ᠣᠳᠣᠬᠠᠨ ᠳᠤ᠂ ᠪᠤᠭᠤᠲᠤ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ ᠲᠣᠣᠷ ᠰᠦᠯᠵᠢᠶ᠎ᠡ ᠪᠦᠬᠦᠨ ᠢ | ᠬᠠᠮᠤᠷᠬᠤ ᠶᠢ ᠨᠢᠭᠡᠨᠲᠡ ᠪᠡᠶᠡᠯᠡᠭᠦᠯᠪᠡ᠃ 6 ᠰᠠᠷ᠎ᠠ ᠭᠠᠷᠤᠶ ᠶᠢᠨ ᠪᠠᠴᠢᠮ ᠶᠠᠭᠠᠷᠠᠯᠲᠠᠶ ᠪᠦᠲᠦᠭᠡᠨ ᠪᠠᠶᠢᠭᠤᠯᠤᠯᠲᠠ ᠪᠠᠷ | ᠳᠠᠮᠵᠢᠭᠠᠳ᠂ ᠲᠦᠮᠡᠳ ᠪᠠᠷᠠᠭᠤᠨ ᠬᠤᠰᠢᠭᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠭᠦᠶᠡᠩ ᠰᠢᠶᠠᠨ᠂ | ᠪᠠᠶᠠᠨ ᠤᠪᠤᠭ᠎ᠠ ᠠᠭᠤᠷᠬᠠᠢ ᠶᠢᠨ ᠲᠤᠭᠤᠷᠢᠭ ᠪᠠ ᠰᠢᠭᠤᠶᠢᠲᠤ ᠲᠤᠭᠤᠷᠢᠭ ᠲᠠᠪᠤᠨ ᠬᠤᠰᠢᠭᠤ ᠰᠢᠶᠠᠨ ᠲᠣᠭᠤᠷᠢᠭ ᠤᠨ | ᠣᠷᠴᠢᠨ ᠲᠤᠭᠤᠷᠢᠨ ᠤ ᠠᠭᠠᠷ ᠤᠨ ᠶᠠᠰᠤ ᠴᠢᠨᠠᠷ ᠤᠨ ᠠᠦ᠋ᠲ᠋ᠣ᠋ ᠦᠷᠲᠡᠭᠡ ᠵᠠᠯᠭᠠᠭ᠎ᠠ ᠪᠠᠷ ᠪᠠᠶᠢᠭᠤᠯᠤᠭᠳᠠᠵᠤ᠂ | ᠪᠤᠭᠤᠲᠤ ᠬᠤᠳᠠ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ ᠲᠣᠣᠷ ᠰᠦᠯᠵᠢᠶ᠎ᠡ ᠪᠦᠬᠦᠨ ᠢ ᠬᠠᠮᠤᠷᠬᠤ ᠶᠢ | ᠪᠡᠶᠡᠯᠡᠭᠦᠯᠪᠡ᠃ ᠲᠠᠪᠤᠨ ᠬᠤᠰᠢᠭᠤ ᠰᠢᠶᠠᠨ ᠲᠣᠭᠤᠷᠢᠭ ᠤᠨ ᠣᠷᠴᠢᠨ ᠲᠤᠭᠤᠷᠢᠨ ᠤ ᠠᠭᠠᠷ ᠤᠨ ᠶᠠᠰᠤ ᠴᠢᠨᠠᠷ ᠤᠨ | ᠠᠦ᠋ᠲ᠋ᠣ᠋ ᠦᠷᠲᠡᠭᠡ ᠬᠢᠨᠠᠨ ᠬᠡᠮᠵᠢᠭᠰᠡᠨ ᠲᠤᠭ᠎ᠠ ᠪᠠᠷᠢᠮᠲᠠ ᠪᠠᠨ ᠨᠢᠭᠡᠨᠲᠡ ᠱᠠᠭᠠᠷᠳᠠᠯᠭ᠎ᠠ ᠶᠣᠰᠣᠭᠠᠷ᠂ ᠪᠤᠭᠤᠲᠤ | ᠬᠤᠲᠠ ᠶᠢᠨ ᠣᠷᠴᠢᠨ ᠲᠤᠭᠤᠷᠢᠨ ᠤ ᠬᠢᠨᠠᠨ ᠬᠡᠮᠵᠢᠬᠦ ᠦᠷᠲᠡᠭᠡ ᠶᠢᠨ ᠳ᠋ᠠᠶᠢᠲ᠋ᠠ ᠶᠢᠨ ᠬᠥᠮᠥᠷᠭᠡ ᠶᠢᠨ ᠦᠢᠯᠡᠴᠢᠯᠡᠭᠦᠷ | ᠲᠤ ᠬᠡᠪ ᠢᠶᠠᠷ ᠳᠠᠮᠵᠢᠭᠤᠯᠵᠤ᠂ ᠳ᠋ᠠᠶᠢᠲ᠋ᠠ ᠶᠢᠨ ᠬᠢᠨᠠᠨ ᠬᠠᠷᠭᠤᠭᠤᠯᠤᠯᠲᠠ ᠬᠢᠭᠡᠳ ᠬᠤᠳᠠ ᠶᠢᠨ ᠬᠢᠨᠠᠨ ᠬᠡᠮᠵᠢᠬᠦ | ᠥᠷᠲᠡᠭᠡᠨ ᠤ ᠳᠠᠬᠢᠨ ᠬᠢᠨᠠᠬᠤ ᠲᠣᠭᠲᠠᠴᠠ ᠶᠢᠨ ᠠᠵᠢᠯᠯᠠᠭ᠎ᠠ ᠰᠠᠶᠢᠨ ᠶᠠᠪᠤᠭᠳᠠᠵᠤ ᠪᠠᠶᠢᠨ᠎ᠠ᠃ ᠪᠤᠭᠤᠲᠤ ᠬᠤᠲᠠ ᠶᠢᠨ | ᠠᠭᠠᠷ ᠤᠨ ᠶᠠᠰᠤ ᠴᠢᠨᠠᠷ ᠢ ᠴᠠᠭ ᠲᠤᠬᠠᠶ ᠳᠤᠨᠢ ᠨᠡᠶᠢᠲᠡᠯᠡᠬᠦ ᠴᠤ᠋ ᠰᠢᠨ᠎ᠡ ᠰᠢᠰᠲ᠋ᠧᠮᠵᠢ ᠶᠢ ᠪᠠᠶᠢᠭᠤᠯᠵᠤ | ᠳᠠᠭᠤᠰᠤᠭᠰᠠᠨ ᠤ ᠳᠠᠷᠠᠭ᠎ᠠ᠂ ᠬᠤᠳᠠ ᠶᠢᠨ ᠠᠷᠠᠳ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠲᠤᠪᠴᠢᠶ᠎ᠠ ᠶᠢᠨ ᠡᠭᠦᠳᠡᠨ ᠰᠦᠯᠵᠢᠶᠡᠨ ᠤ ᠤᠢᠷᠳᠡᠭᠡ ᠵᠢᠴᠢ ᠭᠠᠷ ᠤᠲᠠᠰᠤᠨ ᠤ APP ᠵᠡᠷᠭᠡ ᠨᠡᠶᠢᠲᠡᠯᠡᠭᠰᠡᠨ | ᠦᠵᠦᠭᠦᠷ ᠢᠶᠠᠷ ᠳᠠᠮᠵᠢᠭᠤᠯᠤᠨ᠂ ᠠᠭᠠᠷ ᠤᠨ ᠶᠠᠰᠤ ᠴᠢᠨᠠᠷ ᠢ ᠴᠠᠭ ᠲᠤᠬᠠᠶ ᠳᠤᠨᠢ ᠪᠠᠶᠢᠴᠠᠭᠠᠨ ᠯᠠᠪᠯᠠᠵᠤ ᠪᠣᠯᠤᠨ᠎ᠠ᠃ |