3 ᠳ᠋ᠤᠭᠠᠷ ᠰᠠᠷ᠎ᠠ ᠶᠢᠨ 8 ᠤ ᠡᠳᠦᠷ᠂ ᠪᠦᠬᠦ ᠣᠷᠣᠨ ᠤ ᠬᠢᠯᠢ ᠪᠠᠷ ᠣᠷᠣᠭᠤᠯᠵᠤ ᠭᠠᠷᠭᠠᠬᠤ ᠠᠮᠢᠲᠠᠨ | ᠤᠷᠭᠤᠮᠠᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠠᠵᠢᠯ ᠤᠨ ︵ᠬᠠᠷᠠᠭᠠᠨ ᠳᠠᠪᠲᠠᠮᠵᠢᠲᠤ︶ ᠬᠤᠷᠠᠯ | ᠬᠥᠬᠡᠬᠤᠲᠠ ᠳᠤ ᠬᠤᠷᠠᠯᠳᠤᠵᠤ᠂ ᠬᠤᠷᠠᠯ ᠳᠤ ᠪᠦᠬᠦ ᠤᠯᠤᠰ ᠤᠨ ᠠᠮᠢᠲᠠᠨ ᠤᠷᠭᠤᠮᠠᠯ ᠤᠨ ᠬᠢᠵᠢᠭ ᠪᠠᠶᠢᠴᠠᠭᠠᠬᠤ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ | ᠳᠠᠷᠤᠭ᠎ᠠ ᠰᠡᠴᠡᠨᠬᠦᠦ ᠬᠤᠷᠠᠯ ᠳᠡᠭᠡᠷ᠎ᠡ ︽ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠰᠠᠨᠠᠭᠠᠴᠢᠯᠠᠭ᠎ᠠ ᠠᠴᠠ ᠪᠠᠨ | ᠠᠵᠢᠯᠯᠠᠵᠤ᠂ ᠥᠪᠥᠷ ᠮᠣᠩᠭᠤᠯ ᠤᠨ ᠠᠮᠢᠲᠠᠨ ᠤᠷᠭᠤᠮᠠᠯ ᠤᠨ ᠬᠢᠵᠢᠭ ᠪᠠᠶᠢᠴᠠᠭᠠᠬᠤ ᠠᠵᠢᠯ ᠤᠨ ᠰᠢᠨ᠎ᠡ | ᠬᠠᠭᠤᠳᠠᠰᠤ ᠶᠢ ᠬᠦᠴᠦᠯᠡᠨ ᠨᠡᠬᠡᠬᠡᠶᠡ︾ ᠭᠡᠰᠡᠨ ᠠᠵᠢᠯ ᠤᠨ ᠢᠯᠡᠳᠭᠡᠯ ᠬᠢᠪᠡ᠃ | ᠳᠡᠳ᠋ ᠲᠣᠪᠴᠢᠶᠠᠨ ᠳᠠᠷᠤᠭ᠎ᠠ ᠰᠡᠴᠡᠨᠬᠦᠦ ᠢᠯᠡᠳᠭᠡᠯ ᠳᠡᠭᠡᠨ ︽12᠂ 5︾ ᠵᠢᠴᠢ 2015 ᠣᠨ ᠤ ᠪᠦᠬᠦ | ᠣᠷᠣᠨ ᠤ ᠠᠮᠢᠲᠠᠨ ᠤᠷᠭᠤᠮᠠᠯ ᠤᠨ ᠬᠢᠵᠢᠭ ᠪᠠᠶᠢᠴᠠᠭᠠᠬᠤ ᠠᠵᠢᠯ ᠢ ᠡᠷᠭᠢᠴᠡᠭᠦᠯᠦᠨ ᠳ᠋ᠦᠩᠨᠡᠵᠦ᠂ ᠣᠳᠣᠬᠠᠨ ᠳᠤ | ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠪᠠ ᠰᠢᠨ᠎ᠡ ᠦᠷᠢᠰᠦᠯᠳᠦᠭᠡᠨ ᠢ ᠵᠠᠳᠠᠯᠤᠨ᠂ ᠠᠵᠢᠯ ᠤᠨ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠢᠭᠠᠨ ᠭᠠᠷᠭᠠᠵᠤ᠂ ︽13 · 5︾ ᠶᠢᠨ ᠪᠦᠬᠦ ᠣᠷᠣᠨ ᠤ | ᠠᠮᠢᠲᠠᠨ ᠤᠷᠭᠤᠮᠠᠯ ᠤᠨ ᠬᠢᠵᠢᠭ ᠪᠠᠶᠢᠴᠠᠭᠠᠬᠤ ᠠᠵᠢᠯ ᠤᠨ ᠶᠡᠷᠦᠩᠬᠡᠶ ᠰᠡᠳᠬᠢᠮᠵᠢ ᠶᠢ ᠳᠤᠷᠠᠳᠴᠤ᠂ 2016 ᠣᠨ ᠤ | ᠠᠮᠢᠲᠠᠨ ᠤᠷᠭᠤᠮᠠᠯ ᠤᠨ ᠬᠢᠵᠢᠭ ᠪᠠᠶᠢᠴᠠᠭᠠᠬᠤ ᠭᠤᠣᠯᠳᠠᠯᠭᠠᠲᠤ ᠠᠵᠢᠯ ᠢ ᠪᠠᠶᠢᠷᠢᠯᠠᠭᠤᠯᠤᠨ ᠲᠣᠬᠢᠷᠠᠭᠤᠯᠪᠠ᠃ | ᠳᠡᠳ᠋ ᠲᠣᠪᠴᠢᠶᠠᠨ ᠳᠠᠷᠤᠭ᠎ᠠ ᠰᠡᠴᠡᠨᠬᠦᠦ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ 2015 ᠣᠨ ᠳᠤ | ᠪᠦᠬᠦ ᠣᠷᠣᠨ ᠤ ᠠᠮᠢᠲᠠᠨ ᠤᠷᠭᠤᠮᠠᠯ ᠤᠨ ᠬᠢᠵᠢᠭ ᠪᠠᠶᠢᠴᠠᠭᠠᠬᠤ ᠠᠵᠢᠯ ᠤᠨ ᠪᠠᠶᠢᠷᠢᠨ ᠳᠡᠭᠡᠷᠡᠬᠢ ᠥᠷᠭᠡᠨ ᠣᠯᠠᠨ | ᠺᠠᠳ᠋ᠷ ᠠᠵᠢᠯᠲᠠᠨ ᠠᠵᠢᠯᠴᠢᠨ ᠰᠢᠨ᠎ᠡ ᠬᠡᠪ ᠪᠠᠶᠢᠳᠠᠯ ᠳᠤ ᠢᠳᠡᠪᠬᠢᠲᠡᠶ ᠪᠠᠷ ᠵᠣᠬᠢᠴᠠᠨ᠂ ᠡᠭᠦᠷᠭᠡ ᠲᠤᠰᠢᠶᠠᠯ ᠢᠶᠠᠨ | ᠬᠢᠴᠢᠶᠡᠩᠭᠦ᠋ᠢᠯᠡᠨ ᠭᠦᠢᠴᠡᠳᠬᠡᠵᠦ᠂ ᠯᠠᠪᠳᠠᠭᠤᠨ ᠪᠠᠲᠤᠲᠠᠶ ᠠᠵᠢᠯᠯᠠᠨ᠂ ᠤᠯᠤᠰ ᠤᠨ ᠡᠭᠦᠳᠡᠨ ᠤ ᠠᠮᠢᠳᠤ ᠪᠣᠳᠠᠰ ᠤᠨ | ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ ᠠᠩᠬ᠎ᠠ ᠠᠯᠬᠤᠮ ᠤᠨ | ᠠᠮᠵᠢᠯᠲᠠ ᠣᠯᠵᠤ᠂ ᠠᠮᠢᠳᠡᠠ ᠤᠷᠭᠤᠮᠠᠯ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠢ ᠬᠢᠨᠠᠨ | ᠬᠠᠮᠢᠶᠠᠷᠬᠤ ᠰᠢᠰᠲ᠋ᠧᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ | ᠠᠵᠤ ᠠᠬᠤᠶ ᠠᠷᠠᠯᠵᠢᠶᠠᠨ ᠤ ᠬᠥᠭᠵᠢᠯᠲᠡ ᠳᠤ ᠦᠢᠯᠡᠴᠢᠯᠡᠨ ᠰᠢᠨ᠎ᠡ ᠰᠢᠪᠲᠤᠯᠤᠯᠲᠠ ᠭᠠᠷᠭᠠᠵᠤ᠂ ᠠᠵᠢᠯ ᠤᠨ | ᠲᠦᠷᠢᠮ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠲᠤᠰ ᠪᠡᠶ᠎ᠡ ᠶᠢᠨ ᠴᠢᠳᠠᠪᠤᠷᠢ ᠪᠠᠨ ᠲᠠᠰᠤᠷᠠᠯᠲᠠ ᠦᠭᠡᠢ | ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠦᠷᠨᠢᠭᠦᠯᠦᠨ᠂ ᠢᠯᠡᠳᠲᠡ ᠦᠷ᠎ᠡ ᠪᠦᠲᠦᠮᠵᠢ | ᠣᠯᠪᠡ ᠭᠡᠵᠡᠢ᠃ | 2016 ᠣᠨ ᠤ ᠪᠦᠬᠦ ᠣᠷᠣᠨ ᠤ ᠠᠮᠢᠲᠠᠨ ᠤᠷᠭᠤᠮᠠᠯ ᠤᠨ ᠬᠢᠵᠢᠭ ᠪᠠᠶᠢᠴᠠᠭᠠᠬᠤ ᠠᠵᠢᠯ ᠤᠨ ᠶᠡᠷᠦᠩᠬᠡᠶ | ᠰᠡᠳᠬᠢᠴᠡ ᠪᠠ ᠱᠠᠭᠠᠷᠳᠠᠯᠭ᠎ᠠ ᠪᠣᠯ᠄ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠶᠡᠷᠦᠩᠬᠡᠶ ᠲᠣᠪᠴᠢᠶ᠎ᠠ ᠪᠠ | ᠪᠥᠬᠦ ᠣᠷᠣᠨ ᠤ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠬᠤᠶᠠᠷ ᠦᠰᠦᠭ ᠤᠨ ᠴᠢᠭᠯᠡᠯᠲᠡ︾ ᠶᠢ ᠡᠷᠡᠰ | ᠭᠤᠶᠢᠪᠢᠰᠢ ᠦᠭᠡᠢ ᠪᠠᠷ ᠲᠤᠤᠱᠠᠯᠠᠭᠤᠯᠤᠨ᠂ ᠶᠠᠰᠤ ᠴᠢᠨᠠᠷ ᠢᠶᠠᠷ ᠦᠨᠳᠦᠰᠦ ᠪᠣᠯᠭᠠᠬᠤ᠂ ᠠᠮᠤᠷ ᠲᠥᠪᠰᠢᠨ ᠢ | ᠲᠡᠷᠢᠭᠦᠨ ᠳᠤ ᠲᠠᠯᠪᠢᠬᠤ᠂ ᠥᠭᠡᠷᠡᠴᠢᠯᠡᠯᠲᠡ ᠶᠢ ᠤᠷᠢᠳᠠᠭᠤᠯᠬᠤ ᠶᠢ ᠪᠠᠷᠢᠮᠳᠠᠯᠠᠵᠤ᠂ ︽ᠲᠠᠯᠪᠢᠬᠤ᠂ ᠬᠠᠮᠢᠶᠠᠷᠬᠤ᠂ | ᠦᠢᠯᠡᠴᠢᠯᠡᠬᠦ︾ ᠶᠢ ᠣᠷᠭᠠᠨᠢᠭ ᠢᠶᠠᠷ ᠤᠶᠠᠯᠳᠤᠭᠤᠯᠤᠨ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠦ᠂ | ᠤᠯᠤᠰ ᠤᠨ ᠡᠭᠦᠳᠡᠨ ᠤ ᠠᠮᠢᠳᠤ ᠪᠣᠳᠠᠰ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠠᠬᠢᠭᠤᠯᠤᠨ᠂ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠤᠯᠤᠰ ᠤᠨ ︽ | ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠪᠠ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ | ᠳᠤ ᠦᠢᠯᠡᠴᠢᠯᠡᠨ᠂ ︽13 · 5︾ ᠶᠢᠨ ᠬᠤᠭᠤᠴᠠᠭᠠᠨ ᠳᠤ ᠬᠢᠯᠢ ᠪᠠᠷ ᠣᠷᠣᠭᠤᠯᠵᠤ ᠭᠠᠷᠭᠠᠬᠤ ᠠᠮᠢᠲᠠᠨ | ᠤᠷᠭᠤᠮᠠᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠦᠢᠯᠡᠰ ᠢ ᠲᠦᠷᠭᠡᠨ ᠪᠥᠭᠡᠳ ᠡᠷᠡᠭᠦᠯ ᠢᠶᠠᠷ | ᠬᠦᠭᠵᠢᠭᠦᠯᠬᠦ ᠳᠤ ᠰᠠᠶᠢᠨ ᠰᠠᠶᠢᠬᠠᠨ ᠰᠠᠭᠤᠷᠢ ᠲᠠᠯᠪᠢᠵᠤ ᠥᠭᠬᠦ ᠶᠠᠪᠤᠳᠠᠯ ᠪᠣᠯᠤᠨ᠎ᠠ᠃ | ᠳᠡᠳ᠋ ᠲᠣᠪᠴᠢᠶᠠᠨ ᠳᠠᠷᠤᠭ᠎ᠠ ᠰᠡᠴᠡᠨᠬᠦᠦ ᠴᠢᠬᠤᠯᠠᠴᠢᠯᠠᠭᠰᠠᠨ ᠨᠢ᠂ 2016 ᠣᠨ ᠤ ᠠᠮᠢᠲᠠᠨ ᠤᠷᠭᠤᠮᠠᠯ ᠤᠨ | ᠬᠢᠵᠢᠭ ᠪᠠᠶᠢᠴᠠᠭᠠᠬᠤ ᠠᠵᠢᠯ ᠤᠨ ᠲᠠᠯ᠎ᠠ ᠪᠠᠷ ᠨᠢᠭᠡ ᠳᠤ ᠤᠯᠤᠰ ᠤᠨ ᠡᠭᠦᠳᠡᠨ ᠤ ᠠᠮᠢᠳᠤ ᠪᠣᠳᠠᠰ ᠤᠨ ᠠᠮᠤᠷ | ᠲᠦᠪᠰᠢᠨ ᠢ ᠪᠠᠶᠢᠴᠠᠭᠠᠨ ᠰᠢᠯᠭᠠᠬᠤ ᠲᠣᠭᠲᠠᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠤᠮᠠᠷᠠᠲᠤ ᠣᠷᠣᠨ ᠤ ᠤᠯᠤᠰ ᠤᠨ ᠡᠭᠦᠳᠡᠨ ᠤ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠬᠤ | ᠬᠡᠷᠡᠭᠲᠡᠢ︔ ᠬᠤᠶᠠᠷ ᠲᠤ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ | ᠪᠦᠲᠦᠭᠡᠭᠳᠡᠬᠦᠨ ᠤ ︽ᠴᠢᠨᠠᠷ ᠰᠠᠶᠢᠲᠠᠢ ᠶᠢ ᠨᠢ ᠣᠷᠤᠭᠤᠯᠵᠤ ᠭᠠᠷᠭᠠᠬᠤ︾ ᠶᠢ ᠠᠬᠢᠭᠤᠯᠬᠤ ᠬᠡᠷᠡᠭᠲᠡᠢ︔ ᠭᠤᠷᠪᠠ ᠳᠤ | ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠢᠲᠠᠨ ᠤᠷᠭᠤᠮᠠᠯ ᠤᠨ ᠬᠢᠵᠢᠭ | ᠪᠠᠶᠢᠴᠠᠭᠠᠬᠤ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠬᠦ ᠬᠡᠷᠡᠭᠲᠡᠢ︔ ᠲᠦᠷᠪᠡ ᠳᠤ ᠤᠯᠤᠰ ᠤᠨ ︽ᠨᠢᠭᠡ | ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠳᠤ ᠪᠦᠬᠦ ᠬᠦᠴᠦ ᠪᠠᠷ ᠢᠶᠠᠨ ᠦᠢᠯᠡᠴᠢᠯᠡᠵᠦ᠂ ᠥᠪᠡᠷᠲᠡᠭᠡᠨ | ᠵᠠᠰᠠᠬᠤ ᠣᠷᠣᠨ ᠤ ᠠᠵᠤ ᠠᠬᠤᠶ ᠶᠢᠨ ᠡᠷᠡᠭᠦᠯ ᠪᠥᠭᠡᠳ ᠲᠣᠭᠲᠠᠭᠤᠨ ᠢᠶᠠᠷ ᠬᠦᠭᠵᠢᠬᠦ ᠶᠢ ᠠᠬᠢᠭᠤᠯᠬᠤ ᠬᠡᠷᠡᠭᠲᠡᠢ︔ | ᠲᠠᠪᠤ ᠳᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠭᠵᠢᠯᠲᠡ ᠶᠢᠨ ᠰᠠᠭᠤᠷᠢ ᠶᠢ | ᠪᠠᠲᠤᠳᠬᠠᠬᠤ ᠬᠡᠷᠡᠭᠲᠡᠶ ᠭᠡᠪᠡ᠃ |