᠢᠷᠠᠯ ᠤᠨ ᠬᠦᠴᠦᠨ ᠪᠣᠯᠣᠨ ᠪᠦᠲᠦᠭᠡᠯᠴᠢ ᠬᠦᠴᠦᠨ ᠢ ᠬᠦᠭᠵᠢᠭᠡᠨ ᠪᠠᠳᠠᠷᠠᠭᠠᠬᠤ ᠬᠡᠷᠡᠭᠲᠡᠶ ᠭᠡᠵᠡᠢ᠃ | ᠴᠦᠩᠴᠢᠩ ᠤᠨ ᠲᠥᠯᠥᠭᠡᠯᠡᠭᠴᠢᠳ ᠤᠨ ᠪᠦᠯᠬᠦᠮ ᠳᠤ ᠯᠢ ᠺᠧ ᠴᠢᠶᠠᠩ ᠬᠡᠯᠡᠭᠰᠡᠨ ᠨᠢ᠂ ︽ᠬᠠᠮᠤᠭ ᠤᠨ ᠶᠡᠭᠡ | ᠠᠮᠢᠵᠢᠷᠠᠯ ᠤᠨ ᠬᠦᠴᠦᠨ ᠬᠠᠮᠢᠭ᠎ᠠ ᠪᠠᠶᠢᠬᠤ ᠪᠤᠢ︖ ᠬᠠᠰᠢᠯᠠ ᠠᠷᠠᠳ ᠣᠯᠠᠨ ᠤ ᠳᠤᠮᠳᠠ ᠬᠠᠳᠠᠭᠠᠯᠠᠭᠳᠠᠵᠤ | ᠪᠠᠶᠢᠨ᠎ᠠ᠂ ᠠᠷᠠᠳ ᠤᠯᠠᠨ ᠢ ᠬᠡᠷᠬᠢᠨ ᠠᠮᠢᠵᠢᠷᠠᠯ ᠤᠨ ᠬᠦᠴᠦᠨ ᠲᠠᠢ ᠪᠠᠶᠢᠯᠭᠠᠬᠤ ᠪᠤᠢ︖ ᠬᠠᠰᠢᠯᠠ ᠵᠠᠰᠠᠭ ᠢ | ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ | ᠥᠭᠡᠷᠡᠴᠢᠯᠡᠯᠲᠡ ᠬᠢᠬᠦ ᠴᠢᠬᠤᠯᠠᠲᠠᠢ ᠶᠤᠮ᠃ ᠶᠠᠮᠠᠷ ᠨᠢᠭᠡᠨ ᠤᠴᠢᠷ ᠶᠠᠪᠤᠳᠠᠯ ᠬᠢᠬᠦ ᠪᠠ ᠠᠵᠤ ᠠᠬᠤᠶᠢᠯᠠᠯ ᠢ | ᠡᠷᠬᠢᠯᠡᠬᠦ ᠳᠤ ᠵᠠᠪᠠᠯ ᠨᠠᠳᠠ ᠪᠠᠷ ᠳᠠᠮᠵᠢᠪᠠᠯ ᠰᠠᠶ᠋ᠢ ᠡᠷᠬᠡ ᠮᠡᠳᠡᠯ ᠨᠢ ᠪᠡᠯᠭᠡ ᠳᠠᠮᠪᠢᠷᠠᠯ ᠲᠠᠢ ᠪᠣᠯᠴᠢᠬᠠᠬᠤ ᠪᠢᠰᠢ᠂ | ᠢᠩᠭᠢᠭᠡᠳ ᠶᠠᠭᠠᠬᠢᠵᠤ ᠪᠣᠯᠬᠤ ᠪᠤᠢ︖ ᠮᠠᠨ ᠤ ᠵᠠᠰᠠᠭ ᠤᠨ ᠣᠷᠳᠣᠨ ᠪᠣᠯ ᠠᠷᠠᠳ ᠲᠦᠮᠡᠨ ᠤ ᠲᠥᠯᠥᠭᠡ | ᠦᠢᠯᠡᠴᠢᠯᠡᠳᠡᠭ᠂ ᠡᠶᠢᠮᠦ ᠠᠴᠠ ᠵᠣᠷᠢᠭ ᠰᠢᠢᠳᠴᠦ ᠪᠠᠶᠢᠭᠠᠳ ᠦᠷᠭᠦᠯᠵᠢᠯᠡᠨ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠵᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ ᠥᠭᠡᠷᠡᠴᠢᠯᠡᠯᠲᠡ ᠶᠢ ᠠᠬᠢᠭᠤᠯᠵᠤ᠂ | ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠣᠨ ᠨᠡᠶᠢᠭᠡᠮ ᠤᠨ ᠪᠦᠲᠦᠭᠡᠯᠴᠢ ᠬᠦᠴᠦᠨ ᠢ ᠦᠷᠭᠦᠯᠵᠢᠯᠡᠨ | ᠬᠦᠭᠵᠢᠭᠡᠬᠦ ᠬᠡᠷᠡᠭᠲᠡᠢ᠂ ᠪᠠᠭᠠᠲᠤᠷ ᠡᠷ᠎ᠡ ᠪᠠᠭᠤᠤ ᠪᠠᠨ ᠴᠠᠪᠴᠢᠭᠰᠠᠨ ᠤ ᠬᠤᠶᠢᠨ᠎ᠠ ᠪᠠᠰᠠ ᠰᠢᠨ᠎ᠡ ᠭᠠᠷ ᠭᠠᠷᠴᠤ | ᠳᠤᠷ᠎ᠠ ᠪᠠᠷ ᠢᠶᠠᠨ ᠰᠠᠷᠪᠠᠯᠵᠠᠵᠤ ᠪᠣᠯᠬᠤ ᠦᠭᠡᠢ ᠭᠡᠪᠡ᠃ | ᠪᠣᠳᠠᠲᠠᠶ ᠲᠦᠷᠦ ᠶᠢᠨ ᠪᠤᠳᠤᠯᠭ᠎ᠠ ᠶᠢᠨ ᠠᠷᠭ᠎ᠠ ᠵᠠᠮ ᠤᠨ ᠲᠠᠯ᠎ᠠ ᠪᠠᠷ᠂ ᠯᠢ ᠺᠧ ᠴᠢᠶᠠᠩ ᠪᠠᠰᠠ ᠴᠢᠬᠤᠯᠠ | ᠲᠣᠭᠢᠶᠠ ᠳᠠᠮᠵᠢᠭᠤᠯᠪᠠ᠃ ᠤᠯᠤᠰ ᠲᠦᠷᠦ ᠶᠢᠨ ᠵᠥᠪᠯᠡᠯᠭᠡᠨ ᠤ ᠠᠵᠤ ᠠᠬᠤᠶ᠂ ᠬᠥᠳᠡᠭᠡ ᠠᠵᠤ ᠠᠬᠤᠶ ᠶᠢᠨ | ᠡᠲᠡᠭᠡᠳ ᠤᠨ ᠬᠢᠨ ᠤ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠡᠭᠡᠷ᠎ᠡ᠂ ᠯᠢ ᠺᠧ ᠴᠢᠶᠠᠩ ᠬᠡᠯᠡᠭᠰᠡᠨ ᠨᠢ᠂ ᠡᠨᠡ | ᠵᠢᠯ ᠤᠨ ᠡᠳ᠋ ᠤᠨ ᠵᠠᠰᠠᠭ ᠤᠨ ᠢᠳᠡᠪᠬᠢᠲᠡᠶ ᠲᠦᠷᠦ ᠶᠢᠨ ᠪᠤᠳᠤᠯᠭ᠎ᠠ ᠨᠡᠩ ᠬᠦᠴᠦᠲᠡᠶ ᠪᠣᠯᠵᠤ᠂ ᠯᠠᠪᠳᠠᠭᠤᠨ | ᠲᠣᠭᠲᠠᠭᠤᠨ ᠵᠣᠭᠤᠰᠣᠨ ᠤ ᠲᠦᠷᠦ ᠶᠢᠨ ᠪᠤᠳᠤᠯᠭ᠎ᠠ ᠶᠢ ᠴᠢᠩᠭ᠎ᠠ ᠰᠤᠯᠠ ᠶᠢ ᠲᠣᠬᠢᠷᠠᠮᠵᠢᠲᠠᠢ ᠪᠠᠶᠢᠯᠭᠠᠵᠤ᠂ | ᠬᠠᠮᠤᠭ ᠤᠨ ᠴᠢᠬᠤᠯᠠ ᠨᠢ ᠪᠣᠳᠠᠲᠤ ᠠᠵᠤ ᠠᠬᠤᠶ ᠶᠢ ᠳᠡᠮᠵᠢᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠡᠷᠡ | ᠬᠡᠯᠡᠬᠦ ᠳᠡᠭᠡᠨ᠄ ︽ᠨᠢᠳᠤᠨᠤᠨ ᠤ ᠳᠤᠮᠳᠠᠳᠤ ᠤᠯᠤᠰ ᠤᠨ ᠤᠯᠠᠭᠠᠨ ᠲᠤᠭ᠎ᠠ ᠶᠢᠨ ᠨᠤᠷᠮ᠎ᠠ ᠨᠢ ᠵᠥᠪᠬᠡᠨ 2.4% | ᠪᠠᠶᠢᠪᠠ᠂ ᠡᠨᠡ ᠵᠢᠯ ᠡᠨᠡᠬᠦ ᠲᠤᠭ᠎ᠠ ᠨᠢ ᠨᠡᠯᠢᠶᠡᠳ ᠶᠡᠭᠡ ᠬᠡᠮᠵᠢᠶ᠎ᠡ ᠪᠠᠷ ᠳᠡᠭᠡᠭᠰᠢᠯᠡᠵᠦ᠂ ᠰᠢᠨ᠎ᠡ ᠪᠠᠷ ᠨᠡᠮᠡᠭᠳᠡᠬᠦ | ᠤᠯᠠᠭᠠᠨ ᠲᠤᠭ᠎ᠠ ᠶᠢ ᠭᠤᠣᠯᠳᠠᠭᠤ ᠠᠵᠤ ᠠᠬᠤᠶᠢᠯᠠᠯ ᠤᠨ ᠭᠠᠶᠢᠯᠢ ᠬᠥᠩᠭᠡᠯᠡᠬᠦ ᠳᠤ ᠬᠡᠷᠡᠭᠯᠡᠬᠦ ᠪᠥᠭᠡᠳ ᠠᠷᠠᠳ ᠤᠨ | ᠠᠮᠢᠳᠤᠷᠠᠯ ᠢ ᠪᠠᠲᠤᠯᠠᠬᠤ ᠳᠤ ᠬᠡᠷᠡᠭᠯᠡᠨ᠎ᠡ᠃ ᠭᠠᠶᠢᠯᠢ ᠬᠥᠩᠭᠡᠯᠡᠬᠦ ᠪᠠᠷ ᠳᠠᠮᠵᠢᠭᠤᠯᠤᠨ ᠠᠵᠤ ᠠᠬᠤᠶᠢᠯᠠᠯ ᠢ ᠠᠮᠢᠳᠤ | ᠰᠣᠷᠭᠤᠭ ᠬᠦᠴᠦᠨ ᠴᠢᠳᠠᠯ ᠲᠠᠢ ᠪᠣᠯᠭᠠᠵᠤ᠂ ᠡᠭᠦᠨ ᠤ ᠤᠯᠠᠮ ᠢᠶᠠᠷ ᠠᠵᠤ ᠠᠬᠤᠶ ᠶᠢ ᠠᠮᠢᠳᠤᠯᠢᠭ ᠪᠤᠯᠭᠠᠨ᠎ᠠ︾ | ᠭᠡᠪᠡ᠃ | ᠲᠥᠯᠥᠭᠡᠯᠡᠭᠴᠢᠳ ᠭᠡᠰᠢᠭᠦᠳ ᠲᠠᠢ ᠰᠠᠨᠠᠯ ᠢᠶᠠᠨ ᠨᠢᠭᠤᠷᠲᠠᠨ ᠰᠣᠯᠢᠯᠴᠠᠬᠤ ᠳᠤᠮᠳᠠ᠂ ᠦᠨᠳᠦᠰᠦᠨ | ᠱᠠᠲᠤᠨ ᠤ ᠤᠯᠠᠨ ᠲᠦᠮᠡᠨ ᠤ ᠠᠷᠠᠳ ᠤᠨ ᠠᠮᠢᠳᠤᠷᠠᠯ ᠤᠨ ᠠᠰᠠᠭᠤᠳᠠᠯ ᠨᠢ ᠴᠤ ᠶᠡᠷᠦᠩᠬᠡᠶ ᠰᠠᠶᠢᠳ ᠤᠨ | ᠰᠠᠨᠠᠭᠠᠯᠵᠠᠭᠰᠠᠭᠠᠷ ᠢᠷᠡᠭᠰᠡᠨ ᠶᠠᠪᠤᠳᠠᠯ ᠪᠠᠶᠢᠪᠠ᠃ ᠭᠤᠸᠠᠩᠳᠦ᠋ᠩ ᠤᠨ ᠲᠥᠯᠥᠭᠡᠯᠡᠭᠴᠢᠳ ᠤᠨ ᠪᠦᠯᠬᠦᠮ ᠳᠤ᠂ ᠨᠢᠭᠡᠨ | ᠬᠦᠴᠦ ᠶᠠᠪᠤᠭᠴᠢ ᠲᠠᠷᠢᠶᠠᠴᠢᠨ ᠤ ᠳᠤᠷᠠᠳᠤᠭᠰᠠᠨ ᠰᠠᠨᠠᠭᠤᠯᠭ᠎ᠠ ᠨᠢ ᠯᠢ ᠺᠧ ᠴᠢᠶᠠᠩ ᠪᠣᠯᠤᠨ ᠲᠡᠭᠦᠨ ᠤ ᠶᠠᠷᠢᠶ᠎ᠠ ᠶᠢ | ᠡᠭᠦᠰᠬᠡᠪᠡ᠃ ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠳ᠋ᠦᠩ ᠭᠤᠸᠠᠨ ᠬᠤᠲᠠ ᠶᠢᠨ ᠷᠦᠢ ᠹᠧᠩ ᠠᠳᠠᠯ | ᠠᠬᠤᠶ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠠᠵᠢᠯᠴᠢᠨ ᠤ ᠡᠪᠯᠡᠯ ᠤᠨ ᠲᠡᠷᠢᠭᠦᠯᠡᠭᠴᠢ ᠽᠧᠩ ᠰᠢᠶᠠᠩ | ᠬᠦᠢ᠂ ᠶᠠᠷᠢᠶᠠᠨ ᠳᠠᠭᠠᠨ ᠬᠦᠴᠦ ᠶᠠᠪᠤᠭᠴᠢ ᠲᠠᠷᠢᠶᠠᠴᠢᠨ ᠳᠤ ᠨᠢᠭᠡᠨ ᠪᠦᠷᠢᠨ ᠪᠦᠲᠦᠨ ᠭᠡᠷ ᠪᠦᠯᠢ ᠪᠠᠶᠢᠭᠤᠯᠵᠤ | ᠥᠭᠪᠡᠯ ᠵᠣᠬᠢᠨ᠎ᠠ ᠭᠡᠰᠡᠨ ᠰᠠᠨᠠᠭᠤᠯᠭ᠎ᠠ ᠳᠤᠷᠠᠳᠪᠠ᠄ | ᠽᠧᠩ ᠰᠢᠶᠠᠩ ᠬᠦᠢ᠄ ᠤᠳᠤ ᠶᠢᠨ ᠬᠡᠷᠡᠭᠵᠢᠭᠦᠯᠵᠦ ᠪᠠᠶᠢᠭ᠎ᠠ ᠤᠯᠤᠰ ᠤᠨ ᠲᠥᠷᠥ ᠶᠢᠨ ᠪᠣᠳᠣᠯᠭ᠎ᠠ ᠶᠢᠨ | ᠲᠥᠯᠥᠪ ᠳᠣᠣᠷ᠎ᠠ᠂ ᠬᠦᠴᠦ ᠶᠠᠪᠤᠭᠴᠢ ᠲᠠᠷᠢᠶᠠᠴᠢᠨ ᠤ ᠭᠡᠷ ᠪᠦᠯᠢ ᠶᠢ ᠰᠠᠯᠭᠠᠵᠤ ᠪᠠᠶᠢᠭ᠎ᠠ ᠬᠠᠮᠤᠭ ᠤᠨ ᠭᠤᠣᠯ | ᠰᠢᠯᠲᠠᠭᠠᠨ ᠨᠢ ᠦᠷ᠎ᠡ ᠬᠡᠦᠬᠡᠳ ᠨᠢ ᠬᠤᠳᠠ ᠳᠤ ᠰᠤᠷᠭᠠᠭᠤᠯᠢ ᠳᠤ ᠣᠷᠣᠬᠤ ᠳᠤ ᠪᠡᠷᠬᠡ ᠪᠠᠶᠢᠭ᠎ᠠ ᠶᠠᠪᠤᠳᠠᠯ ᠪᠣᠯᠣᠨ᠎ᠠ᠃ | ᠵᠠᠰᠠᠭ ᠤᠨ ᠣᠷᠳᠣᠨ ᠳᠤ ᠤᠷᠢᠳᠠᠪᠠᠷ ᠬᠦᠴᠦ ᠶᠠᠪᠤᠭᠴᠢ ᠲᠠᠷᠢᠶᠠᠴᠢᠨ ᠤ ᠦᠷ᠎ᠡ ᠬᠡᠦᠬᠡᠳ ᠤᠨ ᠬᠤᠳᠠ ᠳᠤ ᠣᠷᠣᠵᠤ | ᠰᠤᠷᠭᠠᠭᠤᠯᠢ ᠳᠤ ᠣᠷᠣᠬᠤ ᠳᠤ ᠪᠡᠷᠬᠡ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠭᠡᠷ ᠢᠶᠠᠨ ᠰᠠᠬᠢᠵᠤ | ᠬᠤᠴᠣᠷᠤᠭᠰᠠᠨ ᠪᠦᠰᠡᠭᠦᠶᠢᠴᠦᠳ ᠢ ᠴᠦ ᠬᠠᠮᠲᠤ ᠪᠠᠷ ᠬᠤᠳᠠ ᠳᠤ ᠣᠷᠣᠭᠤᠯᠵᠤ᠂ ᠭᠡᠷ ᠪᠦᠯᠢ ᠶᠢ ᠨᠢ | ᠪᠥᠭᠡᠮᠨᠡᠷᠡᠭᠦᠯᠵᠦ ᠥᠭᠪᠡᠯ ᠵᠣᠬᠢᠨ᠎ᠠ ᠭᠡᠰᠡᠨ ᠰᠠᠨᠠᠭᠤᠯᠭ᠎ᠠ ᠳᠤᠷᠠᠳᠪᠠ᠃ | ᠯᠢ ᠺᠧ ᠴᠢᠶᠠᠩ᠄ ᠮᠠᠨ ᠤ ᠨᠢᠭᠡᠨ ᠮᠠᠰᠢ ᠶᠡᠭᠡ ᠠᠰᠠᠭᠤᠳᠠᠯ ᠪᠣᠯ ᠬᠤᠳᠠ ᠬᠥᠳᠡᠭᠡ ᠶᠢᠨ ᠣᠷᠣᠨ ᠪᠦᠰᠡ ᠶᠢᠨ | ᠬᠤᠭᠤᠷᠣᠨᠳᠣᠬᠢ ᠵᠦᠷᠢᠶ᠎ᠡ ᠲᠠᠢ ᠲᠡᠭᠰᠢ ᠪᠤᠰᠤ᠂ ᠲᠡᠩᠴᠡᠭᠦᠷᠢ ᠦᠭᠡᠢ ᠪᠠᠶᠢᠬᠤ ᠠᠰᠠᠭᠤᠳᠠᠯ ᠢ ᠠᠯᠬᠤᠮ ᠠᠯᠬᠤᠮ ᠢᠶᠠᠷ | ᠰᠢᠢᠳᠪᠦᠷᠢᠯᠡᠬᠦ ᠶᠠᠪᠤᠳᠠᠯ ᠪᠣᠯᠣᠨ᠎ᠠ᠃ ᠰᠠᠶ᠋ᠢ ᠮᠠᠨ ᠤ ᠬᠦᠴᠦ ᠶᠠᠪᠤᠭᠴᠢ ᠲᠠᠷᠢᠶᠠᠴᠢᠨ ᠤ ᠬᠡᠯᠡᠭᠰᠡᠨ ᠦᠭᠡ ᠬᠥᠮᠦᠰ ᠤᠨ | ᠰᠡᠳᠬᠢᠯ ᠳᠤ ᠶᠡᠭᠡ ᠶᠠᠭᠤᠮ᠎ᠠ ᠲᠥᠷᠥᠭᠳᠡᠭᠦᠯᠪᠡ᠂ ᠲᠠ ᠬᠦᠴᠦ ᠶᠠᠪᠤᠭᠴᠢ ᠲᠠᠷᠢᠶᠠᠴᠢᠨ ᠳᠤ ᠨᠢᠭᠡᠨ ᠪᠦᠷᠢᠨ ᠪᠦᠲᠦᠨ | ᠭᠡᠷ ᠪᠦᠯᠢ ᠪᠠᠶᠢᠭᠤᠯᠵᠤ ᠥᠭᠪᠡᠯ ᠵᠣᠬᠢᠨ᠎ᠠ ᠭᠡᠵᠦ ᠰᠠᠨᠠᠭᠤᠯᠭ᠎ᠠ ᠳᠤᠷᠠᠳᠪᠠ᠃ ᠲᠠ ᠬᠡᠦᠬᠡᠳ ᠲᠠᠢ ᠤᠤ︖ | ᠽᠧᠩ ᠰᠢᠶᠠᠩ ᠬᠦᠢ᠄ ᠪᠠᠶᠢᠨ᠎ᠠ᠃ | ᠯᠢ ᠺᠧ ᠴᠢᠶᠠᠩ᠄ ᠳᠡᠷᠭᠡᠳᠡ ᠴᠢᠨᠢ ᠠᠪᠴᠤ ᠪᠠᠶᠢᠨ᠎ᠠ ᠦᠦ︖ | ᠽᠧᠩ ᠰᠢᠶᠠᠩ ᠬᠦᠢ᠄ ᠨᠢᠭᠡ ᠥᠬᠢᠨ ᠢᠶᠠᠨ ᠳᠡᠷᠭᠡᠳᠡ ᠪᠠᠨ ᠠᠪᠴᠤ ᠪᠤᠢ᠃ | ᠯᠢ ᠺᠧ ᠴᠢᠶᠠᠩ᠄ ᠡᠷᠬᠡ ᠲᠡᠭᠰᠢ ᠰᠤᠷᠭᠠᠨ ᠬᠥᠮᠦᠵᠢᠯ ᠭᠥᠷᠳᠡᠵᠦ ᠴᠢᠳᠠᠵᠤ ᠪᠠᠶᠢᠨ᠎ᠠ ᠦᠦ︖ | ᠽᠤᠩ ᠰᠢᠶᠠᠩ ᠬᠦᠢ᠄ ᠴᠢᠳᠠᠵᠤ ᠪᠠᠶᠢᠨ᠎ᠠ᠂ ᠨᠡᠶᠢᠲᠡ ᠬᠤᠪᠢ ᠪᠠᠷ ᠳᠠᠮᠵᠢᠭᠤᠯᠤᠨ ᠲᠤᠬᠠᠶ ᠶᠢᠨ ᠭᠠᠵᠠᠷ ᠤᠨ | ᠠᠯᠪᠠᠨ ᠠᠴᠠ ᠡᠷᠬᠢᠯᠡᠭᠰᠡᠨ ᠰᠤᠷᠭᠠᠨ ᠬᠥᠮᠦᠵᠢᠯ ᠢ ᠬᠦᠷᠲᠡᠵᠦ ᠪᠠᠶᠢᠨ᠎ᠠ᠃ | ᠯᠢ ᠺᠧ ᠴᠢᠶᠠᠩ᠄ ᠲᠠᠨ ᠤ ᠬᠡᠦᠬᠡᠳ ᠨᠡᠯᠢᠶᠡᠳ ᠦᠨᠳᠦᠷ ᠬᠤᠪᠢ ᠲᠠᠢ ᠳᠠᠭᠠᠨ ᠪᠣᠯᠵᠠᠢ᠂ ᠭᠡᠲᠡᠯ᠎ᠡ ᠲᠡᠳᠡᠭᠡᠷ | ᠳᠣᠣᠷ᠎ᠠ ᠬᠤᠪᠢa ᠲᠢ ᠬᠡᠦᠬᠡᠳ ᠢ ᠶᠠᠭᠠᠬᠢᠬᠤ ᠪᠤᠢ︖ ᠦᠨᠡᠬᠡᠷ ᠢᠯᠡᠭᠦᠦ ᠪᠣᠳᠣᠬᠤ ᠬᠡᠷᠡᠭᠲᠡᠢ᠂ ᠤᠴᠢᠷ ᠨᠢ ᠲᠡᠳᠡ | ᠪᠣᠯ ᠮᠠᠨ ᠤ ᠤᠯᠤᠰ ᠤᠨ ᠢᠷᠡᠭᠡᠳᠦᠶ ᠰᠢᠦ᠃ ᠭᠤᠸᠠᠩᠳᠦ᠋ᠩ ᠡᠨᠡ ᠲᠠᠯ᠎ᠠ ᠪᠠᠷ ᠤᠯᠤᠰ ᠲᠤ ᠡᠭᠦᠷᠭᠡ ᠡᠭᠦᠷᠭᠡᠯᠡᠬᠦ | ᠬᠡᠷᠡᠭᠲᠡᠶ᠃︾ | ᠭᠡᠵᠡᠢ᠃ | ᠰᠢᠨᠵᠢᠶᠠᠩ ᠤᠨ ᠲᠥᠯᠥᠭᠡᠯᠡᠭᠴᠢᠳ ᠤᠨ ᠪᠦᠯᠬᠦᠮ ᠳᠤ᠂ ᠬᠤᠲ᠋ᠠᠨ ᠤ ᠴᠢᠷᠠ ᠰᠢᠶᠠᠨ ᠠᠴᠠ ᠢᠷᠡᠭᠰᠡᠨ | ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠮᠠᠶᠢᠠᠮᠢᠲ᠋ᠢᠢᠪᠦᠷᠸᠢᠢᠮᠦ · ᠮᠠᠶᠢᠮᠠᠶᠢᠲᠢᠮᠢᠩ ᠲᠡᠶᠢᠮᠦ ᠤᠷᠤᠰᠤᠮ᠎ᠠ | ᠪᠢᠰᠢ ᠬᠢᠲᠠᠳ ᠬᠡᠯᠡᠨ ᠪᠠᠷ ᠶᠡᠷᠦᠩᠬᠡᠶ ᠰᠠᠶᠢᠳ ᠲᠤ ᠤᠯᠤᠰ ᠠᠴᠠ ᠲᠡᠮᠦᠷ ᠵᠠᠮ ᠵᠡᠷᠭᠡ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠳᠡᠮᠵᠢᠯᠭᠡ ᠦᠵᠡᠭᠦᠯᠬᠦ ᠶᠢ ᠬᠦᠰᠡᠭᠰᠡᠨ ᠰᠠᠨᠠᠭᠤᠯᠭ᠎ᠠ ᠳᠤᠷᠠᠳᠪᠠ᠄ | ᠮᠠᠶᠢᠮᠠᠶᠢᠲ᠋ᠢᠮᠢᠩ᠄ ᠨᠤᠲᠤᠭ ᠤᠨ ᠠᠬ᠎ᠠ ᠳᠡᠭᠦᠦ ᠨᠡᠷ ᠴᠥᠮ ᠤᠯᠤᠰ ᠠᠴᠠ ᠬᠤᠲ᠋ᠠᠨ ᠠᠴᠠ ᠬᠥᠬᠡᠨᠠᠭᠤᠷ ᠤᠨ | ᠭᠤᠤᠯᠮᠤᠳ ᠲᠤ ᠬᠦᠷᠬᠦ ᠲᠡᠮᠦᠷ ᠵᠠᠮ ᠢ ᠲᠦᠷᠭᠡᠬᠡᠨ ᠵᠠᠰᠠᠵᠤ ᠥᠭᠬᠦ ᠶᠢ ᠬᠦᠰᠡᠵᠦ ᠪᠤᠢ᠂ ᠢᠩᠭᠢᠭᠰᠡᠭᠡᠷ | ᠬᠤᠲ᠋ᠠᠨ ᠠᠴᠠ ᠳᠣᠲᠣᠷ ᠭᠠᠵᠠᠷ ᠬᠦᠷᠬᠦ ᠳᠤ ᠨᠡᠩ ᠣᠶᠢᠷ᠎ᠠ ᠵᠠᠮ ᠲᠠᠢ ᠪᠣᠯᠴᠢᠬᠠᠨ᠎ᠠ᠃ ᠶᠡᠷᠦᠩᠬᠡᠢ ᠰᠠᠶᠢᠳ ᠲᠠ | ᠪᠢᠳᠡᠨ ᠳᠤ ᠡᠨᠡ ᠬᠦ ᠶᠠᠳᠠᠭᠤ ᠠᠴᠠ ᠠᠩᠭᠢᠵᠢᠷᠠᠨ ᠪᠠᠶᠠᠵᠢᠭᠤᠯᠬᠤ ᠲᠡᠮᠦᠷ ᠵᠠᠮ᠂ ᠰᠡᠳᠬᠢᠯ ᠵᠢᠷᠦᠬᠡ ᠪᠠᠨ ᠬᠤᠯᠪᠣᠭᠰᠠᠨ | ᠲᠡᠮᠦᠷ ᠵᠠᠮ᠂ ᠦᠨᠳᠦᠰᠦᠲᠡᠨ ᠤ ᠪᠦᠯᠬᠦᠮᠳᠡᠯ ᠤᠨ ᠲᠡᠮᠦᠷ ᠵᠠᠮ ᠢ ᠵᠠᠰᠠᠵᠤ ᠥᠭᠬᠦ ᠪᠣᠯᠪᠠᠤ ᠭᠡᠪᠡ᠃ | ᠯᠢ ᠺᠧ ᠴᠢᠶᠠᠩ᠄ ᠵᠠ᠂ ᠪᠢ ᠣᠶᠢᠯᠭᠠᠯ᠎ᠠ ᠭᠡᠪᠡ︕ | ᠯᠢ ᠺᠧ ᠴᠢᠶᠠᠩ ᠬᠡᠯᠡᠭᠰᠡᠨ ᠨᠢ᠂ ᠬᠥᠭᠵᠢᠯᠲᠡ ᠪᠣᠯ ᠲᠣᠭᠲᠠᠭᠤᠨ ᠤ ᠰᠠᠭᠤᠷᠢ ᠮᠥᠨ᠂ ᠲᠣᠭᠲᠠᠭᠤᠨ ᠪᠣᠯ | ᠬᠥᠭᠵᠢᠯᠲᠡ ᠶᠢᠨ ᠨᠥᠬᠦᠴᠡᠯ ᠮᠥᠨ᠂ ᠬᠥᠭᠵᠢᠭᠦᠯᠬᠦ ᠪᠠ ᠲᠣᠭᠲᠠᠭᠤᠨ ᠤ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ | ᠂ ᠦᠨᠳᠦᠰᠦᠲᠡᠨ ᠨᠦᠭᠦᠳ ᠤᠨ ᠬᠠᠮᠲᠤᠪᠠᠷ ᠪᠦᠯᠬᠦᠮᠳᠡᠨ ᠲᠡᠮᠡᠴᠡᠵᠦ᠂ ᠬᠠᠮᠲᠤᠪᠠᠷ ᠴᠡᠴᠡᠭᠯᠡᠨ ᠬᠥᠭᠵᠢᠬᠦ ᠶᠢ ᠲᠦᠯᠬᠢᠨ | ᠠᠬᠢᠭᠤᠯᠬᠤ ᠬᠡᠷᠡᠭᠲᠡᠢ ᠭᠡᠵᠡᠢ᠃ |