ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ︽9 3︾ ᠡᠷᠳᠡᠮ | ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶᠠᠨ ᠤ ᠳᠡᠳ᠋ ᠲᠡᠷᠢᠭᠦᠯᠡᠭᠴᠢ ᠯᠠᠶ ᠮᠢᠩ ᠥᠪᠡᠷ ᠤᠨ ᠬᠢᠨᠢ ᠡᠮᠦᠨ᠎ᠡ | ᠨᠢᠭᠡ ᠡᠳᠦᠷ ᠤᠨ ᠳᠤᠷᠠᠳᠤᠭᠰᠠᠨ ᠰᠠᠨᠠᠭᠤᠯᠭ᠎ᠠ ᠳᠤ᠂ ᠳᠠᠷᠠᠭ᠎ᠠ ᠡᠳᠦᠷ ᠨᠢ ᠳᠠᠷᠤᠶ ᠲᠦᠷᠦ ᠶᠢᠨ ᠶᠠᠪᠤᠳᠠᠯ ᠤᠨ | ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤ ᠲᠤᠰᠬᠠᠯ ᠢ ᠤᠯᠤᠭᠰᠠᠨ ᠳᠠᠭᠠᠨ ᠰᠤᠴᠢᠰᠬᠢᠨ | ᠪᠠᠶᠠᠷᠯᠠᠪᠠ᠃ ᠡᠨᠡ ᠵᠢᠯ ︽ᠬᠤᠶᠠᠷ ᠬᠤᠷᠠᠯ︾ ᠠᠴᠠ ᠡᠮᠦᠨ᠎ᠡ᠂ ᠶᠡᠷᠦᠩᠬᠡᠶ ᠰᠠᠶᠢᠳ ᠯᠢ ᠺᠧ ᠴᠢᠶᠠᠩ ᠲᠣᠳᠣᠷᠬᠠᠶ | ᠢᠯᠡᠷᠬᠡᠶᠢᠯᠡᠭᠰᠡᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠢᠶᠠᠷ | ᠳᠠᠮᠵᠢᠭᠤᠯᠤᠨ ᠠᠷᠠᠳ ᠤᠨ ᠰᠠᠨᠠᠭ᠎ᠠ ᠶᠢ ᠥᠷᠭᠡᠨ ᠢᠶᠠᠷ ᠰᠤᠨᠤᠰᠴᠦ᠂ ᠠᠷᠠᠳ ᠤᠨ ᠤᠶᠤᠨ ᠤᠬᠠᠭᠠᠨ ᠢ ᠰᠢᠩᠭᠡᠭᠡᠨ | ᠠᠪᠬᠤ ᠨᠢ ᠵᠠᠰᠠᠭ ᠤᠨ ᠣᠷᠳᠣᠨ ᠤ ᠠᠵᠢᠯ ᠳᠤ ᠮᠠᠰᠢ ᠶᠡᠭᠡ ᠳᠡᠮᠵᠢᠯᠭᠡ ᠪᠤᠯᠵᠤ ᠴᠢᠳᠠᠨ᠎ᠠ᠂ ︽ᠲᠥᠯᠥᠭᠡᠯᠡᠭᠴᠢ | ᠭᠡᠰᠢᠭᠦᠳ ᠤᠨ ᠰᠠᠨᠠᠭᠤᠯᠭ᠎ᠠ ᠪᠠ ᠰᠠᠨᠠᠯ ᠵᠥᠪᠯᠡᠯᠭᠡ ᠶᠢ ᠡᠷᠬᠡᠪᠰᠢ ᠵᠦᠢᠯ ᠪᠦᠬᠦᠨ ᠢᠶᠠᠷ ᠨᠢ ᠨᠠᠶᠢᠳᠠᠪᠤᠷᠢᠵᠢᠵᠤ᠂ ᠵᠦᠢᠯ | ᠪᠦᠷᠢ ᠳᠤᠨᠢ ᠪᠦᠷ ᠬᠠᠷᠢᠭᠤ ᠲᠠᠢ ᠪᠠᠶᠢᠬᠤ ᠬᠡᠷᠡᠭᠲᠡᠢ︾ ᠭᠡᠵᠡᠢ᠃ | | 3 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠯᠢ ᠺᠧ ᠴᠢᠶᠠᠩ ᠠᠷᠪᠠᠨ ᠬᠤᠶᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ ᠤ ᠹᠦᠵᠢᠶᠠᠨ ᠤ ᠲᠥᠯᠥᠭᠡᠯᠡᠭᠴᠢᠳ ᠤᠨ ᠪᠦᠯᠬᠦᠮ ᠤᠨ ᠪᠥᠬᠦᠳᠡ ᠬᠤᠷᠠᠯ ᠳᠤ ᠤᠷᠤᠯᠴᠠᠪᠠ᠃ ᠵᠢᠷᠤᠭ | \ ᠳᠤᠮᠳᠠᠳᠤ ᠤᠯᠤᠰ ᠤᠨ ᠡᠳᠦᠷ ᠤᠨ ᠰᠣᠨᠢᠨ | ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ︽9 3︾ ᠡᠷᠳᠡᠮ | ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶᠠᠨ ᠤ ᠳᠡᠳ᠋ ᠲᠡᠷᠢᠭᠦᠯᠡᠭᠴᠢ ᠯᠠᠶ ᠮᠢᠩ ᠥᠪᠡᠷ ᠤᠨ ᠬᠢᠨᠢ ᠡᠮᠦᠨ᠎ᠡ | ᠨᠢᠭᠡ ᠡᠳᠦᠷ ᠤᠨ ᠳᠤᠷᠠᠳᠤᠭᠰᠠᠨ ᠰᠠᠨᠠᠭᠤᠯᠭ᠎ᠠ ᠳᠤ᠂ ᠳᠠᠷᠠᠭ᠎ᠠ ᠡᠳᠦᠷ ᠨᠢ ᠳᠠᠷᠤᠶ ᠲᠦᠷᠦ ᠶᠢᠨ ᠶᠠᠪᠤᠳᠠᠯ ᠤᠨ | ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤ ᠲᠤᠰᠬᠠᠯ ᠢ ᠤᠯᠤᠭᠰᠠᠨ ᠳᠠᠭᠠᠨ ᠰᠤᠴᠢᠰᠬᠢᠨ | ᠪᠠᠶᠠᠷᠯᠠᠪᠠ᠃ | 3 ᠳ᠋ᠤᠭᠠᠷ ᠰᠠᠷ᠎ᠠ ᠶᠢᠨ 5 ᠤ ᠡᠳᠦᠷ᠂ ᠲᠡᠷᠡ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ | ᠠᠷᠪᠠᠨ ᠬᠤᠶᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠤ ᠳᠤᠭᠤᠶᠢᠯᠠᠩ ᠤᠨ | ᠬᠤᠷᠠᠯ ᠳᠡᠭᠡᠷ᠎ᠡ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠠᠬᠢ ᠪᠦᠬᠦ ᠠᠵᠢᠯᠲᠠᠨ ᠤ ᠬᠥᠳᠡᠯᠮᠦᠷᠢ ᠶᠢᠨ | ᠦᠢᠯᠡᠳᠪᠦᠷᠢᠯᠡᠯ ᠤᠨ ᠨᠤᠷᠮ᠎ᠠ᠂ ᠬᠥᠳᠡᠯᠮᠦᠷᠢ ᠶᠢᠨ ᠬᠦᠴᠦᠨ ᠪᠠ GDP ᠶᠢᠨ ᠲᠤᠭ᠎ᠠ ᠬᠡᠮᠵᠢᠭᠳᠡᠯ ᠨᠢᠭᠡᠳᠦᠯ ᠦᠭᠡᠢ | ᠪᠤᠯᠬᠤᠷ᠂ ᠬᠤᠯᠪᠣᠭᠳᠠᠯ ᠪᠦᠬᠦᠢ ᠲᠠᠶᠢᠯᠪᠤᠷᠢ ᠬᠢᠵᠦ ᠲᠤᠳᠤᠷᠬᠠᠶᠢᠯᠠᠬᠤ ᠴᠢᠬᠤᠯᠠᠲᠠᠶ ᠭᠡᠵᠦ ᠳᠤᠷᠠᠳᠪᠠ᠃ ᠲᠤᠬᠠᠶ ᠶᠢᠨ | ᠲᠠᠯᠠᠪᠠᠢ ᠶᠢᠨ ᠬᠤᠷᠠᠯ ᠳᠤ ᠤᠷᠤᠯᠴᠠᠵᠤ ᠪᠠᠶᠢᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠠᠵᠢᠯᠲᠠᠨ ᠡᠨᠡᠬᠦ ᠰᠠᠨᠠᠯ ᠢ ᠲᠡᠮᠳᠡᠭᠯᠡᠨ ᠠᠪᠬᠤ ᠶᠢᠨ ᠬᠠᠮᠲᠤ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠲᠤᠰ ᠡᠳᠦᠷ ᠲᠤ ᠳᠠᠷᠤᠶ ᠲᠦᠷᠭᠡᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠤᠯᠠᠮᠵᠢᠯᠠᠨ ᠳᠠᠮᠵᠢᠭᠤᠯᠵᠠᠢ᠃ | ᠳᠠᠷᠠᠭ᠎ᠠ ᠡᠳᠦᠷ ᠨᠢ ᠯᠠᠶ ᠭᠡᠰᠢᠭᠦᠨ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠲᠠᠰᠤ ᠶᠢ | ᠲᠤᠰᠴᠤ᠂ ᠲᠤᠭ᠎ᠠ ᠪᠠᠷᠢᠮᠲᠠ ᠶᠢ ᠪᠤᠳᠤᠭᠰᠠᠨ ᠪᠠᠷᠢᠮᠵᠢᠶ᠎ᠠ ᠵᠡᠷᠭᠡ ᠠᠰᠠᠭᠤᠳᠠᠯ ᠤᠨ ᠲᠤᠬᠠᠶ ᠲᠡᠭᠦᠨ ᠳᠤ ᠲᠠᠶᠢᠯᠪᠤᠷᠢ | ᠬᠢᠵᠦ ᠬᠠᠷᠢᠭᠤᠯᠲᠠ ᠥᠭᠴᠡᠶ᠃ | | | ᠯᠢ ᠺᠧ ᠴᠢᠶᠠᠩ 3 ᠳ᠋ᠤᠭᠠᠷ ᠰᠠᠷ᠎ᠠ ᠶᠢᠨ 4 ᠤ ᠡᠳᠦᠷ ᠪᠦᠬᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠳᠤ ᠤᠷᠤᠯᠴᠠᠭᠰᠠᠨ ᠠᠵᠤ | ᠠᠬᠤᠶ᠂ ᠬᠥᠳᠡᠭᠡ ᠠᠵᠤ ᠠᠬᠤᠶ ᠶᠢᠨ ᠡᠲᠡᠭᠡᠳ ᠤᠨ ᠭᠡᠰᠢᠭᠦᠳ ᠢ ᠡᠷᠭᠢᠵᠦ ᠦᠵᠡᠬᠦ ᠶᠢᠨ ᠬᠠᠮᠲᠤ ᠶᠠᠷᠢᠯᠴᠠᠭᠠᠨ ᠳᠤ | ᠣᠷᠣᠯᠴᠠᠪᠠ᠃ ᠡᠦ ᡁᠢ ᠢ ᠰᠡᠭᠦᠳᠡᠷᠯᠡᠪᠡ | ᠡᠨᠡ ᠵᠢᠯ ᠤᠨ ︽ᠬᠤᠶᠠᠷ ᠬᠤᠷᠠᠯ︾ ᠠᠴᠠ ᠡᠮᠦᠨ᠎ᠡ᠂ ᠶᠡᠷᠦᠩᠬᠡᠶ ᠰᠠᠶᠢᠳ ᠯᠢ ᠺᠧ ᠴᠢᠶᠠᠩ ᠲᠣᠳᠣᠷᠬᠠᠶ | ᠢᠯᠡᠷᠬᠡᠶᠢᠯᠡᠭᠰᠡᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠢᠶᠠᠷ | ᠳᠠᠮᠵᠢᠭᠤᠯᠤᠨ ᠠᠷᠠᠳ ᠤᠨ ᠰᠠᠨᠠᠭ᠎ᠠ ᠶᠢ ᠥᠷᠭᠡᠨ ᠢᠶᠠᠷ ᠰᠤᠨᠤᠰᠴᠦ᠂ ᠠᠷᠠᠳ ᠤᠨ ᠤᠶᠤᠨ ᠤᠬᠠᠭᠠᠨ ᠢ ᠰᠢᠩᠭᠡᠭᠡᠨ | ᠠᠪᠬᠤ ᠨᠢ ᠵᠠᠰᠠᠭ ᠤᠨ ᠣᠷᠳᠣᠨ ᠤ ᠠᠵᠢᠯ ᠳᠤ ᠮᠠᠰᠢ ᠶᠡᠭᠡ ᠳᠡᠮᠵᠢᠯᠭᠡ ᠪᠤᠯᠵᠤ ᠴᠢᠳᠠᠨ᠎ᠠ᠂ ︽ᠲᠥᠯᠥᠭᠡᠯᠡᠭᠴᠢ | ᠭᠡᠰᠢᠭᠦᠳ ᠤᠨ ᠰᠠᠨᠠᠭᠤᠯᠭ᠎ᠠ ᠪᠠ ᠰᠠᠨᠠᠯ ᠵᠥᠪᠯᠡᠯᠭᠡ ᠶᠢ ᠡᠷᠬᠡᠪᠰᠢ ᠵᠦᠢᠯ ᠪᠦᠬᠦᠨ ᠢᠶᠠᠷ ᠨᠢ ᠨᠠᠶᠢᠳᠠᠪᠤᠷᠢᠵᠢᠵᠤ᠂ ᠵᠦᠢᠯ | ᠪᠦᠷᠢ ᠳᠤᠨᠢ ᠪᠦᠷ ᠬᠠᠷᠢᠭᠤ ᠲᠠᠢ ᠪᠠᠶᠢᠬᠤ ᠬᠡᠷᠡᠭᠲᠡᠢ︾ ᠭᠡᠪᠡ᠃ | ᠶᠡᠷᠦᠩᠬᠡᠶ ᠰᠠᠶᠢᠳ ᠤᠨ ᠱᠠᠭᠠᠷᠳᠠᠯᠭ᠎ᠠ ᠪᠠᠷ᠂ 3 ᠳ᠋ᠤᠭᠠᠷ ᠰᠠᠷ᠎ᠠ ᠶᠢᠨ 5 ᠤ ᠡᠳᠦᠷ - 9 ᠤ ᠡᠳᠦᠷ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ 200 ᠭᠠᠷᠤᠶ ᠠᠵᠢᠯᠲᠠᠨ ᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠪᠦᠬᠦ ᠪᠦᠯᠬᠦᠮ ᠳᠤᠭᠤᠶᠢᠯᠠᠩ ᠳᠤ | ᠤᠴᠢᠭᠤᠯᠵᠤ᠂ ᠲᠥᠯᠥᠭᠡᠯᠡᠭᠴᠢᠳ ᠭᠡᠰᠢᠭᠦᠳ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽13. | 5︾ ᠶᠢᠨ ᠲᠥᠯᠥᠪᠵᠢᠭᠦᠯᠭᠡ ᠶᠢᠨ ︽ᠬᠦᠲᠦᠯᠪᠦᠷᠢ ᠶᠢᠨ ᠲᠥᠰᠦᠯ︾᠂ ᠲᠦᠯᠦᠪᠯᠡᠭᠡ ᠶᠢᠨ ᠮᠡᠳᠡᠭᠦᠯᠦᠯᠲᠡ᠂ | ᠲᠥᠰᠦᠪ ᠤᠨ ᠲᠤᠬᠠᠶ ᠢᠯᠡᠳᠬᠡᠯ ᠡᠨᠡ ᠬᠦ ᠳᠥᠷᠪᠡᠨ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠬᠤ ᠲᠤᠬᠠᠶ | ᠰᠠᠨᠠᠯ ᠪᠠ ᠵᠠᠰᠠᠭ ᠤᠨ ᠣᠷᠳᠣᠨ ᠤ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠰᠣᠨᠣᠰᠴᠤ ᠲᠡᠮᠳᠡᠭᠯᠡᠬᠦ ᠶᠢᠨ ᠬᠠᠮᠲᠤ | ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ ᠴᠠᠭ ᠲᠤᠬᠠᠶ ᠳᠤᠨᠢ ᠬᠠᠷᠢᠭᠤ ᠦᠭᠭᠦᠯᠬᠦ ᠪᠠᠷ ᠤᠯᠠᠮᠵᠢᠯᠠᠨ | ᠳᠠᠮᠵᠢᠭᠤᠯᠵᠠᠢ᠃ | ︽ᠡ᠊ᠨᠡ ᠨᠢ ᠵᠠᠰᠠᠭ ᠤᠨ ᠣᠷᠳᠣᠨ ᠠᠷᠠᠳ ᠤᠨ ᠰᠠᠨᠠᠯ ᠢ ᠰᠣᠨᠣᠰᠴᠤ᠂ ᠰᠠᠨᠠᠭᠠᠴᠢᠯᠠᠭ᠎ᠠ ᠠᠴᠠ ᠪᠠᠨ | ᠦᠢᠯᠡᠴᠢᠯᠡᠬᠦ ᠦᠵᠡᠯ ᠤᠬᠠᠮᠰᠠᠷ ᠲᠠᠰᠤᠷᠠᠯᠲᠠ ᠦᠭᠡᠢ ᠳᠡᠭᠡᠭᠰᠢᠯᠡᠵᠦ ᠪᠠᠶᠢᠬᠤ ᠶᠢ ᠲᠤᠰᠬᠠᠵᠤ ᠪᠠᠶᠢᠨ᠎ᠠ᠃ ᠪᠢᠳᠡ | ᠲᠦ᠋ᠷᠦ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠦᠷ᠎ᠡ ᠪᠦᠲᠦᠮᠵᠢ ᠳᠤ ᠪᠠᠰᠠ ᠨᠡᠩ ᠦᠨᠡᠨ ᠪᠣᠳᠠᠲᠠᠶ ᠲᠥᠷᠥᠭᠳᠡᠯ | ᠲᠠᠢ ᠪᠤᠯᠪᠠ︾ ᠭᠡᠵᠦ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡ | ᠲᠥᠯᠥᠭᠡᠯᠡᠭᠴᠢ ᠬᠡᠯᠡᠪᠡ᠃ | ᠡᠭᠦᠨ ᠠᠴᠠ ᠡᠮᠦᠨ᠎ᠡ ᠵᠢᠯ ᠳᠠᠷᠠᠭᠠᠯᠠᠨ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠤ᠂ | ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠢ | ᠲᠤᠮᠢᠯᠠᠨ ︽ᠬᠤᠷᠠᠯ ᠰᠤᠨᠤᠰᠤᠭᠤᠯᠵᠤ︾ ᠪᠠᠶᠢᠪᠠ᠂ ᠬᠦᠷᠢᠶ᠎ᠡ ᠬᠡᠪᠴᠢᠶ᠎ᠡ ᠨᠢ ᠭᠤᠣᠯᠳᠠᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠪᠦᠯᠬᠦᠮ ᠤᠨ ᠪᠥᠬᠦᠳᠡ ᠬᠤᠷᠠᠯ ᠪᠠ ᠤᠯᠤᠰ | ᠲᠦᠷᠦ ᠶᠢᠨ ᠵᠥᠪᠯᠡᠯᠭᠡᠨ ᠤ ᠡᠯ᠎ᠡ ᠡᠲᠡᠭᠡᠳ ᠤᠨ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠤ ᠲᠦᠪᠯᠡᠷᠡᠵᠦ | ᠪᠠᠶᠢᠵᠠᠢ᠃ ᠡᠨᠡ ᠤᠳᠠᠭ᠎ᠠ ᠪᠤᠯ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠠᠩᠬ᠎ᠠ ᠤᠳᠠᠭ᠎ᠠ | ᠤᠯᠠᠨ ᠲᠣᠭᠠᠨ ᠤ ᠠᠵᠢᠯᠳᠠᠨ ᠢ ᠲᠣᠮᠢᠯᠠᠵᠤ ᠬᠤᠷᠠᠯᠳᠤᠭᠠᠨ ᠢ ᠰᠤᠯᠠ ᠰᠤᠨᠤᠰᠴᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠪᠦᠯᠬᠦᠮ ᠤᠨ ᠪᠥᠬᠦᠳᠡ ᠬᠤᠷᠠᠯ᠂ | ᠳᠤᠭᠤᠶᠢᠯᠠᠩ ᠤᠨ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠡᠯ᠎ᠡ ᠡᠲᠡᠭᠡᠳ ᠤᠨ ᠬᠠᠮᠲᠤᠷᠠᠭᠰᠠᠨ | ᠳᠤᠭᠤᠶᠢᠯᠠᠩ ᠤᠨ ᠬᠤᠷᠠᠯ ᠳᠤᠭᠤᠶᠢᠯᠠᠩ ᠤᠨ ᠬᠤᠷᠠᠯ ︽ᠪᠦᠬᠦᠨ ᠢ ᠬᠠᠮᠤᠷᠬᠤ︾ ᠶᠢ ᠪᠡᠶᠡᠯᠡᠭᠦᠯᠪᠡ᠃ ᠠᠵᠢᠯ ᠤᠨ | ᠨᠡᠩ ᠴᠢᠨᠠᠷ ᠰᠠᠶᠢᠲᠠᠶ᠂ ᠦᠷ᠎ᠡ ᠪᠦᠲᠦᠮᠵᠢ ᠲᠠᠢ ᠪᠠᠶᠢᠬᠤ ᠶᠢ ᠬᠡᠷᠬᠢᠨ ᠦᠨᠡᠨ ᠬᠦ ᠪᠠᠲᠤᠯᠠᠬᠤ ᠨᠢ ᠨᠡᠩ ᠴᠢᠬᠤᠯᠠ | ᠪᠤᠯᠪᠠ᠃ | ᠡᠨᠡ ᠵᠢᠯ ᠤᠨ ︽ᠬᠤᠶᠠᠷ ᠬᠤᠷᠠᠯ︾ ᠡᠬᠢᠯᠡᠬᠦ ᠠᠴᠠ ᠡᠮᠦᠨ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠲᠤᠰᠬᠠᠶ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠬᠤᠷᠠᠯ ᠳᠤ ᠣᠴᠢᠵᠤ ᠰᠣᠨᠣᠰᠬᠤ | ᠪᠣᠳᠠᠲᠠᠶ ᠠᠵᠢᠯ ᠤᠨ ᠶᠠᠪᠤᠴᠠ ᠶᠢ ᠲᠣᠳᠣᠷᠬᠠᠶᠢᠯᠠᠵᠠᠢ᠄ ᠡᠳᠦᠷ ᠪᠦᠷᠢ ᠶᠢᠨ ᠦᠳᠡ ᠶᠢᠨ ᠡᠮᠦᠨ᠎ᠡ᠂ ᠦᠳᠡ ᠶᠢᠨ | ᠬᠤᠶᠢᠨᠠᠬᠢ ᠶᠠᠷᠢᠯᠴᠠᠬᠤ ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠬᠤ ᠬᠥᠮᠦᠰ ᠬᠤᠷᠠᠯ ᠤᠨ ᠲᠠᠯᠠᠪᠠᠢ ᠳᠤ | ᠤᠷᠢᠳᠴᠢᠯᠠᠵᠤ ᠬᠦᠷᠬᠦ ᠬᠡᠷᠡᠭᠲᠡᠢ᠂ ᠲᠥᠯᠥᠭᠡᠯᠡᠭᠴᠢ ᠭᠡᠰᠢᠭᠦᠳ ᠤᠨ ᠶᠠᠷᠢᠶ᠎ᠠ ᠶᠢᠨ ᠭᠤᠣᠯ ᠰᠡᠳᠦᠪ ᠢ ᠲᠣᠳᠣᠷᠬᠠᠶ | ᠣᠶᠢᠯᠭᠠᠵᠤ᠂ ᠵᠥᠪ ᠣᠨᠣᠪᠴᠢᠲᠠᠶ ᠲᠡᠮᠳᠡᠭᠯᠡᠵᠦ ᠡᠮᠬᠢᠳᠬᠡᠨ ᠬᠤᠷᠢᠶᠠᠩᠭᠤᠶᠢᠯᠠᠬᠤ ᠬᠡᠷᠡᠭᠲᠡᠶ᠃ ᠲᠡᠮᠳᠡᠭᠯᠡᠭᠰᠡᠨ ᠰᠠᠨᠠᠯ | ᠰᠠᠨᠠᠭᠤᠯᠭ᠎ᠠ ᠪᠠᠨ ᠲᠤᠰ ᠡᠳᠦᠷ ᠤᠨ ᠦᠳᠡ ᠶᠢᠨ ᠡᠮᠦᠨ᠎ᠡ 12᠄ 30 ᠪᠠ ᠣᠷᠣᠶ ᠶᠢᠨ 18᠄ 30 ᠠᠴᠠ ᠡᠮᠦᠨ᠎ᠡ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠳᠤ ᠡᠷᠬᠡᠪᠰᠢ ᠬᠦᠷᠭᠡᠵᠦ᠂ ᠤᠯᠠᠮ ᠨᠢᠭᠡ ᠠᠯᠬᠤᠮ | ᠬᠤᠷᠢᠶᠠᠩᠭᠤᠶᠢᠯᠠᠬᠤ ᠬᠡᠷᠡᠭᠲᠡᠶ᠃ | ︽ᠮᠠᠨ ᠤ ᠵᠠᠷᠴᠢᠮ ᠪᠣᠯ ︿ᠮᠡᠳᠡᠭᠡ ᠵᠠᠩᠭᠢ ᠶᠢ ᠬᠤᠨᠤᠭ ᠥᠩᠭᠡᠷᠡᠭᠡᠬᠦ ᠦᠭᠡᠢ﹀᠃ ᠬᠤᠷᠠᠯ ᠳᠤ | ᠣᠷᠣᠯᠴᠠᠭᠰᠠᠨ 200 ᠭᠠᠷᠤᠶ ᠬᠥᠮᠦᠰ ᠡᠳᠦᠷ ᠪᠦᠷᠢ 1600 ᠢᠯᠡᠭᠦᠦ ᠵᠦᠢᠯ ᠤᠨ ᠰᠠᠨᠠᠯ ᠬᠦᠷᠭᠡᠵᠦ ᠢᠷᠡᠳᠡᠭ᠃ | ᠪᠢᠳᠡ ᠡᠷᠬᠡᠪᠰᠢ ᠬᠠᠮᠤᠭ ᠤᠨ ᠲᠦᠷᠭᠡᠨ ᠬᠤᠷᠳᠤᠴᠠ ᠪᠠᠷ ᠰᠢᠯᠢᠵᠦ᠂ ᠡᠮᠬᠢᠯᠡᠬᠦ ᠬᠡᠷᠡᠭᠲᠡᠢ︾ ᠭᠡᠵᠦ ᠨᠢᠭᠡ ᠠᠵᠢᠯᠲᠠᠨ | ᠬᠡᠯᠡᠨ᠎ᠡ᠂ 5 ᠡᠳᠦᠷ ᠤᠨ ᠳᠣᠲᠣᠷ᠎ᠠ ᠨᠡᠶᠢᠲᠡ 8000 ᠭᠠᠷᠤᠶ ᠵᠤᠷᠪᠤᠰ ᠰᠠᠨᠠᠯ ᠰᠠᠨᠠᠭᠤᠯᠭ᠎ᠠ ᠲᠡᠮᠳᠡᠭᠯᠡᠵᠦ᠂ | ᠡᠴᠦᠰ ᠲᠡᠭᠡᠨ 538 ᠵᠦᠢᠯ ᠤᠨ ᠪᠣᠳᠠᠲᠠᠶ ᠰᠠᠨᠠᠯ ᠢ ᠬᠤᠷᠢᠶᠠᠩᠭᠤᠶᠢᠯᠠᠨ ᠭᠠᠷᠭᠠᠪᠠ᠃ | ᠡᠳᠡᠭᠡᠷ ᠲᠥᠯᠥᠭᠡᠯᠡᠭᠴᠢ ᠭᠡᠰᠢᠭᠦᠳ ᠤᠨ ᠰᠠᠨᠠᠯ ᠰᠠᠨᠠᠭᠤᠯᠭ᠎ᠠ ᠶᠢ ᠬᠤᠷᠢᠶᠠᠩᠭᠤᠶᠢᠯᠠᠵᠤ᠂ ᠡᠳᠦᠷ ᠪᠦᠷᠢ | ᠴᠠᠭ ᠲᠤᠬᠠᠢ ᠳᠤᠨᠢ ᠯᠢ ᠺᠧ ᠴᠢᠶᠠᠩ ᠶᠡᠷᠦᠩᠬᠡᠶ ᠰᠠᠶᠢᠳ ᠪᠣᠯᠤᠨ ᠲᠥᠷᠦ ᠶᠢᠨ ᠶᠠᠪᠤᠳᠠᠯ ᠤᠨ ᠬᠤᠷᠢᠶᠠᠨ ᠤ ᠪᠤᠰᠤᠳ | ᠤᠳᠤᠷᠢᠳᠬᠤ ᠨᠥᠬᠦᠳ ᠲᠤ ᠬᠦᠷᠭᠡᠵᠦ᠂ ᠲᠠᠷᠠᠭ᠎ᠠ ᠨᠢ ᠲᠡᠭᠦᠨ ᠢ ᠲᠥᠷᠥᠯ ᠬᠤᠪᠢᠶᠠᠵᠤ ᠬᠠᠮᠢᠶ᠎ᠠ ᠪᠦᠬᠦᠢ ᠰᠠᠯᠠᠭ᠎ᠠ | ᠮᠥᠴᠢᠷ ᠲᠤ ᠬᠦᠷᠭᠡᠨ᠎ᠡ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠡᠷᠭᠡ ᠪᠢᠴᠢᠭ ᠮᠠᠲ᠋ᠧᠷᠢᠶᠠᠯ ᠤᠨ ᠵᠠᠰᠠᠪᠤᠷᠢ | ᠣᠷᠣᠭᠤᠯᠬᠤ ᠳᠤ ᠬᠤᠯᠪᠣᠭᠳᠠᠭᠰᠠᠨ ᠰᠠᠨᠠᠯ ᠰᠠᠨᠠᠭᠤᠯᠭ᠎ᠠ ᠶᠢ ᠢᠯᠡᠳᠬᠡᠯ ᠢ ᠲᠤᠭᠤᠷᠪᠢᠬᠤ ᠳᠤᠭᠤᠶᠢᠯᠠᠩ ᠳᠤ | ᠰᠢᠯᠵᠢᠭᠦᠯᠦᠨ ᠰᠤᠳᠤᠯᠤᠭᠤᠯᠳᠠᠭ︔ ᠵᠠᠷᠢᠮ ᠪᠣᠳᠠᠲᠠᠶ ᠰᠠᠨᠠᠭᠤᠯᠭ᠎ᠠ ᠶᠢ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠰᠢᠯᠵᠢᠭᠦᠯᠳᠡᠭ ᠪᠠᠶᠢᠨ᠎ᠠ᠃ | ︽ᠪᠢᠳᠡ ᠲᠥᠯᠥᠭᠡᠯᠡᠭᠴᠢ ᠭᠡᠰᠢᠭᠦᠳ ᠤᠨ ᠨᠠᠶᠠᠭᠠᠳ ᠰᠠᠨᠠᠯ ᠰᠠᠨᠠᠭᠤᠯᠭ᠎ᠠ ᠶᠢ ᠠᠳᠠᠯᠢ ᠪᠤᠰᠤ ᠰᠠᠯᠠᠭ᠎ᠠ | ᠮᠥᠴᠢᠷ ᠲᠤ ᠤᠷᠢᠳ ᠬᠤᠵᠢᠳ ᠰᠢᠯᠵᠢᠭᠦᠯᠦᠨ ᠥᠭᠴᠡᠢ᠂ ᠲᠡᠳᠡ ᠶᠠᠭ ᠰᠠᠶᠢᠬᠠᠨ ᠬᠠᠷᠢᠭᠤᠯᠲᠠ ᠥᠭᠴᠦ ᠪᠣᠢ᠃︾ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠪᠠᠰᠠ ᠨᠢᠭᠡ ᠠᠵᠢᠯᠲᠠᠨ ᠤ ᠲᠠᠨᠢᠯᠴᠠᠭᠤᠯᠤᠭᠰᠠᠨ ᠢᠶᠠᠷ | ︽ᠪᠢᠳᠡ ᠠᠰᠠᠭᠤᠳᠠᠯ ᠢ ᠳᠤᠷᠠᠳᠤᠭᠰᠠᠨ ᠲᠥᠯᠥᠭᠡᠯᠡᠭᠴᠢ ᠭᠡᠰᠢᠭᠦᠳ ᠲᠤ ᠡᠯ᠎ᠡ ᠰᠠᠯᠠᠭ᠎ᠠ ᠮᠥᠴᠢᠷ ᠢ ᠵᠠᠯᠠᠵᠤ ᠶᠡᠭᠡ | ᠬᠤᠷᠠᠯ ᠳᠠᠭᠤᠰᠬᠤ ᠠᠴᠠ ᠡᠮᠦᠨ᠎ᠡ ᠡᠷᠬᠡᠪᠰᠢ ᠵᠣᠬᠢᠬᠤ ᠬᠡᠯᠪᠡᠷᠢ ᠪᠠᠷ ᠲᠠᠶᠢᠯᠪᠤᠷᠢᠯᠠᠯᠲᠠ ᠬᠢᠵᠦ᠂ ᠬᠠᠷᠢᠭᠤᠯᠲᠠ ᠥᠭᠬᠦ | ᠬᠡᠷᠡᠭᠲᠡᠶ᠂ ᠬᠠᠷᠢᠭᠤᠯᠤᠭᠰᠠᠨ ᠪᠠᠶᠢᠳᠠᠯ ᠢᠶᠠᠨ ᠳᠦᠷᠤ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠤ | ᠪᠢᠴᠢᠭ ᠢᠶᠠᠷ ᠬᠠᠷᠢᠭᠤ ᠮᠡᠳᠡᠭᠳᠡᠬᠦ ᠬᠡᠷᠡᠭᠲᠡᠶ︾ ᠭᠡᠵᠦ ᠡᠯ᠎ᠡ ᠰᠠᠯᠠᠭ᠎ᠠ ᠮᠥᠴᠢᠷ ᠢ ᠱᠠᠭᠠᠷᠳᠠᠵᠠᠢ᠃ | 3 ᠳ᠋ᠤᠭᠠᠷ ᠰᠠᠷ᠎ᠠ ᠶᠢᠨ 6 ᠤ ᠡᠳᠦᠷ ᠤᠨ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠲᠦᠷᠦ ᠶᠢᠨ ᠶᠠᠪᠤᠳᠠᠯ ᠤᠨ | ᠬᠤᠷᠢᠶᠠᠨ ᠤ ᠨᠢᠭᠡᠨ ᠤᠳᠤᠷᠢᠳᠬᠤ ᠨᠥᠬᠦᠷ ᠣᠨᠴᠠᠭᠠᠶᠢᠯᠠᠨ ᠴᠢᠬᠤᠯᠠᠴᠢᠯᠠᠭᠰᠠᠨ ᠨᠢ᠂ ᠲᠥᠯᠥᠭᠡᠯᠡᠭᠴᠢ | ᠭᠡᠰᠢᠭᠦᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠡᠷᠬᠡᠪᠰᠢ ᠨᠠᠷᠢᠨ ᠬᠢᠨᠠᠮᠠᠭᠠᠶ ᠰᠤᠳᠤᠯᠵᠤ᠂ ᠰᠢᠩᠭᠡᠭᠡᠨ ᠠᠪᠴᠤ | ᠴᠢᠳᠠᠬᠤ ᠶᠢ ᠨᠢ ᠠᠯᠢ ᠴᠢᠳᠠᠬᠤ ᠪᠠᠷ ᠰᠢᠩᠭᠡᠭᠡᠨ ᠠᠪᠬᠤ ᠬᠡᠷᠡᠭᠲᠡᠶ᠂ ᠦᠨᠡᠬᠡᠷ ᠬᠥᠯᠢᠶᠠᠨ ᠠᠪᠴᠤ ᠴᠢᠳᠠᠬᠤ ᠦᠭᠡᠢ | ᠶᠢ ᠨᠢ ᠲᠥᠯᠥᠭᠡᠯᠡᠭᠴᠢ ᠭᠡᠰᠢᠭᠦᠳ ᠲᠠᠢ ᠨᠢᠭᠡ ᠨᠢᠭᠡ ᠪᠠᠷ ᠨᠡᠪᠲᠡᠷᠡᠯᠴᠡᠵᠦ᠂ ᠴᠠᠭ ᠲᠤᠬᠠᠶ ᠳᠤᠨᠢ ᠬᠠᠷᠢᠭᠤᠯᠲᠠ ᠥᠭᠬᠦ | ᠬᠡᠷᠡᠭᠲᠡᠢ ᠭᠡᠪᠡ᠃ | ᠲᠥᠯᠥᠭᠡᠯᠡᠭᠴᠢ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠠᠶᠢᠲᠤᠷ ᠡᠮᠬᠢᠯᠡᠨ᠂ ᠠᠪᠴᠢᠷᠠᠬᠤ ᠳᠤ ᠠᠵᠢᠯ ᠤᠨ | ᠦᠷ᠎ᠡ ᠪᠦᠲᠦᠮᠵᠢ ᠱᠠᠭᠠᠷᠳᠠᠭᠳᠠᠬᠤ ᠪᠠᠷ ᠪᠠᠷᠠᠬᠤ ᠦᠭᠡᠢ᠂ ᠨᠡᠩ ᠴᠢᠬᠤᠯᠠ ᠨᠢ ᠲᠦᠷᠦ ᠶᠢᠨ ᠪᠤᠳᠤᠯᠭ᠎ᠠ ᠶᠢᠨ ᠪᠢᠴᠢᠭ | ᠮᠠᠲ᠋ᠧᠷᠢᠶᠠᠯ ᠢ ᠲᠣᠳᠣᠷᠬᠠᠶ ᠣᠶᠢᠯᠠᠭᠠᠬᠤ ᠪᠠ ᠡᠵᠡᠮᠰᠢᠬᠦ ᠬᠡᠷᠡᠭᠲᠡᠶ ᠶᠤᠮ᠃ ᠡᠶᠢᠮᠦ ᠠᠴᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠬᠤᠷᠠᠯ ᠳᠤ ᠣᠷᠣᠯᠴᠠᠭᠰᠠᠨ ᠠᠵᠢᠯᠳᠡᠠ ᠨᠢᠭᠡᠪᠦᠷᠢ ᠳᠤ ᠴᠥᠮ ᠲᠣᠳᠣᠷᠬᠠᠶ | ᠱᠠᠭᠠᠷᠳᠠᠯᠭ᠎ᠠ ᠳᠤᠷᠠᠳᠴᠠᠢ᠄ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠂ ︽13᠂ 5︾ ᠶᠢᠨ | ᠲᠥᠯᠥᠪᠵᠢᠭᠦᠯᠭᠡ ᠶᠢᠨ ︽ᠬᠥᠲᠥᠯᠪᠦᠷᠢ ᠶᠢᠨ ᠲᠥᠰᠦᠯ︾᠂ ᠲᠥᠯᠥᠪᠯᠡᠭᠡ ᠶᠢᠨ ᠮᠡᠳᠡᠭᠦᠯᠦᠯᠲᠡ ᠪᠣᠯᠤᠨ | ᠲᠥᠰᠥᠪ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠤᠷᠤᠯᠴᠠᠵᠤ᠂ ᠬᠤᠯᠪᠣᠭᠳᠠᠯ ᠪᠦᠬᠦᠢ ᠪᠠᠶᠢᠳᠠᠯ ᠢ ᠰᠠᠶᠢᠨ ᠮᠡᠳᠡᠬᠦ | ᠬᠡᠷᠡᠭᠲᠡᠢ ᠭᠡᠵᠡᠢ᠃ | ᠨᠢᠭᠡ ᠠᠵᠢᠯᠲᠠᠨ ᠤ ᠬᠡᠯᠡᠬᠦ ᠪᠠᠷ᠂ ᠲᠡᠮᠳᠡᠭᠯᠡᠯ ᠤᠨ ᠠᠭᠤᠯᠭ᠎ᠠ ᠶᠢᠨ ᠵᠢᠩᠬᠢᠨᠢ ᠦᠨ᠎ᠡ ᠴᠠᠨ᠎ᠠ ᠲᠠᠢ ᠪᠠᠶᠢᠬᠤ ᠶᠢ | ᠦᠨᠡᠨ ᠬᠦ ᠪᠠᠲᠤᠯᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠪᠠᠰᠠ | ᠬᠤᠷᠠᠯ ᠳᠤ ᠣᠷᠣᠯᠴᠠᠭᠰᠠᠨ ᠬᠥᠮᠦᠨ ᠨᠢᠭᠡᠪᠦᠷᠢ ᠶᠢ ᠱᠠᠭᠠᠷᠳᠠᠭᠰᠠᠨ ᠨᠢ᠂ ᠲᠥᠯᠥᠭᠡᠯᠡᠭᠴᠢ ᠭᠡᠰᠢᠭᠦᠳ ᠤᠨ | ᠳᠤᠷᠠᠳᠤᠭᠰᠠᠨ ︽ᠦᠨᠡᠨ ᠶᠠᠭᠤᠮ᠎ᠠ︾᠂ ︽ᠬᠠᠲᠠᠭᠤ ᠪᠠᠷᠠᠭ᠎ᠠ︾ ᠶᠢ ᠲᠡᠮᠳᠡᠭᠯᠡᠬᠦ ᠶᠢᠨ ᠬᠠᠮᠲᠤ ᠲᠥᠯᠥᠭᠡᠯᠡᠭᠴᠢ | ᠭᠡᠰᠢᠭᠦᠳ ᠤᠨ ᠰᠠᠨᠠᠯ ᠰᠠᠨᠠᠭᠤᠯᠭ᠎ᠠ ᠶᠢᠨ ︽ᠶᠠᠷᠢᠶᠠᠨ ᠤ ᠬᠡᠯᠡᠯᠭᠡ︾᠂ ︽ᠦᠨᠦᠷ ᠠᠮᠲᠠ︾ ᠶᠢ ᠠᠯᠢ ᠪᠣᠯᠬᠤ ᠪᠠᠷ | ᠪᠠᠷᠢᠮᠲᠠᠯᠠᠬᠤ ᠬᠡᠷᠡᠭᠲᠡᠢ ᠭᠡᠪᠡ᠃ | ︽ᠲᠥᠯᠥᠭᠡᠯᠡᠭᠴᠢ ᠭᠡᠰᠢᠭᠦᠳ ᠶᠠᠮᠠᠷ ᠰᠠᠨᠠᠯ ᠰᠠᠨᠠᠭᠤᠯᠭ᠎ᠠ ᠳᠤᠷᠠᠳᠤᠭᠰᠠᠨ ᠪᠠᠶᠢᠪᠠᠯ᠂ ᠪᠢᠳᠡ ᠠᠯᠢ | ᠴᠢᠳᠠᠬᠤ ᠪᠠᠷ ᠣᠨᠣᠪᠴᠢᠲᠠᠶ ᠮᠡᠳᠡᠵᠦ ᠠᠪᠴᠢᠷᠠᠬᠤ ᠬᠡᠷᠡᠭᠲᠡᠢ︾ ᠭᠡᠵᠦ ᠡᠨᠡᠬᠦ ᠠᠵᠢᠯᠲᠠᠨ ᠬᠡᠯᠡᠵᠦ ᠪᠠᠶᠢᠯ᠎ᠠ᠃ ︵ | ᠰᠤᠷᠪᠤᠯᠵᠢᠯᠠᠭᠴᠢ ᠴᠥ᠋ ᠰᠧ ᠽᠦᠩ︶ |