ᠪᠡᠭᠡᠵᠢᠩ ᠱᠧᠨᠶᠠᠩ ᠢ ᠵᠠᠯᠭᠠᠬᠤ ᠲᠦᠩᠯᠢᠶᠣᠤ ᠶᠢᠨ ᠠᠶᠠᠨᠴᠢᠳ ᠤᠨ ᠳᠡᠭᠡᠳᠦ ᠬᠤᠷᠳᠤᠴᠠᠲᠤ ᠲᠤᠰᠬᠠᠶ ᠲᠡᠮᠦᠷ | ᠵᠠᠮ ᠤᠨ ᠲᠦᠷᠦᠯ ᠵᠦᠢᠯ ᠪᠤᠯ ᠤᠯᠤᠰ ᠤᠨ ᠲᠡᠰ ᠤᠨ ᠭᠤᠣᠯᠳᠠᠯᠭ᠎ᠠ ᠲᠠᠢ ᠢᠨᠵᠧᠨᠧᠷᠢᠩ ᠪᠤᠯᠤᠨ᠎ᠠ᠂ ᠡᠨᠡᠬᠦ ᠲᠦᠷᠤᠯ | ᠵᠦᠢᠯ ᠤᠨ ᠪᠠᠶᠢᠭᠤᠯᠤᠯᠲᠠ ᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢᠨ ᠣᠷᠣᠨ ᠪᠠᠶᠢᠷᠢ ᠶᠢᠨ | ᠨᠦᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠷᠬᠢᠨ ᠲᠣᠭᠤᠷᠢᠨ ᠤ ᠲᠤᠮᠤ ᠳᠤᠮᠳᠠ ᠬᠤᠳᠠ ᠪᠣᠯᠤᠨ | ᠬᠥᠭᠵᠢᠭᠰᠡᠨ ᠭᠠᠵᠠᠷ ᠣᠷᠣᠨ ᠤ ᠴᠠᠭ ᠵᠠᠢ ᠶᠢ ᠶᠡᠭᠡ ᠪᠠᠷ ᠪᠠᠭᠠᠰᠬᠠᠵᠤ᠂ ᠣᠷᠣᠨ ᠪᠦᠰᠡ ᠶᠢᠨ ᠪᠡᠯᠡ | ᠣᠷᠣᠭᠤᠯᠤᠯᠲᠠ ᠶᠢᠨ ᠣᠷᠴᠢᠨ ᠲᠤᠭᠤᠷᠢᠨ ᠢ ᠰᠠᠶᠢᠵᠢᠷᠠᠭᠤᠯᠬᠤ᠂ ᠪᠡᠯᠡ ᠣᠷᠣᠭᠤᠯᠤᠯᠲᠠ ᠶᠢᠨ ᠲᠠᠲᠠᠬᠤ ᠬᠦᠴᠦᠨ ᠢ | ᠨᠡᠮᠡᠭᠳᠡᠭᠦᠯᠬᠦ᠂ ᠪᠦᠭᠦ ᠬᠤᠰᠢᠭᠤᠨ ᠤ ᠠᠵᠤ ᠠᠬᠤᠶ ᠶᠢᠨ ᠭᠤᠣᠯ ᠰᠤᠳᠠᠰᠤ᠂ ᠬᠥᠭᠵᠢᠯᠲᠡ ᠶᠢᠨ ᠲᠦᠷᠭᠡᠨ ᠵᠠᠮ | ᠪᠤᠯᠤᠨ᠎ᠠ᠃ | ᠲᠤᠰ ᠲᠦᠷᠦᠯ ᠵᠦᠢᠯ ᠨᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠶᠢᠨ ᠬᠡᠰᠡᠭ ᠲᠠᠬᠢ 437 | ᠡᠷᠦᠬᠡ ᠭᠡᠷ ᠪᠠᠶᠢᠰᠢᠩ ᠲᠠᠲᠠᠪᠤᠷᠢᠯᠠᠬᠤ ᠳᠤ ᠬᠤᠯᠪᠤᠭᠳᠠᠨ᠎ᠠ᠃ 2016 ᠤᠨ ᠤ 3 ᠳ᠋ᠤᠭᠠᠷ ᠰᠠᠷ᠎ᠠ ᠶᠢᠨ 5 ᠤ ᠡᠳᠦᠷ | ᠪᠤᠯᠲᠠᠯ᠎ᠠ᠂ ᠨᠢᠭᠡᠨᠲᠡ 314 ᠬᠤᠪᠢ ᠠᠩᠬ᠎ᠠ ᠦᠨᠡᠯᠡᠯᠲᠡ ᠶᠢᠨ ᠮᠡᠳᠡᠭᠦᠯᠦᠯᠲᠡ ᠶᠢ ᠪᠡᠶᠡᠯᠡᠭᠦᠯᠵᠡᠢ᠂ ᠡᠭᠦᠨ ᠳᠤ᠂ | ᠬᠤᠯᠪᠤᠭᠠᠯᠠᠨ ᠲᠠᠭᠠᠴᠢᠯᠠᠬᠤ ᠨᠢᠭᠡᠴᠡ ᠳᠤ 314 ᠬᠤᠪᠢ ᠪᠠᠭᠤᠯᠭᠠᠵᠤ᠂ ᠲᠠᠲᠠᠪᠤᠷᠢᠯᠠᠭᠳᠠᠭᠰᠠᠨ ᠡᠷᠦᠬᠡ ᠳᠤ 305 | ᠬᠤᠪᠢ ᠬᠦᠷᠭᠡᠪᠡ︔155 ᠡᠷᠦᠬᠡ ᠦᠨᠡᠯᠡᠯᠲᠡ ᠶᠢ ᠳᠠᠬᠢᠨ ᠬᠢᠨᠠᠪᠠ︔ ᠠᠯᠪᠠᠨ ᠶᠣᠰᠣᠭᠠᠷ ᠦᠨᠡᠯᠡᠭᠰᠡᠨ | ᠮᠡᠳᠡᠭᠦᠯᠦᠯᠲᠡ ᠶᠢ 225 ᠡᠷᠦᠬᠡ ᠳᠤ ᠬᠦᠷᠭᠡᠪᠡ᠂ ᠡᠭᠦᠨ ᠳᠤ᠂ ᠬᠤᠯᠪᠤᠭᠠᠯᠠᠨ ᠳᠠᠭᠠᠭᠠᠴᠢᠯᠠᠭᠰᠠᠨ ᠨᠢᠭᠡᠴᠡ ᠳᠤ | 225 ᠬᠤᠪᠢ ᠪᠠᠭᠤᠯᠭᠠᠵᠤ᠂ ᠲᠠᠲᠠᠪᠤᠷᠢᠯᠠᠭᠳᠠᠭᠰᠠᠨ ᠡᠷᠦᠬᠡ ᠳᠤ 197 ᠬᠤᠪᠢ ᠬᠦᠷᠭᠡᠪᠡ︔ 95 ᠡᠷᠤᠬᠡ ᠲᠠᠢ | ᠬᠡᠯᠡᠯᠴᠡᠭᠡᠷ ᠲᠣᠭᠲᠠᠭᠠᠵᠤ᠂ ᠭᠡᠷ᠎ᠡ ᠲᠣᠭᠲᠠᠬᠤ ᠨᠤᠷᠮ᠎ᠠ ᠨᠢ 42% ᠲᠤ ᠬᠦᠷᠴᠡᠢ᠃ |