ᠪᠤᠭᠤᠲᠤ ᠶᠢᠨ ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ ᠡᠨᠡ ᠵᠢᠯ ᠳ᠋ᠦᠩᠰᠢᠭᠤᠷ ᠲᠥᠭᠦᠷᠢᠭ ᠠᠴᠠ ᠳᠡᠭᠡᠭᠰᠢᠬᠢ102 ᠲᠥᠷᠥᠯ ᠵᠦᠢᠯ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2016/3/15
     2016 ᠣᠨ ᠳᠤ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠤᠭᠤᠷᠢᠭ ᠳ᠋ᠦᠩᠰᠢᠭᠤᠷ ᠲᠥᠭᠦᠷᠢᠭ ᠠᠴᠠ ᠳᠡᠭᠡᠭᠰᠢᠬᠢ102 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠠᠳᠠᠯᠢ ᠬᠤᠭᠤᠴᠠᠭᠠᠨ ᠤ ᠬᠢ ᠠᠴᠠ 9 ᠨᠡᠮᠡᠭᠳᠡᠵᠦ᠂ 9.7%᠎ ᠪᠠᠷ ᠨᠡᠮᠡᠭᠳᠡᠪᠡ︔ ᠶᠡᠷᠦᠩᠬᠡᠶ ᠪᠡᠯᠡ ᠣᠷᠣᠭᠤᠯᠤᠯᠲᠠ ᠨᠢ 838.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20% ᠨᠡᠮᠡᠭᠳᠡᠭᠰᠡᠨ ᠪᠠᠶᠢᠨ᠎ᠠ︔ ᠵᠢᠯ ᠤᠨ ᠳᠣᠲᠣᠷ᠎ᠠ 308.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠦᠯᠦᠪᠯᠡᠵᠦ᠂ ᠠᠳᠠᠯᠢ ᠬᠤᠭᠤᠴᠠᠭᠠᠨ ᠤ ᠬᠢ ᠠᠴᠠ 28.3 ᠳ᠋ᠦᠩᠰᠢᠭᠤᠷ ᠲᠥᠭᠦᠷᠢᠭ ᠨᠡᠮᠡᠭᠳᠡᠵᠦ᠂ 10.1%᠎ ᠪᠠᠷ ᠨᠡᠮᠡᠭᠳᠡᠨ᠎ᠡ᠃ ᠡᠭᠦᠨ ᠳᠤ᠂ ᠦᠷᠭᠦᠯᠵᠢᠯᠡᠨ ᠪᠠᠶᠢᠭᠤᠯᠬᠤ ᠲᠦᠷᠦᠯ ᠵᠦᠢᠯ 45 ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ 579.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ184 ᠳ᠋ᠦᠩᠰᠢᠭᠤᠷ ᠲᠥᠭᠦᠷᠢᠭ ᠨᠡᠮᠡᠭᠳᠡᠵᠦ᠂ 46.6% ᠨᠡᠮᠡᠭᠳᠡᠪᠡ︔ ᠲᠤᠰ ᠵᠢᠯ ᠳᠡᠭᠡᠨ 171.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 61 ᠳ᠋ᠦᠩᠰᠢᠭᠤᠷ ᠲᠥᠭᠦᠷᠢᠭ ᠨᠡᠮᠡᠭᠳᠡᠵᠦ᠂ 55.5%᠎ ᠪᠠᠷ ᠨᠡᠮᠡᠭᠳᠡᠨ᠎ᠡ᠃ 57 ᠲᠦᠷᠦᠯ ᠵᠦᠢᠯ ᠢ ᠰᠢᠨ᠎ᠡ ᠪᠠᠷ ᠪᠠᠶᠢᠭᠤᠯᠵᠤ᠂ ᠶᠡᠷᠦᠩᠬᠡᠶ ᠪᠡᠯᠡ ᠣᠷᠣᠭᠤᠯᠤᠯᠲᠠ ᠨᠢ 289.5 ᠳ᠋ᠦᠩᠰᠢᠭᠤᠷ ᠲᠥᠭᠦᠷᠢᠭ ᠬᠦᠷᠴᠦ᠂ ᠲᠤᠬᠠᠶ ᠶᠢᠨ ᠵᠢᠯ ᠤᠨ ᠲᠥᠯᠥᠪᠯᠡᠭᠡ150 ᠳ᠋ᠦᠩᠰᠢᠭᠤᠷ ᠲᠥᠭᠦᠷᠢᠭ ᠪᠡᠯᠡ ᠣᠷᠣᠭᠤᠯᠤᠯᠲᠠ ᠶᠢ ᠲᠤᠰ ᠵᠢᠯ ᠳᠡᠭᠡᠨ ᠪᠡᠶᠡᠯᠡᠭᠦᠯᠬᠦ ᠪᠠᠷ ᠲᠦᠯᠦᠪᠯᠡᠵᠦ ᠪᠤᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号