︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠳᠤ ᠨᠢᠭᠡ ᠦᠨᠳᠦᠰᠦᠲᠡᠨ ᠢ ᠴᠦ | ᠭᠡᠭᠡᠭᠳᠡᠭᠦᠯᠵᠦ ᠪᠣᠯᠬᠤ ᠦᠭᠡᠶ︾᠃ ᠶᠡᠷᠦᠩᠬᠡᠶ ᠱᠦᠵᠢ ᠰᠢ ᠶᠢᠨ ᠫᠢᠩ ᠴᠥᠭᠡᠨ ᠲᠣᠭᠠᠲᠤ ᠦᠨᠳᠦᠰᠦᠲᠡᠨ ᠤ ᠭᠠᠵᠠᠷ | ᠣᠷᠣᠨ ᠤ ᠣᠯᠠᠨ ᠲᠦᠮᠡᠨ ᠤ ᠠᠵᠤ ᠠᠮᠢᠳᠤᠷᠠᠯ ᠳᠤ ᠢᠮᠠᠭᠲᠠ ᠰᠡᠳᠬᠢᠯ ᠲᠠᠯᠪᠢᠵᠤ᠂ ᠦᠨᠳᠦᠰᠦᠲᠡᠨ ᠤ ᠭᠠᠵᠠᠷ | ᠣᠷᠣᠨ ᠤ ᠬᠦᠭᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠣᠬᠠᠢ ᠣᠯᠠᠨᠲᠠ ᠵᠢᠭᠠᠪᠤᠷᠢ ᠥᠭᠪᠡ᠃ ︽ᠬᠥᠮᠦᠨ | ᠠᠮᠠ ᠪᠠᠷ ᠴᠥᠭᠡᠪᠲᠦᠷ ᠦᠨᠳᠦᠰᠦᠲᠡᠨ ᠤ ᠬᠥᠭᠵᠢᠯᠲᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠢᠯᠢ ᠬᠢᠵᠠᠭᠠᠷ | ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠶᠡᠬᠡᠪᠡᠷ ᠦᠷᠨᠢᠭᠦᠯᠵᠦ᠂ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠠᠮᠲᠤ ᠪᠠᠷ ᠴᠢᠨᠡᠭᠡᠯᠢᠭ ᠨᠡᠶᠢᠭᠡᠮ ᠳᠤ ᠣᠷᠣᠭᠤᠯᠬᠤ ᠬᠡᠷᠡᠭᠲᠡᠢ᠃︾ | ᠭᠡᠰᠡᠨ ᠦᠭᠡ ᠶᠢ ᠨᠢ ᠴᠤ ᠡᠨᠡ ᠵᠢᠯ ᠤᠨ ᠬᠤᠶᠠᠷ ᠬᠤᠷᠠᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ | ᠪᠢᠴᠢᠵᠦ ᠣᠷᠣᠭᠤᠯᠪᠠ᠃ | ᠭᠤᠷᠪᠠᠳᠤᠭᠠᠷ ᠰᠠᠷ᠎ᠠ ᠳᠤ ᠤᠮᠠᠷᠠᠲᠤ ᠬᠢᠯᠢ ᠶᠢᠨ ᠲᠠᠯ᠎ᠠ ᠨᠤᠲᠤᠭ ᠳᠠᠬᠢ ᠥᠪᠥᠷ ᠮᠣᠩᠭᠤᠯ ᠳᠤ ᠬᠠᠪᠤᠷ ᠤᠨ | ᠰᠠᠯᠬᠢ ᠵᠢᠬᠡᠭᠦᠨ ᠪᠠᠶᠢᠵᠤ᠂ ᠮᠥᠩᠭᠦᠨ ᠴᠠᠰᠤᠨ ᠳᠤ ᠬᠤᠴᠢᠭᠳᠠᠭᠰᠠᠨ ᠬᠦᠷᠦᠰᠦᠨ ᠳᠣᠣᠷ᠎ᠠ ᠨᠢᠯᠬ᠎ᠠ ᠨᠠᠬᠢᠶ᠎ᠠ | ᠬᠦᠪᠦᠷᠡᠨ ᠰᠣᠶᠣᠭᠠᠯᠠᠬᠤ ᠪᠠᠷ ᠪᠤᠢ᠃ ᠨᠡᠶᠢᠰᠯᠡᠯ ᠪᠡᠭᠡᠵᠢᠩ ᠳᠤ᠂ ᠠᠷᠪᠠᠨ ᠬᠤᠶᠠᠳᠤᠭᠠᠷ ᠬᠤᠭᠤᠴᠠᠭᠠᠨ ᠳᠤ | ᠣᠷᠣᠯᠴᠠᠭᠰᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠰᠠᠭᠤᠭ᠎ᠠ ᠭᠠᠵᠠᠷ ᠲᠤ᠂ ᠪᠦᠬᠦ ᠤᠯᠤᠰ ᠤᠨ ᠠᠷᠠᠳ ᠤᠨ | ᠲᠥᠯᠥᠭᠡᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ | ᠵᠢᠶᠦ᠋ᠨ ᠲᠥᠯᠥᠭᠡᠯᠡᠭᠴᠢᠳ ᠤᠨ ᠪᠦᠯᠬᠦᠮ ᠤᠨ ᠨᠡᠭᠡᠭᠡᠯᠲᠡᠲᠦ ᠡᠳᠦᠷ ᠲᠤ ᠬᠦᠴᠦ ᠳᠣᠷᠪᠢᠲᠠᠢ ᠬᠠᠷᠢᠭᠤᠯᠤᠭᠰᠠᠨ ᠨᠢ᠄ | ︽ ᠮᠠᠯᠵᠢᠬᠤ ᠲᠠᠷᠢᠶᠠᠯᠠᠬᠤ ᠣᠷᠣᠨ ᠤ ᠬᠤᠴᠣᠷᠤᠩᠭᠤᠶ ᠳᠦᠷᠰᠦ ᠪᠠᠶᠢᠳᠠᠯ ᠢ ᠬᠤᠪᠢᠷᠠᠭᠤᠯᠬᠤ ᠳᠤ᠂ ᠨᠢᠭᠡ ᠡᠷᠦᠬᠡ | ᠠᠷᠠᠳ ᠢ ᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠳᠤ ᠭᠡᠭᠡᠭᠳᠡᠭᠦᠯᠵᠦ ᠪᠤᠯᠬᠤ ᠦᠭᠡᠢ᠃ | ︾ ᠡᠨᠡ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠢᠯᠠᠯᠲᠠ ᠶᠢ ᠣᠯᠬᠤ ᠢᠲᠡᠭᠡᠯ ᠵᠣᠷᠢᠭ ᠮᠦᠨ᠂ ᠨᠡᠩ ᠴᠤ | ᠪᠦᠬᠦ ᠣᠷᠣᠨ ᠤ ᠮᠠᠯᠴᠢᠨ ᠲᠠᠷᠢᠶᠠᠴᠢᠨ ᠤᠯᠠᠨ ᠲᠦᠮᠡᠨ ᠳᠤ ᠠᠨᠳᠠᠭᠠᠶᠢᠯᠠᠭᠰᠠᠨ ᠲᠥᠪ ᠴᠢᠩᠭ᠎ᠠ ᠠᠮᠠᠯᠠᠯᠲᠠ ᠪᠣᠯᠣᠨ᠎ᠠ | ᠭᠡᠪᠡ᠃ | ︽ᠠᠷᠪᠠ ᠶᠢ ᠪᠦᠷᠢᠨ ᠪᠦᠷᠬᠦᠭᠦᠯᠬᠦ︾ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠠᠮᠤᠭ ᠤᠨ ᠲᠣᠮᠣ ᠶᠠᠳᠠᠭᠤ ᠶᠢ ᠲᠡᠳᠬᠦᠬᠦ ᠢᠨᠵᠧᠨᠧᠷᠢᠩ ᠪᠣᠯᠬᠤ ᠬᠤᠪᠢ ᠪᠠᠷ᠂ ᠳᠡᠭᠡᠪᠦᠷ ᠵᠢᠷᠤᠭ ᠲᠥᠯᠥᠪᠯᠡᠭᠡ ᠶᠢᠨ | ᠲᠠᠯ᠎ᠠ ᠠᠴᠠ ᠰᠢᠨ᠎ᠡ ᠮᠠᠯᠵᠢᠬᠤ ᠣᠷᠣᠨ ᠰᠢᠨ᠎ᠡ ᠲᠠᠷᠢᠶᠠᠯᠠᠬᠤ ᠣᠷᠣᠨ ᠤ ᠲᠥᠪᠯᠡᠷᠡᠭᠦᠯᠦᠨ ᠪᠦᠳᠦᠭᠡᠨ ᠪᠠᠶᠢᠭᠤᠯᠬᠤ | ᠪᠡᠷᠬᠡ ᠰᠡᠳᠦᠪ ᠢ ᠰᠢᠢᠳᠪᠦᠷᠢᠯᠡᠵᠦ᠂ ᠬᠤᠳᠠ ᠬᠥᠳᠡᠭᠡ ᠶᠢᠨ ᠬᠤᠶᠠᠷ ᠡᠰᠢᠲᠦ ᠪᠦᠲᠦᠴᠡ ᠶᠢᠨ ᠪᠣᠭᠤᠮᠢ ᠶᠢ | ᠰᠢᠪᠲᠤᠯᠣᠭᠠᠳ᠂ ᠮᠠᠯᠵᠢᠬᠤ ᠲᠠᠷᠢᠶᠠᠯᠠᠬᠤ ᠣᠷᠣᠨ ᠤ ᠬᠦᠭᠵᠢᠯᠲᠡ ᠶᠢᠨ ᠲᠤᠲᠠᠭᠤ ᠲᠠᠯ᠎ᠠ ᠶᠢ ᠨᠥᠬᠦᠪᠦᠷᠢᠯᠡᠵᠡᠢ᠃ | ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠨᠡᠭᠡᠭᠡᠯᠲᠡᠲᠦ ᠡᠳᠦᠷ ᠲᠤ᠂ ᠸᠠᠩ ᠵᠢᠶᠦ᠋ᠨ | ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠥᠪᠥᠷ ᠮᠣᠩᠭᠤᠯ ᠤᠨ ︽ᠠᠷᠪᠠ ᠶᠢ ᠪᠦᠷᠢᠨ ᠪᠦᠷᠬᠦᠭᠦᠯᠬᠦ ︾ ᠶᠢᠨ | ᠲᠤᠬᠠᠶ ᠠᠰᠠᠭᠤᠯᠲᠠ ᠶᠢ ᠬᠠᠷᠢᠭᠤᠯᠬᠤ ᠳᠠᠭᠠᠨ᠄ ︽ᠪᠢᠳᠡ ᠠᠷᠠᠳ ᠤᠯᠠᠨ ᠳᠤ ᠬᠡᠳᠦᠢ ᠬᠠᠯᠠᠭᠤᠮᠰᠤᠭ ᠪᠠᠶᠢᠪᠠᠯ᠂ | ᠠᠷᠠᠳ ᠲᠦᠮᠡᠨ ᠪᠢᠳᠡᠨ ᠳᠤ ᠲᠡᠳᠦᠢ ᠲᠤᠲᠤᠨᠤᠰᠤᠭ ᠪᠣᠯᠳᠠᠭ᠃ ᠠᠷᠠᠳ ᠤᠨ ᠠᠮᠢᠳᠤᠷᠠᠯ ᠤᠨ ᠢᠨᠵᠧᠨᠧᠷᠢᠩ ᠢ | ᠤᠯᠠᠨ ᠲᠦᠮᠡᠨ ᠤ ᠰᠠᠨᠠᠭᠠᠨ ᠳᠤᠨᠢ ᠲᠠᠭᠠᠷᠠᠲᠠᠯᠠ ᠬᠢᠬᠦ ᠬᠡᠷᠡᠭᠲᠡᠢ᠃︾ ᠭᠡᠵᠡᠢ᠃ | 2013 ᠣᠨ ᠤ ᠵᠢᠯ ᠤᠨ ᠡᠬᠢ ᠪᠠᠷ᠂ ᠸᠠᠩ ᠵᠢᠶᠦ᠋ᠨ ᠲᠤᠰᠢᠶᠠᠯ ᠳᠤ ᠭᠠᠷᠤᠮᠠᠭᠴᠠ ᠪᠠᠨ᠂ ᠮᠠᠯᠵᠢᠬᠤ | ᠲᠠᠷᠢᠶᠠᠯᠠᠬᠤ ᠣᠷᠣᠨ ᠤ ᠠᠷᠠᠳ ᠤᠨ ᠭᠡᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃ ᠵᠠᠷᠢᠮ ᠬᠥᠮᠦᠰ | ᠪᠠᠰᠠ ᠡᠪᠳᠡᠷᠡᠵᠦ ᠨᠤᠷᠠᠬᠤ ᠠᠶᠤᠯᠲᠠᠶ ᠪᠣᠭᠤᠨᠢ ᠭᠡᠷ ᠲᠤ ᠰᠠᠭᠤᠵᠤ ᠪᠠᠶᠢᠭ᠎ᠠ ᠶᠢ ᠦᠵᠡᠭᠡᠳ᠂ ᠸᠠᠩ ᠵᠢᠶᠦ᠋ᠨ ︽ | ᠵᠢᠷᠦᠬᠡ ᠰᠢᠮᠰᠢᠷᠡᠵᠦ ᠪᠠᠶᠢᠨ᠎ᠠ︾ ᠭᠡᠵᠦ ᠲᠣᠬᠠᠢ ᠶᠢᠨ ᠦᠶ᠎ᠡ ᠶᠢᠨ ᠥᠪᠡᠷ ᠤᠨ ᠲᠦᠷᠦᠭᠳᠡᠯ ᠢᠶᠠᠨ ᠢᠯᠡᠳᠬᠡᠪᠡ᠃ | ᠮᠠᠯᠴᠢᠨ ᠲᠠᠷᠢᠶᠠᠴᠢᠨ ᠣᠯᠠᠨ ᠲᠦᠮᠡᠨ ᠤ ᠬᠠᠮᠤᠭ ᠤᠨ ᠲᠤᠯᠭᠠᠮ᠎ᠠ᠂ ᠬᠠᠮᠤᠭ ᠤᠨ ᠪᠣᠳᠠᠲᠠᠶ ᠬᠦᠴᠢᠷᠳᠡᠯ ᠢ ᠬᠡᠷᠬᠢᠨ | ᠰᠠᠶᠢᠲᠤᠷ ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠬᠤᠴᠣᠷᠤᠩᠭᠤᠶ ᠳᠦᠷᠰᠦ ᠪᠠᠶᠢᠳᠠᠯ ᠢ ᠬᠡᠷᠬᠢᠨ | ᠬᠤᠪᠢᠷᠠᠭᠤᠯᠬᠤ ᠨᠢ ᠲᠡᠭᠦᠨ ᠤ ᠪᠣᠳᠣᠯᠬᠢᠯᠠᠬᠤ ᠴᠢᠬᠤᠯᠠᠲᠠᠶ ᠨᠢᠭᠡᠨ ᠭᠤᠣᠯᠳᠠᠯᠭ᠎ᠠ ᠪᠣᠯᠵᠠᠢ᠃ | 2014 ᠣᠨ ᠠᠴᠠ ᠡᠬᠢᠯᠡᠨ᠂ ᠥᠪᠥᠷ ᠮᠣᠩᠭᠤᠯ 3 ᠵᠢᠯ ᠳᠤ 1000 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠬᠤ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠪᠦᠬᠦ ᠣᠷᠣᠨ ᠳᠤ | ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠠᠶᠢᠵᠢᠷᠠᠭᠤᠯᠬᠤ᠂ ᠤᠰᠤ | ᠤᠮᠳᠠ ᠶᠢᠨ ᠠᠮᠤᠷ ᠲᠦᠪᠰᠢᠨ᠂ ᠭᠠᠴᠠᠭ᠎ᠠ ᠲᠣᠰᠬᠤᠨ ᠤ ᠵᠡᠭᠡᠯᠢ ᠭᠤᠳᠤᠮ ᠢ ᠬᠠᠲᠠᠭᠤᠷᠠᠭᠤᠯᠬᠤ᠂ ᠭᠠᠴᠠᠭ᠎ᠠ | ᠪᠦᠬᠦᠨ ᠳᠤ ᠴᠠᠬᠢᠯᠭᠠᠨ ᠨᠡᠪᠲᠡᠷᠡᠭᠦᠯᠬᠦ᠂ ᠲᠣᠰᠬᠤᠨ ᠪᠦᠬᠦᠨ ᠳᠤ ᠷᠠᠳᠢᠣ᠋ ᠲᠧᠯᠸᠢᠰ ᠴᠢᠮᠡᠭᠡ ᠬᠤᠯᠪᠣᠭ᠎ᠠ ᠨᠡᠪᠲᠡᠷᠡᠭᠦᠯᠬᠦ | ᠂ ᠰᠤᠷᠭᠠᠭᠤᠯᠢ ᠶᠢᠨ ᠰᠤᠷᠤᠭᠴᠢ ᠶᠢᠨ ᠪᠠᠶᠢᠷᠢ ᠶᠢᠨ ᠪᠦᠳᠦᠭᠡᠨ ᠪᠠᠶᠢᠭᠤᠯᠤᠯᠲᠠ ᠵᠢᠴᠢ ᠠᠶᠤᠯ ᠦᠬᠡᠢ ᠪᠣᠯᠭᠠᠨ ᠵᠠᠰᠠᠨ | ᠰᠢᠨᠡᠳᠬᠡᠬᠦ᠂ ᠭᠠᠴᠠᠭ᠎ᠠ ᠲᠣᠰᠬᠤᠨ ᠤ ᠪᠠᠷᠢᠮᠵᠢᠶᠠᠵᠢᠭᠤᠯᠤᠭᠰᠠᠨ ᠡᠷᠡᠭᠦᠯ ᠬᠠᠮᠠᠭᠠᠯᠠᠯ ᠤᠨ ᠥᠷᠥᠭᠡ᠂ ᠭᠠᠴᠠᠭ᠎ᠠ | ᠲᠣᠰᠬᠤᠨ ᠤ ᠰᠣᠶᠣᠯ ᠤᠨ ᠦᠷᠦᠬᠡ᠂ ᠤᠯᠠᠨ ᠲᠦᠮᠡᠨ ᠳᠤ ᠳᠦᠭᠦᠮ ᠦᠵᠡᠭᠦᠯᠬᠦ ᠬᠤᠯᠪᠣᠭᠠᠲᠤ ᠬᠡᠳᠦ ᠳᠡᠯᠭᠡᠭᠦᠷ᠂ | ᠮᠠᠯᠵᠢᠬᠤ ᠲᠠᠷᠢᠶᠠᠯᠠᠬᠤ ᠣᠷᠣᠨ ᠳᠤ ᠪᠠᠶᠢᠩᠭᠤ ᠰᠠᠭᠤᠭ᠎ᠠ ᠬᠥᠮᠦᠨ ᠠᠮᠠ ᠶᠢᠨ ᠨᠠᠰᠤᠵᠢᠯ ᠤᠨ ᠠᠰᠠᠷᠠᠮᠵᠢ ᠡᠮ ᠡᠮᠨᠡᠯᠭᠡ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ︽ᠠᠷᠪᠠ ᠶᠢ ᠪᠦᠷᠢᠨ ᠪᠦᠷᠬᠦᠭᠦᠯᠬᠦ ︾ ᠢᠨᠵᠧᠨᠧᠷᠢᠩ ᠢ | ᠲᠦᠯᠬᠢᠨ ᠠᠬᠢᠭᠤᠯᠵᠤ᠂ ᠡᠭᠦᠨ ᠢᠶᠠᠷ ᠳᠠᠮᠵᠢᠭᠤᠯᠤᠨ ᠮᠠᠯᠵᠢᠬᠤ ᠲᠠᠷᠢᠶᠠᠯᠠᠬᠤ ᠣᠷᠣᠨ ᠤ ᠳᠦᠷᠰᠦ ᠪᠠᠶᠢᠳᠠᠯ ᠢ | ᠦᠨᠳᠦᠰᠦᠨ ᠠᠴᠠ ᠨᠢ ᠬᠤᠪᠢᠷᠠᠭᠤᠯᠵᠤ᠂ ᠬᠦᠭᠵᠢᠯᠲᠡ ᠶᠢᠨ ᠲᠤᠲᠠᠭᠤ ᠲᠠᠯ᠎ᠠ ᠶᠢ ᠨᠥᠬᠦᠪᠦᠷᠢᠯᠡᠪᠡ᠃ | ᠪᠦᠬᠦ ᠤᠯᠤᠰ ᠤᠨ ᠠᠷᠠᠳ ᠤᠨ ᠲᠥᠯᠥᠭᠡᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠲᠡᠷᠢᠭᠦᠯᠡᠭᠴᠢ ᠪᠠᠭᠠᠲᠤᠷ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ | ᠨᠡᠭᠡᠭᠡᠯᠲᠡᠲᠦ ᠡᠳᠦᠷ ᠤᠨ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ︽13· 5︾ ᠶᠢᠨ ᠬᠤᠭᠤᠴᠠᠭᠠᠨ ᠳᠤ | ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠶᠡᠭᠡ ᠲᠥᠯᠥᠪ ᠬᠤᠶᠠᠷ ᠱᠠᠲᠤ | ᠬᠤᠪᠢᠶᠠᠵᠤ ᠶᠠᠪᠤᠭᠳᠠᠭᠤᠯᠤᠨ᠎ᠠ᠄ ᠨᠢᠭᠡ ᠳᠤ 2017 ᠣᠨ ᠪᠣᠯᠬᠤ ᠳᠤ᠂ ᠲᠦᠢᠯ ᠤᠨ ᠶᠠᠳᠠᠭᠤ ᠬᠦᠴᠢᠷᠳᠡᠯᠲᠡᠶ | ᠦᠵᠡᠭᠳᠡᠯ ᠢ ᠦᠨᠳᠦᠰᠦᠨ ᠳᠡᠭᠡᠨ ᠠᠷᠢᠯᠭᠠᠵᠤ᠂ ᠣᠷᠣᠨ ᠤ ᠳᠡᠰ ᠤᠨ 26 ᠶᠠᠳᠠᠭᠤ ᠰᠢᠶᠠᠨ ᠪᠦᠬᠦᠨ ᠢ | ᠶᠠᠳᠠᠭᠤ ᠠᠴᠠ ᠠᠩᠭᠢᠵᠢᠷᠠᠭᠤᠯᠤᠨ᠎ᠠ︔ ᠬᠤᠶᠠᠷ ᠲᠤ 2020 ᠣᠨ ᠪᠣᠯᠬᠤ ᠳᠤ 80 ᠲᠦᠮᠡᠨ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠪᠥᠬᠦᠳᠡ ᠶᠢ ᠨᠢ ᠶᠠᠳᠠᠭᠤ ᠠᠴᠠ ᠲᠣᠭᠲᠠᠪᠤᠷᠢᠲᠠᠶ ᠠᠩᠭᠢᠵᠢᠷᠠᠭᠤᠯᠵᠤ᠂ | ᠤᠯᠤᠰ ᠤᠨ ᠳᠡᠰ ᠤᠨ 31 ᠶᠠᠳᠠᠭᠤ ᠰᠢᠶᠠᠨ ᠪᠥᠬᠦᠡ ᠢ ᠶᠠᠳᠠᠭᠤ ᠠᠴᠠ ᠠᠩᠭᠢᠵᠢᠷᠠᠭᠤᠯᠤᠨ᠎ᠠ ᠭᠡᠵᠡᠢ᠃ | ᠪᠠᠲᠤᠯᠠᠭ᠎ᠠ ᠶᠢᠨ ᠪᠢᠴᠢᠭ ᠪᠠᠭᠤᠯᠭᠠᠵᠤ᠂ ᠰᠢᠷᠭᠠᠭᠤ ᠬᠠᠲᠠᠭᠤᠵᠢᠯᠲᠠᠢ ᠪᠠᠷ ᠤᠷᠤᠭᠰᠢᠯᠠᠪᠠ᠃ | ︽ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠳᠠᠷᠤᠶ ᠮᠠᠨ ᠤ ᠲᠡᠮᠡᠴᠡᠬᠦ | ᠬᠠᠷᠠᠯᠲᠠ ᠮᠥᠨ︾᠃ ᠢᠨᠵᠧᠨᠧᠷᠢᠩ ᠢ ᠬᠤᠶᠠᠷ ᠵᠢᠯ ᠰᠢᠬᠠᠮ ᠬᠡᠷᠡᠭᠵᠢᠭᠦᠯᠦᠭᠡᠳ᠂ ᠦᠷ᠎ᠡ ᠠᠰᠢᠭ ᠢᠶᠠᠷ ᠬᠢᠷᠢ ᠵᠡᠷᠭᠡ | ᠪᠠᠶᠢᠬᠤ ᠪᠤᠢ︖ | | ᠨᠢᠳᠤᠨᠤᠨ ᠤ 9᠂ 10 ᠳ᠋ᠤᠭᠠᠷ ᠰᠠᠷ᠎ᠠ ᠳᠤ᠂ ᠸᠠᠩ ᠵᠢᠶᠦ᠋ᠨ᠂ ᠪᠠᠭᠠᠲᠤᠷ ᠥᠪᠡᠷᠲᠡᠭᠡᠨ ᠵᠠᠰᠠᠬᠤ ᠣᠷᠣᠨ ᠤ | ᠲᠣᠭᠤᠷᠢᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠠᠶᠢᠯ ᠲᠣᠰᠬᠤᠨ ᠡᠷᠦᠬᠡ ᠭᠡᠷ ᠢᠶᠠᠷ ᠣᠷᠣᠵᠤ᠂ | ᠲᠤᠬᠠᠶ ᠶᠢᠨ ᠭᠠᠵᠠᠷ ᠢᠶᠠᠷ ᠰᠤᠷᠪᠤᠯᠵᠢᠯᠠᠪᠠ᠃ ᠡᠨᠡ ᠪᠣᠯ ᠲᠦᠩᠯᠢᠶᠣᠤ ᠬᠤᠲᠠ ᠶᠢᠨ ᠭᠠᠨᠵᠤᠭ᠎ᠠ ᠪᠠᠯᠭᠠᠰᠤ ᠶᠢᠨ | ᠰᠢᠷᠭᠤᠤᠯᠳᠠᠢ ᠭᠠᠴᠠᠭ᠎ᠠ ᠳᠤ᠂ ᠸᠠᠩ ᠵᠢᠶᠦ᠋ᠨ᠂ ᠪᠠᠭᠠᠲᠤᠷ ᠭᠠᠴᠠᠭᠠᠨ ᠤ ᠠᠷᠠᠳ ᠤᠨ ᠦᠢᠯᠡᠳᠪᠦᠷᠢᠯᠡᠯ | ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ ᠪᠠᠶᠢᠭ᠎ᠠ ᠨᠢ᠃ | ᠨᠢᠳᠤᠨᠤᠨ ᠤ 9᠂ 10 ᠳ᠋ᠤᠭᠠᠷ ᠰᠠᠷ᠎ᠠ ᠳᠤ᠂ ᠸᠠᠩ ᠵᠢᠶᠦ᠋ᠨ᠂ ᠪᠠᠭᠠᠲᠤᠷ ᠥᠪᠡᠷᠲᠡᠭᠡᠨ ᠵᠠᠰᠠᠬᠤ ᠣᠷᠣᠨ ᠤ | ᠲᠣᠭᠤᠷᠢᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ᠂ ᠠᠶᠢᠯ ᠲᠣᠰᠬᠤᠨ ᠡᠷᠦᠬᠡ ᠭᠡᠷ ᠢᠶᠠᠷ ᠣᠷᠣᠵᠤ᠂ | ᠲᠤᠬᠠᠶ ᠶᠢᠨ ᠭᠠᠵᠠᠷ ᠢᠶᠠᠷ ᠰᠤᠷᠪᠤᠯᠵᠢᠯᠠᠪᠠ᠃ ᠪᠠᠶᠢᠴᠠᠭᠠᠬᠤ ᠳᠤᠭᠤᠶᠢᠯᠠᠩ ︽ᠨᠢᠭᠡᠨᠲᠡ ᠲᠣᠭᠲᠠᠭᠰᠠᠨ ᠱᠤᠭᠤᠮ︾ | ᠢᠶᠠᠷ ᠶᠠᠪᠤᠭᠰᠠᠨ ᠦᠭᠡᠢ᠂ ᠬᠠᠷᠢᠨ ᠳᠣᠬᠢᠶᠠᠯ ᠲᠠᠭᠠᠷᠠᠪᠠᠯ ᠰᠤᠭᠤᠴᠠᠨ ᠪᠠᠶᠢᠴᠠᠭᠠᠵᠤ᠂ ᠠᠰᠠᠭᠤᠳᠠᠯ ᠪᠠᠶᠢᠬᠤ ᠶᠢ | ᠣᠯᠵᠤ ᠮᠡᠳᠡᠪᠡᠯ ᠲᠡᠷᠡ ᠳᠠᠷᠤᠶ ᠳᠤᠨᠢ ᠦᠨᠡᠯᠡᠵᠦ᠂ ᠴᠡᠭᠴᠡᠯᠡᠨ ᠥᠭᠡᠷᠡᠴᠢᠯᠡᠬᠦ ᠰᠠᠨᠠᠯ ᠳᠤᠷᠠᠳᠪᠠ᠃ | ᠬᠤᠷᠢᠨ ᠬᠡᠳᠦᠨ ᠡᠳᠦᠷ ᠤᠨ ᠲᠣᠭᠤᠷᠢᠨ ᠪᠠᠶᠢᠴᠠᠭᠠᠯᠲᠠ ᠨᠢ ᠲᠦᠮᠡ ᠭᠠᠷᠤᠶ ᠺᠢᠯᠣᠮᠧᠲᠷ ᠠᠶᠠᠯᠠᠵᠤ᠂ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠡᠷᠲᠡᠯᠡᠵᠦ ᠣᠷᠣᠶᠢᠯᠠᠨ᠂ ᠵᠢᠯᠣᠭᠤ ᠲᠠᠲᠠᠯ ᠦᠭᠡᠢ ᠶᠠᠭᠠᠷᠠᠵᠤ᠂ | 500 ᠭᠠᠷᠤᠶ ᠭᠠᠴᠠᠭ᠎ᠠ ᠲᠣᠰᠬᠤᠨ ᠢᠶᠠᠷ ᠭᠦᠨᠵᠡᠭᠡᠶᠢᠷᠡᠨ ᠪᠤᠳᠠᠳᠤ ᠪᠠᠶᠢᠳᠠᠯ ᠢ ᠰᠤᠷᠪᠣᠯᠵᠢᠯᠠᠨ᠂ ᠠᠷᠠᠳ ᠤᠨ | ᠰᠠᠨᠠᠯ ᠢ ᠣᠶᠢᠯᠠᠭᠠᠵᠠᠢ᠃ ᠥᠨᠳᠥᠷ ᠰᠦᠷᠯᠢᠭ ᠬᠢᠩᠭᠠᠨ ᠳᠠᠪᠠᠭ᠎ᠠ ᠠᠴᠠ ᠰᠢᠯᠢ ᠶᠢᠨ ᠭᠤᠣᠯ ᠤᠨ ᠲᠠᠯ᠎ᠠ ᠨᠤᠲᠤᠭ | ᠬᠦᠷᠲᠡᠯ᠎ᠡ ᠲᠡᠳᠡᠨ ᠤ ᠤᠯᠠ ᠮᠥᠷ ᠦᠯᠡᠳᠡᠭᠰᠡᠨ ᠪᠠᠶᠢᠨ᠎ᠠ᠃ | ᠮᠠᠯᠴᠢᠨ ᠲᠠᠷᠢᠶᠠᠴᠢᠨ ᠤᠯᠠᠨ ᠲᠦᠮᠡᠨ ᠡᠶᠢᠮᠦᠷᠬᠦ ᠲᠣᠭᠤᠷᠢᠨ ᠪᠠᠶᠢᠴᠠᠭᠠᠨ ᠰᠤᠳᠤᠯᠬᠤ ᠶᠢ ᠠᠮᠠ ᠬᠠᠮᠬᠢᠯ | ᠦᠭᠡᠢ ᠮᠠᠭᠲᠠᠨ ᠰᠠᠶᠢᠰᠢᠶᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠢᠩᠬᠢᠵᠦ ᠲᠣᠭᠤᠷᠢᠨ ᠦᠵᠡᠬᠦ ᠨᠢ ︽ | ᠦᠨᠡᠬᠡᠷ ᠬᠥᠯᠥᠰᠥ ᠭᠠᠷᠭᠠᠵᠤ᠂ ᠦᠨᠡᠬᠡᠷ ᠢᠳᠡ ᠦᠵᠡᠭᠦᠯᠵᠦ᠂ ᠦᠨᠡᠬᠡᠷ ᠬᠠᠨᠤᠮᠵᠢᠲᠠᠢ ᠪᠠᠶᠢᠨ᠎ᠠ᠃︾ ᠭᠡᠵᠦ | ᠮᠠᠭᠲᠠᠵᠠᠢ᠃ | ︽ ︿ᠠᠷᠪᠠ ᠶᠢ ᠪᠦᠷᠢᠨ ᠪᠦᠷᠬᠦᠭᠦᠯᠬᠦ﹀ ᠢᠨᠵᠧᠨᠧᠷᠢᠩ ᠨᠢ ᠮᠠᠨ ᠤ ᠮᠠᠯᠴᠢᠨ ᠲᠠᠷᠢᠶᠠᠴᠢᠨ ᠤᠯᠠᠨ | ᠲᠦᠮᠡᠨ ᠳᠤ ᠪᠣᠳᠣᠵᠤ ᠣᠯᠣᠰᠢ ᠦᠭᠡᠢ ᠰᠠᠶᠢᠬᠠᠨ ᠠᠮᠢᠳᠤᠷᠠᠯ ᠢ ᠡᠳ᠋ᠯᠡᠭᠦᠯᠪᠡ᠂ ᠤᠳᠤ ᠪᠦᠬᠦᠳᠡᠭᠡᠷ ᠢᠶᠠᠨ ᠪᠠᠶᠠᠵᠢᠨ | ᠴᠢᠨᠡᠭᠡᠯᠢᠭᠵᠢᠬᠦ ᠵᠠᠮ ᠢᠶᠠᠷ ᠵᠠᠮᠨᠠᠬᠤ ᠢᠲᠡᠭᠡᠯ ᠬᠦᠴᠦᠨ ᠲᠡᠭᠦᠯᠳᠡᠷ ᠪᠠᠶᠢᠵᠤ᠂ ᠪᠢᠳᠡ ᠦᠨᠡᠨ ᠰᠡᠳᠬᠢᠯ ᠠᠴᠠ ᠪᠠᠨ ᠡᠪ | ᠬᠠᠮᠲᠤ ᠨᠠᠮ ᠳᠠᠭᠠᠨ ᠲᠠᠯᠠᠷᠬᠠᠵᠤ ᠪᠠᠶᠢᠨ᠎ᠠ᠃︾ ᠭᠡᠵᠦ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢ᠂ ᠥᠪᠥᠷ ᠮᠣᠩᠭᠤᠯ ᠤᠨ ᠠᠪᠠᠭ᠎ᠠ ᠬᠤᠰᠢᠭᠤ ᠠᠴᠠ ᠢᠷᠡᠭᠰᠡᠨ ᠮᠠᠯᠴᠢᠨ ᠡᠷᠳᠡᠨᠢᠭᠡᠷᠡᠯ | ᠢᠩᠬᠢᠵᠤ ᠬᠡᠯᠡᠭᠰᠡᠨ ᠪᠢᠯᠡ᠃ | ᠥᠪᠥᠷ ᠮᠣᠩᠭᠤᠯ ᠤᠨ ᠭᠠᠵᠠᠷ ᠠᠭᠤᠳᠠᠮ ᠬᠥᠮᠦᠨ ᠠᠮᠠ ᠴᠦᠬᠡᠨ᠂ ᠤᠰᠤᠨ ᠤ ᠡᠬᠢ ᠪᠠᠶᠠᠯᠢᠭ ᠬᠤᠪᠣᠷ | ᠴᠤᠬᠠᠭ ᠪᠠᠶᠢᠵᠤ᠂ ᠲᠠᠯ᠎ᠠ ᠨᠤᠲᠤᠭ ᠤᠨ ᠭᠦᠨ ᠳᠤ ᠲᠠᠷᠠᠬᠠᠶ ᠪᠤᠲᠠᠷᠬᠠᠶ ᠰᠠᠭᠤᠵᠤ ᠪᠠᠶᠢᠭ᠎ᠠ ᠮᠠᠯᠴᠢᠳ ᠲᠤ ᠠᠪᠴᠤ | ᠬᠡᠯᠡᠪᠡᠯ᠂ ᠠᠭᠤᠵᠢᠭᠤ ᠰᠠᠷᠠᠭᠤᠯ ᠲᠣᠭᠤᠰᠬᠠᠨ ᠪᠠᠶᠢᠰᠢᠩ ᠳᠤ ᠰᠠᠭᠤᠯᠭᠠᠬᠤ ᠠᠴᠠ ᠠᠰᠳᠠᠭᠠᠨ ᠪᠠᠰᠠ ︽ᠤᠰᠤ | ᠣᠯᠵᠤ ᠤᠤᠭᠤᠬᠤ ᠳᠤ ᠬᠦᠴᠢᠷᠲᠡᠢ ᠪᠠᠶᠢᠬᠤ︾ ᠠᠰᠠᠭᠤᠳᠠᠯ ᠢ ᠰᠢᠢᠳᠪᠦᠷᠢᠯᠡᠵᠦ ᠥᠭᠬᠦ ᠬᠡᠷᠡᠭᠲᠡᠶ ᠶᠤᠮ᠃ | ᠡᠷᠳᠡᠨᠢᠭᠡᠷᠡᠯ ᠤᠨ ᠨᠤᠲᠤᠭ ᠰᠢᠯᠢ ᠶᠢᠨ ᠭᠤᠣᠯ ᠠᠶᠢᠮᠠᠭ ᠲᠤ ᠤᠯᠠᠨ ᠵᠢᠯ ᠤᠨ ᠲᠤᠷᠰᠢ ︽ᠬᠥᠮᠦᠨ ᠮᠠᠯ ᠤᠨ | ᠤᠤᠭᠤᠬᠤ ᠤᠰᠤᠨ︾ ᠤ ᠠᠰᠠᠭᠤᠳᠠᠯ ᠨᠢ ᠲᠤᠬᠠᠶ ᠶᠢᠨ ᠭᠠᠵᠠᠷ ᠤᠨ ᠮᠠᠯᠴᠢᠨ ᠲᠠᠷᠢᠶᠠᠴᠢᠳ ᠢ ᠭᠠᠴᠢᠭᠳᠠᠭᠤᠯᠵᠤ | ᠪᠠᠶᠢᠪᠠ᠃ ᠮᠠᠰᠢ ᠣᠯᠠᠨ ᠮᠠᠯᠴᠢᠳ ᠡᠳᠦᠷ ᠪᠦᠷᠢ ᠠᠳᠠᠭ ᠨᠠᠭᠠᠳᠤ ᠵᠠᠬ᠎ᠠ ᠳᠠᠭᠠᠨ ᠬᠤᠶᠠᠷ ᠠᠴᠠ ᠭᠤᠷᠪᠠᠨ ᠴᠠᠭ | ᠬᠡᠷᠡᠭᠯᠡᠨ ᠭᠡᠷ ᠠᠴᠠ ᠪᠠᠨ ᠨᠡᠯᠢᠶᠡᠳ ᠬᠤᠯᠠ ᠪᠠᠶᠢᠭ᠎ᠠ ᠭᠦᠨ ᠬᠤᠳᠳᠤᠭ ᠠᠴᠠ ᠤᠰᠤ ᠲᠡᠭᠡᠭᠡᠵᠦ᠂ ᠵᠢᠯ ᠪᠦᠷᠢ | ᠵᠥᠪᠬᠡᠨ ᠤᠰᠤ ᠲᠡᠭᠡᠭᠡᠬᠦ ᠲᠡᠷᠭᠡᠨ ᠤ ᠲᠤᠰᠤᠨ ᠳᠤ ᠬᠡᠳᠦᠨ ᠮᠢᠩᠭᠠᠨ ᠲᠥᠭᠦᠷᠢᠭ ᠵᠠᠷᠤᠴᠠᠭᠤᠯᠳᠠᠭ ᠪᠠᠶᠢᠨ᠎ᠠ᠃ | ᠲᠤᠬᠠᠶ ᠶᠢᠨ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ᠂ | ᠲᠡᠭᠰᠢᠳᠬᠡᠭᠡᠳ ᠤᠰᠤ ᠳᠤᠲᠠᠭᠳᠠᠬᠤ ᠮᠠᠯᠵᠢᠬᠤ ᠣᠷᠣᠨ ᠤ ᠬᠤᠨᠢ ᠨᠢᠭᠡᠪᠦᠷᠢ ᠶᠢᠨ ᠠᠰᠢᠭ ᠬᠤᠨᠵᠢᠪᠦᠷᠢ ᠶᠢᠨ | ᠲᠦᠷᠪᠡᠠ ᠤ ᠨᠢᠭᠡ ᠬᠤᠪᠢ ᠨᠢ ᠤᠰᠤ ᠲᠡᠭᠡᠭᠡᠬᠦ ᠵᠠᠷᠤᠳᠠᠯ ᠳᠤ ᠣᠷᠣᠭᠰᠠᠨ ᠪᠠᠶᠢᠳᠠᠭ᠃ | ︽ᠠᠷᠪᠠ ᠶᠢ ᠪᠦᠷᠢᠨ ᠪᠦᠷᠬᠦᠭᠦᠯᠬᠦ ︾ ᠢᠨᠵᠧᠨᠧᠷᠢᠩ ᠢ ᠬᠡᠷᠡᠭᠵᠢᠭᠦᠯᠦᠭᠰᠡᠨ ᠤ ᠰᠡᠭᠦᠯᠡᠷ᠂ ᠲᠤᠬᠠᠶ ᠶᠢᠨ | ᠭᠠᠵᠠᠷ ᠤᠨ ᠵᠠᠰᠠᠭ ᠤᠨ ᠣᠷᠳᠣᠨ ᠠᠴᠠ ᠲᠥᠷᠥᠯ ᠵᠦᠢᠯ ᠤᠨ ᠪᠡᠯᠡ ᠮᠥᠩᠭᠦ ᠶᠢ ᠡᠮᠬᠢᠳᠬᠡᠨ ᠨᠡᠶᠢᠯᠡᠭᠦᠯᠵᠦ᠂ ᠠᠳᠠᠯᠢ | ᠪᠣᠰᠤ ᠶᠢᠨ ᠲᠡᠵᠢᠭᠡᠨ ᠦᠷᠡᠵᠢᠭᠦᠯᠬᠦ ᠬᠡᠪᠴᠢᠶᠡᠨ ᠳᠤ ᠴᠢᠭᠯᠡᠭᠦᠯᠵᠦ᠂ ᠮᠠᠯᠴᠢᠨ ᠡᠷᠦᠬᠡ ᠪᠦᠷᠢ ᠳᠤ ᠤᠰᠤ | ᠬᠠᠳᠠᠭᠠᠯᠠᠬᠤ ᠲᠣᠮᠣ ᠵᠣᠭᠤᠷᠢ ᠪᠠᠷᠢᠵᠤ ᠥᠭᠪᠡ᠃ ᠲᠡᠷᠡᠴᠢᠯᠡᠨ ᠶᠡᠭᠡ ᠳᠠᠭᠠᠭᠠᠴᠠ ᠲᠠᠢ ᠤᠰᠤ ᠬᠦᠷᠭᠡᠬᠦ ᠲᠡᠷᠭᠡ | ᠲᠣᠮᠢᠯᠠᠨ ᠬᠦᠷᠭᠡᠵᠦ᠂ ᠮᠠᠯᠴᠢᠳ ᠬᠥᠮᠦᠨ ᠮᠠᠯ ᠤᠨ ᠤᠰᠤ ᠤᠮᠳᠠ ᠶᠢᠨ ᠲᠥᠯᠥᠭᠡ ᠳᠠᠬᠢᠨ ᠭᠠᠴᠢᠭᠳᠠᠬᠤ ᠪᠠᠨ | ᠪᠣᠯᠢᠪᠠ᠃ | | ᠪᠤᠭᠤᠲᠤ ᠬᠤᠲᠠ ᠶᠢᠨ ᠭᠦᠶᠡᠩ ᠰᠢᠶᠠᠨ ᠤ ᠲᠢᠶᠠᠨ ᠱᠧᠩ ᠴᠧᠩ ᠲᠤᠰᠬᠤᠨ᠂ ᠲᠦᠢᠯ ᠤᠨ ᠣᠨᠣᠪᠴᠢᠲᠠᠶ | ᠪᠠᠷ ᠶᠠᠳᠠᠭᠤ ᠶᠢ ᠲᠡᠳᠬᠦᠭᠡᠳ ᠠᠶᠢᠯ ᠲᠣᠰᠬᠤᠨ ᠤ ᠳᠦᠷᠰᠦ ᠪᠠᠶᠢᠳᠠᠯ ᠢᠶᠠᠨ ᠰᠢᠨᠡᠳᠬᠡᠪᠡ᠃ ᠡᠨᠡ ᠪᠣᠯ ᠠᠶᠢᠯ ᠤᠨ | ᠵᠠᠬ᠎ᠠ ᠠᠴᠠ ᠰᠡᠭᠦᠳᠡᠷᠯᠡᠭᠰᠡᠨ ᠲᠢᠶᠠᠨ ᠱᠧᠩ ᠴᠧᠩ ᠭᠠᠴᠠᠭᠠᠨ ᠤ ᠪᠦᠬᠦ ᠪᠠᠶᠢᠳᠠᠯ ᠪᠣᠯᠤᠨ᠎ᠠ᠃ | ᠥᠨᠦ ᠪᠣᠯᠬᠤ ᠳᠤ᠂ ᠢᠨᠵᠧᠨᠧᠷᠢᠩ ᠨᠢ ᠨᠢᠭᠡᠨᠲᠡ 886 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ 84.4% ᠶᠢᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠪᠥᠳᠥᠭᠡᠨ | ᠪᠠᠶᠢᠭᠤᠯᠬᠤ ᠥᠭᠡᠷᠡᠴᠢᠯᠡᠬᠦ ᠡᠭᠦᠷᠭᠡ ᠪᠠᠨ ᠪᠡᠶᠡᠯᠡᠭᠦᠯᠦᠨ᠂ ᠥᠷᠭᠡᠨ ᠠᠭᠤᠳᠠᠮ ᠮᠠᠯᠵᠢᠬᠤ ᠲᠠᠷᠢᠶᠠᠯᠠᠬᠤ ᠣᠷᠣᠨ ᠤ | ᠳᠦᠷᠰᠦ ᠪᠠᠶᠢᠳᠠᠯ ᠢᠶᠠᠨ ᠰᠢᠨᠡᠳᠬᠡᠪᠡ᠃ ︽ᠲᠣᠭᠤᠰᠬᠠᠨ ᠪᠠᠶᠢᠰᠢᠩ ᠳᠤ ᠰᠠᠭᠤᠵᠤ᠂ ᠪᠣᠬᠢᠷᠲᠤᠯ ᠦᠭᠡᠢ ᠤᠰᠤ | ᠤᠤᠭᠤᠵᠤ᠂ ᠨᠠᠰᠤᠵᠢᠯ ᠤᠨ ᠠᠰᠠᠷᠠᠮᠵᠢ ᠨᠢ ᠪᠠᠲᠤᠯᠠᠭ᠎ᠠ ᠲᠠᠢ ᠪᠣᠯᠤᠭᠰᠠᠨ︾ ᠮᠠᠯᠴᠢᠨ ᠲᠠᠷᠢᠶᠠᠴᠢᠳ ᠡᠶᠢᠮᠦ ︽ | ᠭᠤᠷᠪᠠᠨ ᠠᠳᠠᠯᠢᠳᠬᠠᠯ︾ ᠢᠶᠠᠷ ᠣᠳᠣᠬᠠᠨ ᠤ ᠵᠣᠯ ᠵᠢᠷᠭᠠᠯᠲᠤ ᠠᠮᠢᠳᠤᠷᠠᠯ ᠢᠶᠠᠨ ᠳᠥᠷᠰᠦᠯᠡᠪᠡ — ︽ | ᠥᠩᠭᠡᠷᠡᠭᠰᠡᠨ ᠲᠠᠢ ᠠᠳᠠᠯᠢᠳᠬᠠᠪᠠᠯ᠂ ᠰᠢᠨ᠎ᠡ ᠠᠵᠤ ᠠᠮᠢᠳᠤᠷᠠᠯ ᠨᠢ ᠪᠠᠯ ᠠᠴᠠ ᠠᠮᠲᠠᠲᠠᠶ ᠪᠠᠶᠢᠨ᠎ᠠ︔ ᠬᠤᠲᠠ ᠶᠢᠨ | ᠬᠢᠨ ᠲᠠᠢ ᠠᠳᠠᠯᠢᠳᠬᠠᠪᠠᠯ᠂ ᠣᠳᠣᠬᠠᠨ ᠤ ᠮᠠᠯᠵᠢᠬᠤ ᠲᠠᠷᠢᠶᠠᠯᠠᠬᠤ ᠣᠷᠣᠨ ᠮᠦᠨ ᠨᠢᠭᠡᠨ ᠠᠳᠠᠯᠢ ᠠᠳᠠᠯᠢᠬᠠᠨ ᠭᠤᠶᠤ | ᠪᠠᠶᠢᠨ᠎ᠠ︔ ᠪᠦᠬᠦ ᠤᠯᠤᠰ ᠲᠠᠢ ᠠᠳᠠᠯᠢᠳᠬᠠᠪᠠᠯ᠂ ᠮᠠᠨ ᠤ ᠠᠮᠢᠳᠤᠷᠠᠯ ᠨᠡᠩ ᠰᠠᠢᠨ ᠪᠠᠶᠢᠨ᠎ᠠ︾ ᠭᠡᠵᠡᠢ᠃ | ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠤᠨ᠂ ᠠᠵᠤ ᠦᠢᠯᠡᠰ ᠲᠤ ᠴᠢᠰᠤ ᠪᠦᠲᠦᠭᠡᠨ ᠥᠭᠴᠦ᠂ | ᠦᠨᠳᠦᠰᠦᠲᠡᠨ ᠤ ᠭᠠᠵᠠᠷ ᠣᠷᠣᠨ ᠤ ᠶᠠᠳᠠᠭᠤ ᠶᠢ ᠲᠡᠳᠬᠦᠬᠦ ᠳᠤ ︽ᠬᠦᠯᠢᠶᠡᠬᠦ᠂ ᠨᠠᠶᠢᠳᠠᠬᠤ᠂ ᠠᠪᠬᠤ︾ ᠪᠠᠨ | ᠪᠣᠯᠢᠪᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠳᠤᠮᠳᠠ᠂ ᠥᠪᠥᠷ | ᠮᠣᠩᠭᠤᠯ ᠠᠴᠠ ᠮᠠᠯᠵᠢᠬᠤ ᠲᠠᠷᠢᠶᠠᠯᠠᠬᠤ ᠣᠷᠣᠨ ᠢ ︽ᠭᠤᠶᠤᠵᠢᠭᠤᠯᠬᠤ︾ ᠬᠢᠭᠡᠳ ︽ᠪᠠᠶᠠᠵᠢᠭᠤᠯᠬᠤ︾ ᠶᠢ | ᠵᠡᠷᠭᠡᠪᠡᠷ ᠠᠬᠢᠭᠤᠯᠬᠤ ᠶᠢ ᠪᠠᠷᠢᠮᠲᠠᠯᠠᠵᠤ᠂ ᠨᠢᠭᠡ ᠪᠦᠯᠦᠭ ︽ᠠᠵᠤ ᠦᠢᠯᠡᠰ ᠤᠨ ᠲᠤᠰᠬᠤᠨ︾᠂ ︽ᠭᠢᠯᠠᠰ ᠴᠢᠭ᠋ | ᠲᠣᠰᠬᠤᠨ︾ ᠢ ᠪᠣᠢ ᠪᠣᠯᠭᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠠᠵᠤ | ᠦᠢᠯᠡᠰ ᠤᠨ ᠰᠠᠭᠤᠷᠢ ᠶᠢ ᠪᠠᠬᠢᠵᠢᠭᠦᠯᠪᠡ᠃ | ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠢ ᠬᠦᠭᠵᠢᠭᠦᠯᠬᠦ ᠳᠤ ︽ᠴᠢᠰᠤ ᠶᠡᠭᠦᠯᠡᠬᠦ︾ ᠮᠦᠷᠲᠡᠭᠡᠨ | ᠨᠡᠩ ᠴᠦ ︽ᠴᠢᠰᠤ ᠪᠦᠲᠦᠭᠡᠬᠦ︾ ᠬᠡᠷᠡᠭᠲᠡᠶ᠃ ︽ᠴᠢᠰᠤ ᠶᠡᠭᠦᠯᠡᠬᠦ ᠳᠤ ᠴᠡᠪᠡᠷ ᠴᠢᠰᠤ᠂ ᠲᠤᠰᠠᠲᠠᠶ ᠴᠢᠰᠤ ᠶᠡᠭᠦᠯᠡᠬᠦ | ᠬᠡᠷᠡᠭᠲᠡᠢ︔ ᠴᠢᠰᠤ ᠪᠦᠲᠦᠭᠡᠬᠦ ᠳᠤ ᠴᠢᠨᠠᠷ ᠰᠠᠶᠢᠲᠠᠶ ᠴᠢᠰᠤ᠂ ᠪᠠᠶᠠᠵᠢᠭᠤᠯᠬᠤ ᠴᠢᠰᠤ᠂ ᠦᠷᠭᠦᠯᠵᠢᠯᠡᠨ ᠬᠦᠭᠵᠢᠭᠦᠯᠬᠦ | ᠴᠢᠰᠤ ᠪᠦᠲᠦᠭᠡᠬᠦ ᠬᠡᠷᠡᠭᠲᠡᠶ︾᠃ | ᠨᠢᠳᠤᠨᠤᠨ ᠤ ᠵᠢᠯ ᠤᠨ ᠡᠴᠦᠰ ᠲᠤ ᠬᠤᠷᠠᠯᠳᠤᠭᠰᠠᠨ ᠥᠪᠥᠷ ᠮᠣᠩᠭᠤᠯ ᠤᠨ ᠪᠦᠬᠦ ᠣᠷᠣᠨ ᠤ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠠᠴᠠ ᠠᠵᠤ | ᠦᠢᠯᠡᠰ ᠢ ᠲᠡᠳᠬᠦᠬᠦ ᠲᠠᠯ᠎ᠠ ᠪᠠᠷ ᠭᠠᠴᠠᠭ᠎ᠠ ᠡᠷᠦᠬᠡ ᠶᠢᠨ ᠲᠤᠬᠠᠢ ᠶᠢᠨ ᠪᠠᠶᠢᠳᠠᠯ ᠳᠤ ᠲᠣᠬᠢᠷᠠᠭᠤᠯᠬᠤ ᠬᠡᠷᠡᠭᠲᠡᠢ︔ | ᠲᠠᠷᠢᠬᠤ ᠲᠡᠵᠢᠭᠡᠨ ᠦᠷᠡᠵᠢᠭᠦᠯᠬᠦ ᠪᠦᠲᠦᠴᠡ ᠶᠢ ᠲᠣᠬᠢᠷᠠᠭᠤᠯᠵᠤ᠂ ᠶᠠᠳᠠᠭᠤ ᠡᠷᠦᠬᠡ ᠶᠢ ᠬᠥᠲᠥᠯᠥᠨ ᠵᠢᠯᠣᠭᠤᠳᠴᠤ | ᠪᠠᠶᠢᠭᠠᠳ ᠲᠤᠬᠠᠶ ᠶᠢᠨ ᠭᠠᠵᠠᠷ ᠲᠤᠨᠢ ᠲᠣᠬᠢᠷᠠᠭᠤᠯᠤᠨ ᠦᠪᠡᠷᠮᠢᠴᠡ ᠤᠨᠴᠠᠯᠢᠭᠳᠤ ᠠᠵᠤ ᠦᠢᠯᠡᠰ ᠢ ᠬᠦᠭᠵᠢᠭᠦᠯᠬᠦ ᠶᠢ | ᠨᠢ ᠲᠡᠳᠬᠦᠨ ᠳᠡᠮᠵᠢᠬᠦ ᠬᠡᠷᠡᠭᠲᠡᠢ ᠭᠡᠵᠦ ᠳᠤᠷᠠᠳᠴᠠᠢ᠃ | ᠤᠯᠠᠭᠠᠨᠬᠠᠳᠠ ᠬᠤᠲᠠ ᠶᠢᠨ ᠪᠣᠷᠣᠬᠤᠲᠠ ᠪᠠᠯᠭᠠᠰᠤ ᠶᠢᠨ ᠰᠡᠴᠡᠨᠲᠠᠯᠠ ᠭᠠᠴᠠᠭ᠎ᠠ ᠨᠢ ︽ᠳᠤᠮᠳᠠᠳᠤ ᠶᠢᠨ | ᠨᠢᠭᠡᠳᠦᠭᠡᠷ ᠯᠤᠤ︾ ᠶᠢ ᠮᠠᠯᠲᠠᠵᠤ ᠭᠠᠷᠭᠠᠭᠰᠠᠨ ᠢᠶᠠᠷ ᠢᠶᠠᠨ ᠡᠳᠦᠭᠡ ᠪᠣᠯᠲᠠᠯ᠎ᠠ ᠠᠯᠳᠠᠷᠰᠢᠭᠰᠠᠨ ᠪᠢᠯᠡ᠃ ᠣᠳᠣᠬᠠᠨ | ᠳᠤ᠂ ︽ᠠᠷᠪᠠ ᠶᠢ ᠪᠦᠷᠢᠨ ᠪᠦᠷᠬᠦᠭᠦᠯᠬᠦ︾ ᠨᠢ ᠡᠨᠡ ᠲᠣᠰᠬᠤᠨ ᠳᠤ ᠰᠢᠨ᠎ᠡ ᠠᠭᠤᠷ ᠠᠮᠢᠰᠬᠤᠯ ᠢ ᠠᠪᠴᠢᠷᠠᠭᠰᠠᠨ | ᠪᠠᠶᠢᠨ᠎ᠠ᠄ ᠠᠭᠤᠳᠠᠮ ᠰᠠᠷᠠᠭᠤᠯ ᠴᠠᠷᠳᠠᠮᠠᠯ ᠵᠠᠮ᠂ ᠲᠡᠷᠢ ᠲᠡᠭᠰᠢ ᠠᠶᠢᠯ ᠡᠷᠦᠬᠡ᠂ ᠪᠠᠭ᠋ᠠᠷᠠᠮ᠎ᠠ ᠰᠠᠶᠢᠬᠠᠨ | ᠨᠣᠭᠤᠭᠠᠷᠠᠭᠤᠯᠤᠯᠲᠠ ᠁ ᠦᠵᠡᠰᠬᠦᠯᠡᠩᠲᠦ ᠰᠠᠶᠢᠬᠠᠨ ᠡᠶ᠎ᠡ ᠵᠣᠬᠢᠴᠠᠩᠭᠤᠢ ᠰᠢᠨ᠎ᠡ ᠬᠥᠳᠡᠭᠡ ᠲᠣᠰᠬᠤᠨ | ᠬᠠᠷᠠᠭᠳᠠᠨ᠎ᠠ᠃ | | ᠴᠡᠯ ᠨᠣᠭᠤᠭᠠᠨ ᠲᠠᠯ᠎ᠠ ᠨᠤᠲᠤᠭ ᠲᠠᠭᠠᠨ ᠲᠦᠰᠢᠭᠯᠡᠨ᠂ ᠥᠪᠥᠷ ᠮᠣᠩᠭᠤᠯ ᠤᠨ ᠡᠯ᠎ᠡ ᠭᠠᠵᠠᠷ ᠤᠳ ᠲᠤᠰ | ᠭᠠᠵᠠᠷ ᠤᠨ ᠪᠠᠶᠢᠳᠠᠯ ᠳᠠᠭᠠᠨ ᠲᠣᠬᠢᠷᠠᠭᠤᠯᠤᠨ ᠲᠠᠷᠢᠶᠠᠴᠢᠨ ᠠᠶᠢᠯ ᠤᠨ ᠪᠠᠶᠠᠰᠤᠯ᠂ ᠮᠠᠯᠴᠢᠨ ᠠᠶᠢᠯ ᠤᠨ ᠪᠠᠶᠠᠰᠤᠯ | ᠵᠡᠷᠭᠡ ᠦᠪᠡᠷᠮᠢᠴᠡ ᠣᠨᠴᠠᠯᠢᠭᠲᠤ ᠵᠤᠭᠠᠴᠠᠯ ᠤᠨ ᠵᠦᠢᠯᠡᠰ ᠢ ᠡᠷᠬᠢᠯᠡᠪᠡ᠃ ᠵᠢᠷᠤᠭ ᠪᠣᠯ ᠤᠯᠠᠭᠠᠨᠬᠠᠳᠠ ᠬᠤᠲᠠ ᠶᠢᠨ | ᠣᠩᠨᠢᠭᠤᠳ ᠬᠤᠰᠢᠭᠤᠨ ᠤ ᠪᠣᠷᠣᠬᠤᠲᠠ ᠪᠠᠯᠭᠠᠰᠤ ᠶᠢᠨ ᠰᠡᠴᠡᠨᠲᠠᠯᠠ ᠭᠠᠴᠠᠭ᠎ᠠ ᠶᠢᠨ ︽ᠬᠥᠳᠡᠭᠡ ᠲᠣᠰᠬᠤᠨ ᠤ | ᠲᠠᠷᠢᠶᠠᠴᠢᠨ ᠠᠶᠢᠯ︾ ᠪᠣᠯᠤᠨ᠎ᠠ᠃ | ᠰᠡᠴᠡᠨᠲᠠᠯᠠ ᠭᠠᠴᠠᠭ᠎ᠠ ᠶᠢᠨ ︽ᠬᠥᠳᠡᠭᠡ ᠲᠣᠰᠬᠤᠨ ᠤ ᠲᠠᠷᠢᠶᠠᠴᠢᠨ ᠠᠶᠢᠯ︾ ᠤᠨ ᠡᠵᠡᠨ᠂ | ᠭᠠᠴᠠᠭᠠᠨ ᠳᠠᠭᠠᠨ ᠴᠤᠤᠲᠠᠢ ︽ᠲᠣᠮᠤ ᠳᠠᠭᠠᠭᠠᠮᠠᠯ︾ ᠵᠠᠩ ᠱᠤ᠋ ᠰᠧᠨ ᠶᠡᠭᠡ ᠪᠠᠶᠠᠷᠲᠠᠢ ᠪᠠᠷ᠄ ︽ᠮᠠᠨ ᠤ ᠲᠠᠷᠢᠶᠠᠴᠢᠨ | ᠠᠶᠢᠯ ᠤᠨ ᠮᠠᠶᠢᠮᠠᠶ ᠬᠥᠭᠵᠢᠯᠲᠡᠢ ᠴᠠᠭ ᠲᠠᠭᠠᠨ ᠨᠢᠭᠡ ᠡᠳᠦᠷ ᠲᠦᠮᠡ ᠭᠠᠷᠤᠶ ᠲᠥᠭᠦᠷᠢᠭ ᠤᠨ ᠪᠣᠷᠣ ᠣᠷᠣᠯᠭ᠎ᠠ ᠲᠠᠢ | ᠪᠠᠶᠢᠵᠤ᠂ ᠬᠠᠨᠠᠲᠤ ᠭᠡᠷ ᠲᠡᠭᠡᠨ ᠬᠠᠭᠠᠨ ᠰᠠᠭᠤᠬᠤ ᠨᠢ ᠬᠢᠵᠠᠭᠠᠷᠯᠠᠭᠳᠠᠬᠤ ᠵᠦᠢᠯ ᠦᠭᠡᠢ᠂ ᠳᠠᠬᠢᠵᠤ ᠯᠠ ᠨᠤᠲᠤᠭ | ᠤᠰᠤ ᠠᠴᠠ ᠪᠠᠨ ᠰᠠᠯᠵᠤ ᠭᠡᠷ ᠡᠷᠦᠬᠡ ᠪᠠᠨ ᠣᠷᠬᠢᠵᠤ ᠠᠵᠤ ᠦᠢᠯᠡᠰ ᠢᠶᠠᠨ ᠬᠠᠶᠠᠵᠤ ᠭᠠᠳᠠᠭᠰᠢ ᠭᠠᠷᠴᠤ | ᠬᠥᠯᠥᠰᠥᠨ ᠠᠵᠢᠯ ᠬᠢᠬᠦ ᠦᠭᠡᠢ︾ ᠭᠡᠪᠡ᠃ | ᠡᠬᠡ ᠤᠯᠤᠰ ᠤᠨ ᠤᠮᠠᠷᠠᠲᠤ ᠣᠷᠣᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ᠂ ᠤᠯᠤᠰ ᠤᠨ | ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠤᠨ ᠰᠣᠨᠢᠷᠬᠠᠯ ᠢ ᠶᠡᠬᠡᠳᠡ ᠲᠠᠲᠠᠵᠤ ᠪᠠᠶᠢᠨ᠎ᠠ᠃ ᠴᠡᠯ ᠨᠣᠭᠤᠭᠠᠨ | ᠲᠠᠯ᠎ᠠ ᠨᠤᠲᠤᠭ ᠲᠠᠭᠠᠨ ᠲᠦᠰᠢᠭᠯᠡᠨ᠂ ᠥᠪᠥᠷ ᠮᠣᠩᠭᠤᠯ ᠤᠨ ᠡᠯ᠎ᠡ ᠭᠠᠵᠠᠷ ᠤᠳ ᠲᠠᠷᠢᠶᠠᠴᠢᠨ ᠠᠶᠢᠯ ᠤᠨ ᠪᠠᠶᠠᠰᠤᠯ᠂ | ᠮᠠᠯᠴᠢᠨ ᠠᠶᠢᠯ ᠤᠨ ᠪᠠᠶᠠᠰᠤᠯ ᠵᠡᠷᠭᠡ ᠦᠪᠡᠷᠮᠢᠴᠡ ᠣᠨᠴᠠᠯᠢᠭᠲᠤ ᠵᠤᠭᠠᠴᠠᠯ ᠤᠨ ᠵᠦᠢᠯᠡᠰ ᠢ ᠡᠷᠬᠢᠯᠡᠬᠦ ᠪᠠᠷ ᠳᠠᠮᠵᠢᠨ᠂ | ᠠᠯᠬᠤᠮ ᠠᠯᠬᠤᠮ ᠢᠶᠠᠷ ᠨᠤᠲᠤᠭ ᠤᠨ ᠣᠨᠴᠠᠯᠢᠭᠲᠤ ᠵᠤᠭᠠᠴᠠᠯ ᠤᠨ ᠵᠠᠮ ᠢ ᠨᠡᠬᠡᠬᠡᠵᠦ᠂ ᠣᠷᠴᠢᠨ ᠲᠣᠭᠤᠷᠢᠨ ᠭᠤᠶᠤ | ᠰᠠᠶᠢᠬᠠᠨ ᠬᠢᠭᠡᠳ ᠠᠵᠤ ᠠᠬᠤᠶ ᠶᠢᠨ ᠬᠥᠭᠵᠢᠯᠲᠡ ᠶᠢ ᠬᠠᠷᠢᠯᠴᠠᠨ ᠠᠬᠢᠭᠤᠯᠤᠭᠰᠠᠨ᠂ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠬᠢᠭᠡᠳ ᠲᠠᠷᠢᠶᠠᠴᠢᠳ ᠤᠨ ᠴᠢᠨᠡᠭᠡᠯᠢᠭᠵᠢᠯ ᠵᠡᠷᠭᠡᠪᠡᠷ ᠤᠷᠤᠭᠰᠢᠯᠠᠭᠰᠠᠨ ᠪᠠᠶᠢᠳᠠᠯ ᠢ ᠪᠤᠢ ᠪᠣᠯᠭᠠᠵᠤ | ᠪᠠᠶᠢᠨ᠎ᠠ᠃ | ᠮᠠᠯᠵᠢᠬᠤ ᠲᠠᠷᠢᠶᠠᠯᠠᠬᠤ ᠣᠷᠣᠨ ᠤ ᠤᠯᠠᠩᠬᠢ ︽ᠦᠢᠯᠡᠰ ᠴᠣᠭᠴᠠᠯᠠᠭᠴᠢ︾ ᠳᠤ ᠠᠪᠴᠤ ᠬᠡᠯᠡᠪᠡᠯ᠂ ︽ | ᠪᠠᠶᠠᠵᠢᠬᠤ ᠵᠠᠮ ᠬᠤᠮᠰᠠᠳᠠᠬᠤ ᠪᠢᠰᠢ᠂ ᠬᠤᠮᠰᠠᠳᠠᠵᠤ ᠪᠠᠶᠢᠭ᠎ᠠ ᠨᠢ ᠲᠥᠷᠥᠯ ᠵᠦᠢᠯ ᠤᠨ ᠪᠡᠯᠡ ᠮᠥᠩᠭᠦ︾ ᠪᠣᠯᠤᠨ᠎ᠠ᠃ | ᠶᠠᠳᠠᠭᠤ ᠬᠦᠴᠢᠷᠳᠡᠯᠲᠡᠶ ᠠᠶᠢᠯ ᠡᠷᠦᠬᠡ ᠠᠳᠠᠯ ᠦᠢᠯᠡᠰ ᠴᠣᠭᠴᠠᠯᠠᠬᠤ ᠳᠤ ︽ᠪᠡᠯᠡ ᠮᠥᠩᠭᠦ ᠬᠤᠮᠰᠠᠳᠠᠬᠤ︾ ᠡᠨᠡᠬᠦ | ᠦᠢᠯᠡᠳᠪᠦᠷᠢᠯᠡᠯ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠥᠪᠥᠷ | ᠮᠣᠩᠭᠤᠯ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠪᠠ᠃ 2013 ᠣᠨ ᠠᠴᠠ ᠡᠬᠢᠯᠡᠨ | ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠵᠢᠯ ᠪᠦᠷᠢ 4.75 | ᠳ᠋ᠦᠩᠰᠢᠭᠤᠷ ᠲᠥᠭᠦᠷᠢᠭ ᠤᠨ ᠲᠦᠭᠰᠢᠭᠦᠷᠢ ᠶᠢᠨ ᠨᠥᠬᠦᠪᠥᠷᠢ ᠮᠥᠩᠭᠦ ᠭᠠᠷᠭᠠᠨ᠂ 3 ᠵᠢᠯ ᠳᠤ ᠨᠡᠶᠢᠳᠡ 14.25 | ᠳ᠋ᠦᠩᠰᠢᠭᠤᠷ ᠲᠥᠭᠦᠷᠢᠭ ᠲᠤ ᠬᠦᠷᠴᠦ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠵᠢᠭᠡᠯᠡᠯᠭᠡ 141.5 | ᠳ᠋ᠦᠩᠰᠢᠭᠤᠷ ᠲᠥᠭᠦᠷᠢᠭ ᠲᠠᠯᠪᠢᠵᠤ᠂ 10 ᠳᠠᠬᠢᠨ ᠶᠡᠬᠡᠰᠬᠡᠵᠦ᠂ ᠵᠢᠵᠢᠭ ᠬᠦᠰᠢᠬᠦᠷᠭᠡ ᠪᠠᠷ ᠶᠡᠭᠡ ᠬᠦᠴᠦᠨ ᠢ | ᠬᠦᠰᠢᠭᠦᠷᠯᠡᠪᠡ᠃ | | ᠬᠥᠬᠡᠬᠤᠲᠠ ᠶᠢᠨ ᠦᠴᠦᠸᠠᠨ ᠰᠢᠶᠠᠨ ᠤ ᠢᠳᠡᠭᠡᠨ ᠤ ᠮᠥᠭᠦ ᠶᠢᠨ ᠲᠠᠷᠢᠮᠠᠯ ᠤᠨ ᠦᠢᠯᠡᠰ ᠨᠢᠭᠡᠨᠲᠡ | ᠬᠡᠪᠴᠢᠶᠡᠵᠢᠪᠡ᠃ ᠵᠢᠷᠤᠭ ᠪᠣᠯ ᠸᠠᠩ ᠵᠢᠶᠦ᠋ᠨ ᠪᠣᠯᠤᠨ ᠪᠠᠭᠠᠲᠤᠷ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠳᠠᠨ ᠭᠧ | ᠴᠠᠩ ᠵᠢᠶᠦ᠋ᠨ ᠠᠴᠠ ᠢᠳᠡᠰᠢᠨ ᠤ ᠮᠥᠭᠦ ᠶᠢᠨ ᠲᠠᠷᠢᠮᠠᠯ ᠤᠨ ᠦᠢᠯᠡᠰ ᠤᠨ ᠠᠬᠢᠴᠠ ᠶᠢᠨ ᠪᠠᠶᠢᠳᠠᠯ ᠤᠨ ᠲᠤᠬᠠᠶ | ᠭᠦᠨᠵᠡᠭᠡᠶ ᠣᠶᠢᠯᠠᠭᠠᠵᠤ ᠪᠠᠶᠢᠭ᠎ᠠ ᠨᠢ᠃ | 54 ᠨᠠᠰᠤᠲᠠᠶ ᠳ᠋ᠠᠶ ᠭᠠᠢ ᠯᠠᠨ ᠬᠥᠬᠡᠬᠤᠲᠠ ᠶᠢᠨ ᠦᠴᠦᠸᠠᠨ ᠰᠢᠶᠠᠨ ᠤ ᠭᠡᠸ᠋ ᠳ᠋ᠢᠩ ᠭᠠᠢ ᠲᠤᠰᠬᠤᠨ ᠳᠤ | ᠮᠣᠷᠳᠠᠭᠠᠳ ᠪᠦᠬᠦᠯᠢ 30 ᠵᠢᠯ ᠪᠣᠯᠪᠠ᠄ ︽ᠥᠩᠭᠡᠷᠡᠭᠰᠡᠨ ᠳᠤ ᠦᠨᠡᠬᠡᠷ ᠶᠠᠳᠠᠭᠤ᠂ ᠲᠣᠰᠬᠤᠨ ᠳᠤ ᠪᠦᠷ ᠯᠡ | ᠰᠠᠯᠬᠢ ᠨᠡᠪᠲᠡᠷᠡᠵᠦ ᠪᠣᠷᠣᠭᠠᠨ ᠳᠤ ᠭᠤᠭᠤᠵᠢᠬᠤ ᠰᠢᠪᠠᠷ ᠪᠠᠶᠢᠰᠢᠩ ᠪᠠᠶᠢᠭᠰᠠᠨ᠂ ᠤᠳᠤ ᠶᠢᠨ ᠮᠡᠲᠦ ᠡᠶᠢᠮᠦ ᠰᠠᠶᠢᠨ | ᠠᠮᠢᠳᠤᠷᠠᠵᠤ ᠴᠢᠳᠠᠨ᠎ᠠ ᠭᠡᠵᠦ ᠬᠡᠨ ᠪᠣᠳᠤᠵᠤ ᠣᠯᠬᠤ ᠪᠤᠢ︖︾ ᠭᠡᠪᠡ᠃ ᠰᠢᠨ᠎ᠡ ᠭᠡᠷ ᠲᠤ ᠰᠠᠭᠤᠭᠰᠠᠨ ᠳ᠋ᠠᠶ ᠭᠠᠢ | ᠯᠠᠨ ᠡᠪᠦᠭᠡᠨ ᠲᠠᠢ ᠪᠠᠨ ᠬᠤᠶᠠᠭᠤᠯᠠ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠬᠠᠪᠰᠤᠷᠤᠯᠭ᠎ᠠ ᠳᠡᠮᠵᠢᠯᠭᠡ | ᠳᠣᠣᠷ᠎ᠠ᠂ ᠢᠳᠡᠰᠢᠨ ᠤ ᠮᠥᠬᠦ ᠶᠢᠨ ᠲᠤᠮᠤ ᠰᠠᠷᠠᠪᠴᠢ ᠪᠠᠷᠢᠵᠤ᠂ ᠬᠠᠷ᠎ᠠ ᠲᠡᠯᠳᠡᠦ ᠲᠠᠷᠢᠵᠠᠢ᠄ ︽ᠡᠬᠢᠯᠡᠭᠡᠳ | ᠶᠠᠭᠠᠬᠢᠬᠤ ᠪᠠᠨ ᠣᠯᠬᠤ ᠦᠭᠡᠢ ᠪᠠᠶᠢᠯ᠎ᠠ᠂ ᠰᠢᠶᠠᠨ ᠠᠴᠠ ᠪᠢᠳᠡᠨ ᠳᠤ ᠵᠢᠭᠡᠯᠡᠯᠭᠡ ᠥᠭᠴᠦ᠂ ᠮᠡᠷᠭᠡᠵᠢᠯᠲᠡᠨ ᠲᠣᠮᠢᠯᠠᠨ | ᠢᠷᠡᠭᠦᠯᠪᠡ᠂ ᠤᠳᠤ ᠪᠢᠳᠡᠨ ᠤ ᠨᠢᠭᠡ ᠵᠢᠯ ᠤᠨ ᠴᠡᠪᠡᠷ ᠣᠷᠣᠯᠭ᠎ᠠ 5᠂ 6 ᠲᠦᠮᠡᠨ ᠲᠥᠭᠦᠷᠢᠭ ᠲᠤ ᠬᠦᠷᠴᠦ᠂ ᠮᠠᠰᠢ | ᠰᠠᠶᠢᠬᠠᠨ ᠠᠮᠢᠳᠤᠷᠠᠵᠤ ᠪᠠᠶᠢᠨ᠎ᠠ︾ ᠭᠡᠪᠡ᠃ | ᠦᠴᠦᠸᠠᠨ ᠰᠢᠶᠠᠨ ᠨᠢ ᠲᠦᠢᠯ ᠤᠨ ᠣᠨᠤᠪᠴᠢᠲᠠᠢ ᠶᠠᠳᠠᠭᠤ ᠶᠢ ᠲᠡᠳᠬᠦᠬᠦ ᠬᠢᠭᠡᠳ ᠠᠵᠤ ᠦᠢᠯᠡᠰ ᠤᠨ | ᠬᠥᠭᠵᠢᠯᠲᠡ ᠲᠠᠢ ᠤᠶᠠᠯᠳᠤᠬᠤ ᠵᠠᠮ ᠢ ᠲᠠᠰᠤᠷᠠᠯᠳᠠ ᠦᠭᠡᠢ ᠬᠠᠶᠢᠨ ᠰᠦᠪᠡᠭᠴᠢᠯᠡᠵᠦ᠂ ᠢᠳᠡᠰᠢᠨ ᠤ ᠮᠦᠭᠦ ᠶᠢᠨ | ᠲᠠᠷᠢᠮᠠᠯ ᠤᠨ ᠦᠢᠯᠡᠰ ᠨᠢ ᠨᠢᠭᠡᠨᠲᠡ ᠬᠡᠪᠴᠢᠶᠡᠵᠢᠨ᠂ ᠣᠳᠣ ᠶᠠᠭ ᠴᠢᠨᠠᠷ ᠰᠠᠶᠢᠲᠠᠶ ᠲᠡᠵᠢᠭᠡᠯ ᠡᠪᠡᠰᠦ ᠲᠡᠷᠢᠬᠤ ᠶᠡᠭᠡ | ᠰᠢᠶᠠᠨ ᠢ ᠡᠷᠴᠢᠮᠯᠡᠨ ᠪᠣᠢ ᠪᠣᠯᠭᠠᠵᠤ ᠪᠠᠶᠢᠨ᠎ᠠ᠃ ᠲᠡᠳᠡ ︽ᠰᠢᠯᠵᠢᠭᠦᠯᠦᠨ ᠨᠢᠭᠲᠠᠷᠠᠭᠤᠯᠵᠤ᠂ ᠲᠥᠪᠯᠡᠷᠡᠭᠦᠯᠦᠨ | ᠬᠥᠭᠵᠢᠭᠦᠯᠬᠦ︾ ᠶᠢ ᠪᠠᠷᠢᠮᠲᠠᠯᠠᠵᠤ᠂ ᠠᠮᠢ ᠠᠬᠤᠶ ᠶᠢ ᠰᠠᠶᠢᠵᠢᠷᠠᠭᠤᠯᠤᠨ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠪᠠᠷ ᠬᠠᠷᠠᠯᠲᠠ ᠪᠠᠨ ᠪᠣᠯᠭᠠᠵᠤ᠂ ᠠᠮᠢ ᠠᠬᠤᠶ ᠶᠢᠨ ᠵᠢᠮ᠎ᠡ ᠶᠣᠰᠣ ᠶᠢ ᠵᠢᠷᠤᠮᠯᠠᠨ᠂ ᠣᠳᠣ ᠦᠶ᠎ᠡ ᠶᠢᠨ | ᠰᠢᠨᠵᠢᠯᠡᠬᠦ ᠤᠬᠠᠭᠠᠨ ᠮᠡᠷᠭᠡᠵᠢᠯ ᠢ ᠬᠡᠷᠡᠭᠯᠡᠨ᠂ ᠡᠯ᠎ᠡ ᠲᠥᠷᠤᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠯᠠᠨ | ᠵᠦᠢᠯ ᠤᠨ ᠵᠠᠭᠪᠤᠷ ᠢᠶᠠᠷ ᠲᠡᠵᠢᠭᠡᠯ ᠡᠪᠡᠰᠦᠨ ᠤ ᠦᠢᠯᠡᠰ ᠤᠨ ᠬᠥᠭᠵᠢᠯᠲᠡ ᠪᠠ ᠡᠪᠡᠰᠦᠨ ᠤ ᠦᠢᠯᠡᠰ ᠤᠨ ᠶᠡᠭᠡ | ᠰᠢᠶᠠᠨ ᠢ ᠪᠦᠲᠦᠭᠡᠨ ᠪᠠᠶᠢᠭᠤᠯᠬᠤ ᠶᠢ ᠠᠬᠢᠭᠤᠯᠵᠤ ᠪᠠᠶᠢᠨ᠎ᠠ᠃ | | ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤᠨ ᠳᠤ ᠮᠣᠩᠭᠤᠯ ᠦᠨᠳᠦᠰᠦᠲᠡᠨ ᠤ ᠤᠯᠠᠮᠵᠢᠯᠠᠯᠲᠤ ᠤᠷ᠎ᠠ | ᠮᠡᠷᠭᠡᠵᠢᠯ ︽ᠮᠣᠩᠭᠤᠯ ᠬᠠᠳᠬᠤᠮᠠᠯ︾ ᠨᠢᠭᠡᠨᠲᠡ ᠬᠡᠪᠴᠢᠶᠡᠵᠢᠵᠦ᠂ ᠰᠣᠶᠣᠯ ᠤᠨ ᠠᠵᠤ ᠦᠢᠯᠡᠰ ᠪᠣᠯᠤᠨ | ᠪᠦᠷᠢᠯᠳᠦᠪᠡ᠃ ᠵᠢᠷᠤᠭ ᠪᠣᠯ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠤᠯᠠᠮᠵᠢᠯᠠᠭᠴᠢ | ᠲᠦᠮᠡᠨᠴᠡᠴᠡᠭ ᠲᠤᠬᠠᠶ ᠶᠢᠨ ᠭᠠᠵᠠᠷ ᠤᠨ ᠮᠠᠯᠴᠢᠳ ᠲᠤ ᠮᠣᠩᠭᠤᠯ ᠦᠨᠳᠦᠰᠦᠲᠡᠨ ᠤ ᠬᠠᠳᠬᠤᠮᠠᠯ ᠤᠨ ᠤᠷ᠎ᠠ | ᠮᠡᠷᠭᠡᠵᠢᠯ ᠢᠶᠠᠨ ᠵᠢᠭᠠᠵᠤ ᠪᠠᠶᠢᠭ᠎ᠠ ᠨᠢ᠃ | ᠭᠠᠵᠠᠷ ᠣᠷᠣᠨ ᠤ ᠡᠬᠢ ᠪᠠᠶᠠᠯᠢᠭ ᠤᠨ ᠲᠥᠷᠥᠯᠬᠢ ᠳᠠᠪᠠᠭᠤᠯᠢᠭ᠂ ᠦᠪᠡᠷᠮᠢᠴᠡ ᠣᠨᠴᠠᠯᠢᠭᠲᠤ ᠳᠠᠪᠠᠭᠤᠯᠢᠭ | ᠲᠤ ᠲᠦᠰᠢᠭᠯᠡᠨ᠂ ᠮᠠᠯ ᠵᠢᠭᠦᠷᠲᠡᠨ᠂ ᠠᠮᠤ ᠪᠤᠳᠠᠭ᠎ᠠ ᠲᠤᠰᠤ᠂ ᠤᠢ ᠵᠢᠮᠢᠰ᠂ ᠡᠮ ᠤᠨ ᠮᠠᠲ᠋ᠧᠷᠢᠶᠠᠯ᠂ ᠢᠳᠡᠰᠢᠨ | ᠨᠣᠭᠤᠭ᠎ᠠ᠂ ᠵᠤᠭᠠᠴᠠᠯ ᠵᠡᠷᠭᠡ ᠨᠢᠭᠡ ᠪᠦᠯᠦᠭ ᠦᠪᠡᠷᠮᠢᠴᠡ ᠣᠨᠴᠠᠯᠢᠬᠳᠦ ᠠᠷᠠᠳ ᠢ ᠪᠠᠶᠠᠵᠢᠭᠤᠯᠬᠤ ᠠᠵᠤ | ᠦᠢᠯᠡᠰ ᠤᠳ ᠥᠪᠥᠷ ᠮᠣᠩᠭᠤᠯ ᠤᠨ ᠥᠷᠭᠡᠨ ᠠᠭᠤᠳᠠᠮ ᠮᠠᠯᠵᠢᠬᠤ ᠲᠠᠷᠢᠶᠠᠯᠠᠬᠤ ᠣᠷᠣᠨ ᠳᠤ ᠪᠣᠢ ᠪᠣᠯᠵᠤ᠂ ᠨᠢᠭᠡ | ᠪᠦᠯᠦᠭ ︽ᠠᠵᠤ ᠦᠢᠯᠡᠰ ᠤᠨ ᠲᠣᠰᠬᠤᠨ︾᠂ ︽ᠭᠢᠯᠠᠰ ᠴᠢᠭ᠋ ᠲᠣᠰᠬᠤᠨ︾ ᠪᠣᠯᠤᠨ ᠪᠦᠷᠢᠯᠳᠦᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠭᠤᠣᠯᠳᠠᠯᠭ᠎ᠠ ᠲᠠᠢ ᠭᠠᠴᠠᠭ᠎ᠠ ᠲᠣᠰᠬᠤᠨ ᠴᠥᠮ ᠠᠵᠤ | ᠦᠢᠯᠡᠰ ᠤᠨ ᠲᠥᠰᠢᠭ ᠲᠤᠯᠭᠠᠭᠤᠷᠢ ᠲᠠᠢ ᠪᠣᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠬᠦ ᠠᠵᠤ ᠦᠢᠯᠡᠰ ᠤᠨ ᠰᠠᠭᠤᠷᠢ ᠶᠢ ᠪᠠᠬᠢᠵᠢᠭᠦᠯᠪᠡ᠃ | ᠲᠦᠮᠡᠨ ᠺᠠᠳ᠋ᠷ ᠬᠥᠳᠡᠭᠡ ᠲᠣᠰᠬᠤᠨ ᠳᠤ ᠪᠠᠭᠤᠵᠤ᠂ ᠮᠠᠯᠵᠢᠬᠤ ᠲᠠᠷᠢᠶᠠᠯᠠᠬᠤ ᠣᠷᠣᠨ ᠤ ᠲᠤᠶᠢᠯ ᠤᠨ | ᠣᠨᠣᠪᠴᠢᠲᠠᠢ ᠪᠠᠷ ᠶᠠᠳᠠᠭᠤ ᠲᠡᠳᠬᠦᠬᠦ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢ | ᠲᠤᠰᠠᠯᠠᠪᠠ᠃ ᠮᠤᠵᠢ ᠶᠢᠨ ᠳᠡᠰ ᠤᠨ ᠺᠠᠳ᠋ᠷ ᠲᠦᠷᠦᠭᠦᠯᠡᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠲᠠᠢ | ᠬᠠᠷᠢᠯᠴᠠᠵᠤ᠂ ᠭᠤᠷᠪᠠᠨ ᠱᠠᠲᠤᠨ ᠤ ᠺᠠᠳ᠋ᠷ ᠤᠨ ︽ᠨᠢᠭᠡ ᠳᠤ ᠨᠢᠭᠡ ᠶᠢ ᠳᠠᠭᠠᠭᠠᠯᠭᠠᠬᠤ︾ ᠬᠠᠷᠢᠯᠴᠠᠭᠠᠲᠤ ᠳᠠᠭᠠᠭᠠᠨ | ᠳᠡᠳᠬᠦᠬᠦ ᠲᠣᠭᠲᠠᠴᠠ ᠶᠢ ᠪᠠᠶᠢᠭᠤᠯᠵᠤ᠂ ᠲᠤᠰᠬᠠᠶ ᠵᠦᠢᠯ ᠢᠶᠠᠷ ᠶᠠᠳᠠᠭᠤ ᠶᠢ ᠲᠡᠳᠬᠦᠬᠦ᠂ ᠠᠵᠢᠯ ᠲᠥᠷᠥᠯ ᠢᠶᠠᠷ | ᠶᠠᠳᠠᠭᠤ ᠶᠢ ᠲᠡᠳᠬᠦᠬᠦ᠂ ᠨᠡᠶᠢᠭᠡᠮ ᠠᠴᠠ ᠶᠠᠳᠠᠭᠤ ᠶᠢ ᠲᠡᠳᠬᠦᠬᠦ ︽ᠭᠤᠷᠪᠠ ᠶᠢ ᠨᠢᠭᠡ ᠴᠤᠭᠴᠠᠵᠢᠭᠤᠯᠤᠭᠰᠠᠨ︾ | ᠶᠠᠳᠠᠭᠤ ᠶᠢ ᠶᠡᠬᠡᠪᠡᠷ ᠲᠡᠳᠬᠦᠬᠦ ᠬᠡᠪ ᠪᠠᠶᠢᠳᠠᠯ ᠢ ᠪᠤᠢ ᠪᠣᠯᠭᠠᠪᠠ᠃ | ︽ᠲᠤᠰᠢᠶᠠᠯ ᠳᠤ ᠪᠠᠶᠢᠭ᠎ᠠ ᠮᠤᠵᠢ ᠶᠢᠨ ᠳᠡᠰ ᠤᠨ ᠤᠳᠤᠷᠢᠳᠬᠤ ᠺᠠᠳ᠋ᠷ ᠨᠢᠭᠡᠪᠦᠷᠢ ᠨᠢᠭᠡᠨ ᠶᠠᠳᠠᠭᠤ | ᠬᠦᠴᠢᠷᠳᠡᠯᠲᠡᠶ ᠬᠤᠰᠢᠭᠤ ᠰᠢᠶᠠᠨ ᠢ ᠳᠠᠭᠠᠭᠠᠨ ᠲᠡᠳᠬᠦᠵᠦ᠂ ᠵᠢᠯ ᠪᠦᠷᠢ ᠬᠤᠰᠢᠭᠤ ᠰᠢᠶᠠᠨ ᠳᠤ 2 ᠤᠳᠠᠭ᠎ᠠ ᠠᠴᠠ | ᠳᠡᠭᠡᠭᠰᠢ ᠪᠠᠷ ᠭᠦᠨᠵᠡᠭᠡᠶᠢᠷᠡᠨ ᠬᠠᠷᠢᠯᠴᠠᠵᠤ᠂ ᠤᠳᠠᠭ᠎ᠠ ᠪᠦᠷᠢ 7 ᠡᠳᠦᠷ ᠠᠴᠠ ᠳᠡᠭᠡᠭᠰᠢ ᠭᠦᠨᠵᠡᠭᠡᠶᠢᠷᠡᠵᠡᠢ︾᠃ | ᠪᠦᠬᠦ ᠣᠷᠣᠨ ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠬᠥᠭᠵᠢᠯᠲᠡ ᠶᠢ ᠲᠥᠷᠭᠡᠳᠬᠡᠬᠦ ᠶᠢᠨ ᠲᠤᠰᠠᠳᠠ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ 2013 ᠣᠨ ᠠᠴᠠ 2017 | ᠣᠨ ᠪᠣᠯᠲᠠᠯ᠎ᠠ᠂ ᠮᠤᠵᠢ ᠶᠢᠨ ᠳᠡᠰ ᠤᠨ 38 ᠤᠳᠤᠷᠢᠳᠬᠤ ᠺᠠᠳ᠋ᠷ ︽ᠨᠢᠭᠡ ᠳᠤ ᠨᠢᠭᠡ ᠶᠢ ᠳᠠᠭᠠᠭᠠᠯᠭᠠᠬᠤ︾ ᠪᠠᠷ | 38 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠲᠠᠢ ᠬᠠᠷᠢᠯᠴᠠᠵᠤ᠂ ᠶᠠᠳᠠᠭᠤ ᠬᠦᠴᠢᠷᠲᠡᠶ ᠬᠤᠰᠢᠭᠤ ᠰᠢᠶᠠᠨ ᠳᠤ | ᠠᠷᠭ᠎ᠠ ᠤᠬᠠᠭᠠᠨ ᠭᠠᠷᠭᠠᠵᠤ᠂ ᠠᠷᠠᠳ ᠤᠨ ᠵᠣᠪᠠᠭᠤᠷᠢ ᠶᠢ ᠠᠷᠢᠯᠭᠠᠨ᠂ ᠰᠠᠭᠤᠷᠢ ᠶᠢ ᠪᠠᠬᠢᠵᠢᠭᠦᠯᠦᠨ᠂ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠲᠣᠭᠲᠠᠭᠠᠵᠠᠢ᠃ | ᠤᠯᠠᠭᠠᠨᠴᠠᠪ ᠬᠤᠲᠠ ᠶᠢᠨ ᠳᠥᠷᠪᠡᠳ ᠬᠤᠰᠢᠭᠤ ᠪᠣᠯ ᠸᠠᠩ ᠵᠢᠶᠦ᠋ᠨ ᠤ ︽ᠨᠢᠭᠡ ᠳᠤ ᠨᠢᠭᠡ ᠶᠢ | ᠳᠠᠭᠠᠭᠠᠯᠭᠠᠬᠤ︾ ᠲᠡᠳᠬᠦᠨ ᠬᠠᠷᠢᠯᠴᠠᠬᠤ ᠴᠢᠭ᠋ ᠪᠣᠯᠤᠨ᠎ᠠ᠃ 2012 ᠣᠨ ᠤ ᠡᠪᠦᠯ᠂ ᠳᠥᠷᠪᠡᠳ ᠬᠤᠰᠢᠭᠤ ᠶᠢᠨ | ᠴᠠᠭᠠᠨᠪᠤᠯᠠᠭ ᠰᠤᠮᠤ ᠶᠢᠨ ᠪᠠᠶᠠᠨ ᠭᠠᠴᠠᠭ᠎ᠠ ᠳᠤ ᠬᠦᠨᠳᠦ ᠨᠣᠴᠢᠲᠠᠶ ᠴᠠᠰᠤᠨ ᠵᠤᠳ ᠪᠣᠯᠪᠠ᠃ ᠸᠠᠩ ᠵᠢᠶᠦ᠋ᠨ | ᠲᠠᠰᠬᠢᠮ᠎ᠠ ᠬᠦᠢᠲᠡᠨ ᠵᠤᠳ ᠰᠢᠭᠤᠷᠭᠠᠨ ᠢ ᠰᠥᠷᠥᠨ᠂ ᠠᠳᠡ ᠳᠤ ᠬᠦᠷᠴᠦ ᠢᠷᠡᠨ ᠭᠠᠮᠰᠢᠭ ᠲᠠᠢ ᠲᠡᠮᠡᠴᠡᠬᠦ | ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠴᠤ᠂ ᠮᠠᠯᠴᠢᠳ ᠣᠯᠠᠨ ᠲᠦᠮᠡᠨ ᠢ ᠡᠷᠭᠢᠨ ᠦᠵᠡᠵᠦ ᠲᠣᠬᠤᠨᠢᠭᠤᠯᠪᠠ | ᠃ ᠲᠦᠷᠪᠡᠨ ᠵᠢᠯ ᠤᠨ ᠲᠤᠷᠰᠢ᠂ ᠸᠠᠩ ᠵᠢᠶᠦ᠋ᠨ ᠲᠠᠯ᠎ᠠ ᠨᠤᠲᠤᠭ ᠤᠨ ᠭᠦᠨ ᠳᠤ ᠣᠯᠠᠨ ᠤᠳᠠᠭ᠎ᠠ ᠭᠦᠨᠵᠡᠭᠡᠶᠢᠷᠡᠵᠦ᠂ | ᠮᠠᠯᠵᠢᠬᠤ ᠡᠷᠦᠬᠡ ᠶᠢ ᠰᠤᠷᠪᠤᠯᠵᠢᠯᠠᠵᠤ᠂ ᠠᠵᠤ ᠠᠬᠤᠶᠢᠯᠠᠯ ᠢ ᠦᠵᠡᠵᠦ᠂ ᠤᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠠᠵᠢᠯ ᠳᠤ ᠪᠠᠶᠢᠴᠠᠭᠠᠨ | ᠰᠤᠳᠤᠯᠤᠯᠲᠠ ᠬᠢᠵᠦ᠂ ᠳᠥᠷᠪᠡᠳ ᠬᠤᠰᠢᠭᠤ ᠶᠢ ᠵᠢᠯᠣᠭᠤᠳᠤᠨ ᠬᠠᠪᠰᠤᠷᠴᠤ ᠪᠠᠶᠢᠭᠠᠳ ᠶᠠᠳᠠᠭᠤ ᠠᠴᠠ | ᠠᠩᠭᠢᠵᠢᠷᠠᠭᠤᠯᠤᠨ ᠪᠠᠶᠠᠵᠢᠭᠤᠯᠬᠤ ᠰᠡᠳᠬᠢᠮᠵᠢ ᠪᠣᠯᠤᠨ ᠠᠷᠭ᠎ᠠ ᠬᠡᠮᠵᠢᠶ᠎ᠡ ᠶᠢ ᠲᠣᠭᠲᠠᠭᠠᠨ ᠲᠡᠭᠦᠯᠳᠡᠷᠵᠢᠭᠦᠯᠪᠡ᠃ | ᠮᠤᠵᠢ ᠶᠢᠨ ᠳᠡᠰ ᠤᠨ ᠤᠳᠤᠷᠢᠳᠤᠯᠭ᠎ᠠ ᠶᠢᠨ ᠳᠠᠶᠢᠴᠢᠯᠠᠯᠲᠠ ᠳᠣᠣᠷ᠎ᠠ᠂ ᠪᠥᠬᠦ ᠣᠷᠣᠨ ᠳᠤ ᠠᠶᠢᠮᠠᠭ | ᠬᠤᠳᠠ ᠶᠢᠨ ᠳᠡᠰ ᠤᠨ 465 ᠤᠳᠤᠷᠢᠳᠤᠯᠭ᠎ᠠ᠂ ᠬᠤᠰᠢᠭᠤ ᠰᠢᠶᠠᠨ ᠤ ᠳᠡᠰ ᠤᠨ 2308 ᠤᠳᠤᠷᠢᠳᠤᠯᠭ᠎ᠠ ᠪᠠ 8 | ᠲᠦᠮᠨ ᠭᠠᠷᠤᠶ ᠨᠠᠮ ᠤᠨ ᠬᠡᠰᠢᠭᠦᠨ ᠺᠠᠳ᠋ᠷ ᠲᠤᠰ ᠲᠤᠰ ᠶᠠᠳᠠᠭᠤ ᠬᠦᠴᠢᠷᠳᠡᠯᠲᠡᠶ ᠰᠤᠮᠤ ᠰᠢᠶᠠᠩ ᠪᠠᠯᠭᠠᠰᠤ᠂ | ᠭᠠᠴᠠᠭ᠎ᠠ ᠲᠣᠰᠬᠤᠨ ᠪᠣᠯᠤᠨ ᠶᠠᠳᠠᠭᠤ ᠬᠦᠴᠢᠷᠳᠡᠯ ᠲᠠᠢ ᠡᠷᠦᠬᠡ ᠲᠠᠢ ᠬᠠᠷᠢᠯᠴᠠᠪᠠ᠃ | 3 ᠳ᠋ᠤᠭᠠᠷ ᠰᠠᠷ᠎ᠠ ᠶᠢᠨ 7 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠴᠢᠬᠤᠯᠠᠴᠢᠯᠠᠭᠰᠠᠨ ᠨᠢ᠂ ︽ᠥᠷᠭᠡᠨ ᠣᠯᠠᠨ | ᠺᠠᠳ᠋ᠷᠴᠤᠳ ᠤᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠠᠵᠢᠯ ᠤᠨ ᠴᠤᠭ ᠵᠠᠯᠢ ᠰᠦᠷ ᠰᠦᠯᠳᠡ ᠪᠠᠨ | ᠲᠠᠰᠤᠷᠠᠯᠲᠠ ᠦᠭᠡᠢ ᠬᠥᠭᠵᠢᠭᠡᠬᠦ ᠬᠡᠷᠡᠭᠲᠡᠶ᠃ ᠺᠠᠳ᠋ᠷ ᠭᠡᠳᠡᠭ ᠲᠦᠷᠦᠭᠦᠯᠡᠨ ᠬᠢᠬᠦ ᠶᠢ ᠬᠡᠯᠡᠨ᠎ᠡ᠂ ᠬᠢᠬᠦ ᠳᠤᠷ᠎ᠠ ᠲᠠᠢ ᠬᠢᠬᠦ | ᠰᠠᠨᠠᠭ᠎ᠠ ᠲᠠᠢ ᠪᠠᠶᠢᠬᠤ ᠮᠥᠷᠲᠡᠭᠡᠨ ᠪᠠᠰᠠ ᠬᠢᠬᠦ ᠴᠢᠳᠠᠪᠤᠷᠢᠲᠠᠶ ᠬᠢᠵᠦ ᠴᠢᠳᠠᠬᠤ ᠪᠥᠭᠡᠳ ᠴᠢᠳᠠᠮᠠᠭᠠᠢ ᠬᠢᠵᠦ ᠳᠡᠶᠢᠯᠬᠦ | ᠬᠡᠷᠡᠭᠲᠡᠢ᠂ ᠡᠭᠦᠨ ᠳᠤ ᠢᠳᠡᠪᠬᠢᠵᠢᠯ ᠨᠢ ᠬᠠᠮᠤᠭ ᠴᠢᠬᠤᠯᠠ ᠪᠣᠯᠬᠤ ᠶᠤᠮ︾ ᠭᠡᠵᠡᠢ᠃ | ᠥᠪᠥᠷ ᠮᠣᠩᠭᠤᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ | ᠶᠠᠪᠤᠴᠠ ᠳᠤᠮᠳᠠ᠂ ᠦᠯᠡᠮᠵᠢ ᠤᠯᠠᠨ ︽ᠬᠢᠬᠦ ᠳᠤᠷ᠎ᠠ ᠲᠠᠢ ᠬᠢᠬᠦ ᠰᠠᠨᠠᠭ᠎ᠠ ᠲᠠᠢ᠂ ᠬᠢᠬᠦ ᠴᠢᠳᠠᠪᠤᠷᠢᠲᠠᠶ ᠬᠢᠵᠦ ᠴᠢᠳᠠᠬᠤ | ᠪᠥᠭᠡᠳ ᠴᠢᠳᠠᠮᠠᠭᠠᠢ ᠬᠢᠵᠦ ᠳᠡᠶᠢᠯᠬᠦ︾ ᠰᠠᠶᠢᠨ ᠺᠠᠳ᠋ᠷ ᠴᠣᠯᠭᠤᠷᠠᠨ ᠭᠠᠷᠪᠠ᠃ | ︽ᠤᠯᠠᠭᠠᠨ ᠰᠠᠭᠤᠷᠢᠨ ᠭᠠᠵᠠᠷ ᠪᠣᠯᠬᠤ︾ ᠬᠢᠩᠭᠠᠨ ᠠᠶᠢᠮᠠᠭ ᠲᠤ᠂ ᠮᠣᠩᠭᠤᠯ ᠬᠢᠲᠠᠳ ᠬᠤᠣᠰ ᠬᠡᠯᠡᠨ ᠳᠤ | ᠨᠡᠪᠲᠡᠷᠡᠭᠰᠡᠨ᠂ ᠤᠴᠢᠷ ᠶᠠᠪᠤᠳᠠᠯ ᠢ ᠯᠠᠪᠳᠠᠭᠤᠨ ᠪᠠᠲᠤᠲᠠᠶ ᠬᠢᠳᠡᠭ ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ ᠤᠨ ᠤᠳᠬ᠎ᠠ ᠤᠷᠠᠯᠢᠭ ᠤᠨ ᠭᠠᠵᠠᠷ ᠤᠨ ᠪᠠᠶᠢᠴᠠᠭᠠᠨ ᠰᠤᠳᠤᠯᠤᠭᠴᠢ ᠦᠨᠳᠦᠰᠦᠪᠠᠲᠤ ᠡᠨᠡ | ᠲᠣᠰᠬᠤᠨ ᠤ ᠴᠢᠭ᠋ ᠲᠤ ᠰᠠᠭᠤᠪᠠ᠃ ᠲᠡᠷᠡ 424 ᠭᠡᠷ ᠪᠦᠯᠢ ᠶᠢ ᠦᠯᠡᠳᠡᠭᠡᠯ ᠥᠭᠡᠢ ᠲᠣᠭᠤᠷᠢᠵᠤ᠂ 94 ᠡᠷᠦᠬᠡ | ᠮᠠᠯᠴᠢᠨ ᠲᠠᠷᠢᠶᠠᠴᠢᠨ ᠢ ᠬᠠᠪᠰᠤᠷᠤᠨ ᠰᠢᠨ᠎ᠡ ᠲᠣᠭᠤᠰᠬᠠᠨ ᠭᠡᠷ ᠪᠠᠷᠢᠵᠤ ᠥᠭᠴᠦ᠂ 170 ᠮᠠᠯᠴᠢᠨ | ᠲᠠᠷᠢᠶᠠᠴᠢᠳ ᠤᠨ ᠨᠤᠷᠠᠬᠤ ᠠᠶᠤᠯᠲᠠᠶ ᠭᠡᠷ ᠪᠠᠶᠢᠰᠢᠩ ᠢ ᠵᠠᠰᠠᠵᠤ ᠰᠡᠯᠪᠢᠵᠦ ᠥᠭᠪᠡ᠃ ᠲᠤᠬᠠᠶ ᠶᠢᠨ ᠭᠠᠵᠠᠷ ᠤᠨ | ᠬᠥᠮᠦᠰ ᠴᠥᠮ᠄ ︽ᠡᠶᠢᠮᠦ ᠺᠠᠳ᠋ᠷ ᠦᠨᠡᠬᠡᠷ ᠲᠦᠷᠦᠭᠰᠡᠨ ᠬᠦᠦ ᠠᠴᠠ ᠪᠠᠨ ᠪᠠᠰᠠ ᠲᠣᠲᠣᠨᠣ ᠪᠠᠶᠢᠨ᠎ᠠ︾ ᠭᠡᠵᠦ | ᠶᠠᠷᠢᠵᠠᠭᠠᠵᠤ ᠪᠠᠶᠢᠨ᠎ᠠ᠃ | 2014 ᠣᠨ ᠠᠴᠠ ᠡᠬᠢᠯᠡᠨ᠂ ᠥᠪᠥᠷ ᠮᠣᠩᠭᠤᠯ ︽ᠭᠤᠷᠪᠠ ᠶᠢ ᠲᠣᠰᠬᠤᠨ ᠳᠤ ᠬᠦᠷᠦᠭᠦᠯᠬᠦ ᠭᠤᠷᠪᠠ ᠶᠢ | ᠡᠷᠦᠬᠡ ᠳᠤ ᠬᠦᠷᠦᠭᠦᠯᠬᠦ︾ ᠲᠦᠢᠯ ᠤᠨ ᠣᠨᠣᠪᠴᠢᠲᠠᠢ ᠪᠠᠷ ᠶᠠᠳᠠᠭᠤ ᠲᠡᠳᠬᠦᠬᠦ ᠠᠵᠢᠯ ᠢ ᠥᠷᠨᠢᠭᠦᠯᠵᠦ᠂ ᠪᠥᠬᠦ | ᠣᠷᠣᠨ ᠤ 58 ᠲᠦᠮᠡᠨ ᠡᠷᠦᠬᠡ᠂ 157 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠳᠤ ᠲᠦᠢᠯ ᠤᠨ | ᠣᠨᠣᠪᠴᠢᠲᠠᠢ ᠪᠠᠷ ᠢᠯᠭᠠᠨ ᠰᠠᠯᠭᠠᠬᠤ ᠪᠠ ᠡᠪᠬᠡᠮᠡᠯ ᠪᠠᠶᠢᠭᠤᠯᠤᠨ ᠺᠠᠷᠲ ᠬᠢᠵᠦ ᠥᠭᠬᠦ ᠠᠵᠢᠯ ᠢ ᠥᠷᠨᠢᠭᠦᠯᠪᠡ᠃ | ᠪᠦᠬᠦ ᠣᠷᠣᠨ ᠤ 2834 ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠳᠤ ᠨᠡᠶᠢᠲᠡ 3400 | ᠬᠠᠪᠰᠤᠷᠤᠨ ᠲᠡᠳᠬᠦᠬᠦ ᠨᠢᠭᠡᠴᠡ ᠶᠢ ᠵᠢᠭᠠᠨ ᠲᠣᠭᠲᠠᠭᠠᠵᠤ᠂ 1.1 ᠲᠦᠮᠡ ᠭᠠᠷᠤᠶ ᠺᠠᠳ᠋ᠷ ᠢ ᠵᠣᠬᠢᠶᠠᠨ ᠪᠠᠶᠢᠭᠤᠯᠤᠨ | ᠲᠣᠰᠬᠤᠨ ᠳᠤ ᠰᠠᠭᠤᠯᠭᠠᠨ ᠶᠠᠳᠠᠭᠤ ᠶᠢ ᠲᠡᠳᠬᠦᠵᠦ᠂ ᠭᠠᠴᠠᠭ᠎ᠠ ᠲᠣᠰᠬᠤᠨ ᠨᠢᠭᠡᠪᠦᠷᠢ ᠳᠤ ᠨᠢᠭᠡᠨ ᠠᠵᠢᠯᠯᠠᠬᠤ | ᠠᠩᠭᠢ ᠶᠢ ᠲᠣᠮᠢᠯᠠᠨ ᠰᠠᠭᠤᠯᠭᠠᠵᠤ᠂ ᠶᠠᠳᠠᠭᠤ ᠬᠦᠴᠢᠷᠳᠡᠯᠲᠡᠶ ᠡᠷᠦᠬᠡ ᠨᠢᠭᠡᠪᠦᠷᠢ ᠳᠤ 1 ᠨᠡᠷ᠎ᠡ ᠬᠠᠪᠰᠤᠷᠤᠨ | ᠲᠡᠳᠬᠦᠬᠦ ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠵᠤ ᠥᠭᠪᠡ᠃ | ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠮᠠᠨ ᠤ ᠲᠡᠮᠡᠴᠡᠯ ᠤᠨ | ᠬᠠᠷᠠᠯᠲᠠ ᠮᠥᠨ᠃︾ — — ᠲᠦᠭ ᠲᠦᠮᠡᠨ ︽ᠨᠢᠭᠡᠳᠦᠭᠡᠷ ᠱᠦᠵᠢ︾ ᠪᠣᠯᠤᠨ ᠲᠣᠰᠬᠤᠨ ᠳᠤ ᠰᠠᠭᠤᠭ᠎ᠠ | ᠺᠠᠳ᠋ᠷᠴᠤᠳ ᠤᠯᠠᠨ ᠲᠦᠮᠡᠨ ᠲᠠᠢ ᠬᠠᠮᠲᠤ ᠰᠠᠭᠤᠨ ᠬᠠᠮᠲᠤ ᠢᠳᠡᠨ ᠬᠠᠮᠲᠤ ᠪᠠᠷ ᠬᠥᠳᠡᠯᠮᠦᠷᠢᠯᠡᠵᠦ᠂ ᠨᠤᠲᠤᠭ | ᠪᠡᠯᠴᠢᠭᠡᠷ᠂ ᠲᠠᠷᠢᠶᠠᠨ ᠭᠠᠵᠠᠷ᠂ ᠭᠡᠷ ᠤᠨ ᠠᠷᠤ ᠥᠪᠥᠷ ᠭᠠᠵᠠᠷ ᠪᠣᠯᠭᠠᠨ ᠳᠤ ᠴᠥᠮ ᠲᠡᠳᠡᠨ ᠤ ᠶᠠᠭᠠᠷᠠᠤ ᠪᠠᠶᠢᠳᠠᠯ ᠢ | ᠣᠯᠵᠤ ᠬᠠᠷᠠᠨ᠎ᠠ᠃ | ᠰᠡᠳᠬᠢᠯ ᠰᠠᠨᠠᠭ᠎ᠠ ᠪᠠᠨ ᠬᠦᠯᠢᠴᠡᠩᠭᠦᠢ ᠪᠣᠯᠭᠠᠵᠤ᠂ ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠵᠤ᠂ | ᠤᠯᠠᠨ ᠲᠦᠮᠡᠨ ᠤ ᠳᠤᠮᠳᠠ ᠣᠴᠢᠵᠤ᠂ ᠤᠯᠠᠨ ᠲᠦᠮᠡᠨ ᠢ ᠲᠦᠰᠢᠭᠯᠡᠬᠦ᠂ ᠤᠯᠠᠨ ᠲᠦᠮᠡᠨ ᠳᠤ ᠦᠢᠯᠡᠴᠢᠯᠡᠬᠦ | ᠬᠡᠷᠡᠭᠲᠡᠶ᠃ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠠᠬᠢᠭᠤᠯᠬᠤ ᠶᠠᠪᠤᠴᠠ ᠳᠤ᠂ ᠭᠠᠴᠠᠭ᠎ᠠ | ᠲᠣᠰᠬᠤᠨ ᠳᠤ ᠰᠠᠭᠤᠭ᠎ᠠ ᠺᠠᠳ᠋ᠷᠴᠤᠳ ᠡᠶᠢᠮᠦ ᠨᠢᠭᠡᠨ ᠪᠠᠳᠠᠭ ᠦᠭᠡ ᠳᠡᠯᠭᠡᠷᠡᠭᠰᠡᠨ ᠪᠠᠶᠢᠳᠠᠭ᠄ ︽ᠺᠠᠳ᠋ᠷ ᠤᠨ | ᠴᠢᠷᠠᠶ ᠨᠢ ᠰᠢᠷᠠᠭᠳᠠᠨ ᠬᠠᠷᠠᠯᠠᠵᠤ᠂ ᠺᠠᠳ᠋ᠷ ᠪᠣᠯᠣᠨ ᠤᠯᠠᠨ ᠲᠦᠮᠡᠨ ᠤ ᠬᠠᠷᠢᠴᠠᠭ᠎ᠠ ᠤᠯᠠᠮ ᠨᠢᠭᠲᠠᠷᠠᠵᠠᠢ︾᠃ | | ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ ᠶᠢᠨ ᠪᠠᠶᠠᠨᠲᠠᠯ᠎ᠠ ᠰᠤᠮᠤ ᠶᠢᠨ ᠭᠤᠷᠭᠤᠤᠯᠳᠠᠢ | ᠭᠠᠴᠠᠭ᠎ᠠ ᠶᠢᠨ᠂ ᠮᠠᠯᠴᠢᠨ ᠲᠦᠮᠡᠨ ᠥᠪᠡᠷ ᠢᠶᠠᠨ ︽ᠬᠤᠯᠪᠣᠭ᠎ᠠ︾ ᠵᠣᠬᠢᠶᠠᠨ ᠨᠠᠮ ᠤᠨ ᠮᠡᠷᠭᠡᠨ ᠪᠣᠳᠣᠯᠭ᠎ᠠ᠂ ᠵᠣᠯ | ᠵᠢᠷᠭᠠᠯ ᠲᠠᠢ ᠰᠢᠨ᠎ᠡ ᠠᠮᠢᠳᠤᠷᠠᠯ ᠢᠶᠠᠨ ᠮᠠᠭᠲᠠᠨ ᠳᠠᠭᠤᠯᠠᠵᠤ ᠪᠠᠶᠢᠭ᠎ᠠ ᠨᠢ᠃ | ᠤᠯᠠᠭᠠᠨᠬᠠᠳᠠ ᠬᠤᠲᠠ ᠶᠢᠨ ᠮᠠᠭᠠᠵᠢᠨᠲᠠᠯᠠ ᠭᠠᠴᠠᠭ᠎ᠠ ᠶᠢᠨ ᠨᠠᠮ ᠤᠨ ᠡᠭᠦᠷ ᠤᠨ ᠱᠦᠵᠢ ᠣᠶᠣᠨᠳᠠᠯᠠᠢ | ᠬᠡᠯᠡᠬᠦ ᠳᠡᠭᠡᠨ᠂ ᠥᠩᠭᠡᠷᠡᠭᠰᠡᠨ ᠳᠤ ᠭᠠᠴᠠᠭᠠᠨ ᠤ ᠠᠷᠠᠳ ︽ᠲᠣᠮᠣ ᠺᠠᠳ᠋ᠷ︾ ᠢ ᠣᠯᠵᠤ ᠦᠵᠡᠪᠡᠯ ᠪᠦᠷ ︽ᠵᠠᠶᠢᠯᠵᠤ︾ | ᠪᠠᠶᠢᠳᠠᠭ᠂ ᠤᠳᠤ ᠺᠠᠳ᠋ᠷᠴᠤᠳ ᠢ ᠣᠯᠵᠤ ᠦᠵᠡᠪᠡᠯ ᠪᠦᠷ ︽ᠪᠦᠰᠡᠯᠡᠳᠡᠭ︾ ᠪᠣᠯᠪᠠ᠄ ︽ᠺᠠᠳ᠋ᠷ ᠤᠯᠠᠨ ᠲᠦᠮᠡᠨ ᠢ | ᠬᠠᠪᠰᠤᠷᠴᠤ᠂ ᠤᠯᠠᠨ ᠲᠦᠮᠡᠨ ᠤ ᠺᠠᠳ᠋ᠷ ᠲᠤ ᠲᠦᠰᠢᠭᠯᠡᠵᠦ᠂ ᠤᠯᠠᠨ ᠢᠶᠠᠷ ᠢᠶᠠᠨ ᠰᠡᠳᠬᠢᠯ ᠨᠢᠭᠡᠳᠴᠦ᠂ ᠬᠦᠴᠦ ᠪᠠᠨ | ᠬᠠᠮᠲᠤᠳᠬᠠᠵᠤ᠂ ᠬᠠᠮᠲᠤ ᠪᠠᠷ ᠤᠯᠠᠮ ᠨᠢᠭᠲᠠᠷᠠᠵᠠᠢ︾ ᠭᠡᠪᠡ᠃ | ᠤᠢᠢᠷ᠎ᠠ ᠶᠢᠨ ᠭᠤᠷᠪᠠᠨ ᠵᠢᠯ ᠤᠨ ᠲᠤᠷᠰᠢ᠂ ᠥᠪᠥᠷ ᠮᠣᠩᠭᠤᠯ ᠪᠦᠬᠦ ᠣᠷᠣᠨ ᠤ ᠡᠯ᠎ᠡ ᠲᠥᠷᠥᠯ ᠤᠨ | ᠶᠠᠳᠠᠭᠤ ᠶᠢ ᠲᠡᠳᠬᠦᠬᠦ ᠳᠤ ᠲᠤᠰᠬᠠᠶ ᠳᠤ 368 ᠳ᠋ᠦᠩᠰᠢᠭᠤᠷ ᠲᠥᠭᠦᠷᠢᠭ ᠣᠷᠣᠭᠤᠯᠵᠤ᠂ ᠡᠨᠡ ᠨᠢ ᠰᠢᠨ᠎ᠡ | ᠵᠠᠭᠤᠨ ᠳᠤ ᠤᠷᠤᠭᠰᠠᠨ ᠠᠴᠠ ᠨᠠᠰᠢᠬᠢ 10 ᠵᠢᠯ ᠤᠨ ᠣᠷᠣᠭᠤᠯᠤᠯᠲᠠ ᠶᠢᠨ 2.2 ᠲᠠᠬᠢᠨ ᠲᠠᠢ ᠲᠡᠩᠴᠡᠵᠡᠢ᠃ | ᠣᠳᠣ ᠤᠮᠠᠷᠠᠲᠤ ᠬᠢᠯᠢ ᠶᠢᠨ ᠨᠤᠲᠤᠭ ᠳᠡᠪᠢᠰᠬᠡᠷ ᠳᠡᠭᠡᠷ᠎ᠡ᠂ ︽ᠠᠷᠪᠠ ᠶᠢ ᠪᠦᠷᠢᠨ ᠪᠦᠷᠬᠦᠭᠦᠯᠬᠦ︾ ᠵᠡᠷᠭᠡ ᠠᠯᠢ | ᠣᠯᠠᠨ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠡᠳ᠂ ᠪᠦᠬᠦ ᠣᠷᠣᠨ ᠤ | ᠶᠠᠳᠠᠭᠤ ᠬᠦᠴᠢᠷᠳᠡᠯᠲᠡᠶ ᠬᠥᠮᠦᠨ ᠠᠮᠠ 2012 ᠣᠨ ᠳᠤ 179 ᠲᠦᠮᠡᠨ ᠬᠥᠮᠦᠨ ᠪᠠᠶᠢᠭᠰᠠᠨ ᠠᠴᠠ ᠪᠠᠨ 80.3 | ᠲᠦᠮᠡᠨ ᠬᠥᠮᠦᠨ ᠪᠣᠯᠣᠨ ᠬᠠᠰᠤᠭᠳᠠᠵᠤ᠂ ᠶᠠᠳᠠᠭᠤ ᠬᠦᠴᠢᠷᠳᠡᠯ ᠤᠨ ᠡᠭᠦᠰᠦᠯᠲᠡ ᠶᠢᠨ ᠨᠣᠷᠮ᠎ᠠ ᠨᠢ 11.85% | ᠪᠠᠶᠢᠭᠰᠠᠨ ᠠᠴᠠ ᠪᠠᠨ 5.85% ᠪᠣᠯᠣᠨ | ᠪᠠᠭᠤᠷᠠᠪᠠ᠃ | | ᠪᠠᠶᠠᠨᠨᠠᠭᠤᠷ ᠬᠤᠲᠠ ᠶᠢᠨ ᠳ᠋ᠧᠩᠺᠸᠦ ᠰᠢᠶᠠᠨ ᠤ᠂ ᠪᠠᠶᠠᠵᠢᠭᠰᠠᠨ ᠮᠠᠯᠴᠢᠨ ᠲᠠᠷᠢᠶᠠᠴᠢᠳ ᠡᠯᠪᠡᠭ ᠬᠤᠷᠢᠶᠠᠯᠲᠠ | ᠣᠯᠤᠭᠰᠠᠨ ᠤᠯᠠᠭᠠᠨ ᠯᠠᠵᠤᠤ ᠢᠶᠠᠷ ᠢᠶᠠᠨ ︽ᠳᠤᠮᠳᠠᠳᠤ ᠤᠯᠤᠰ ᠤᠨ ᠬᠦᠰᠡᠯ ᠵᠡᠭᠦᠳᠦ︾ ᠶᠢ ᠪᠢᠴᠢᠭᠯᠡᠵᠦ ᠪᠠᠶᠢᠭ᠎ᠠ ᠨᠢ | ᠃ | ᠬᠠᠷᠢᠯᠴᠠᠨ ᠬᠠᠷᠠᠭᠠᠯᠵᠠᠨ ᠲᠤᠰᠠᠯᠠᠯᠴᠠᠵᠤ᠂ ᠪᠦᠯᠬᠦᠮᠳᠡᠨ ᠲᠡᠮᠡᠴᠡᠬᠦ ᠬᠡᠷᠡᠭᠲᠡᠶ᠃ ︽13.5︾ ᠶᠢᠨ | ᠲᠥᠯᠥᠪᠵᠢᠭᠦᠯᠭᠡ ᠶᠢ ᠪᠠᠷᠠᠯᠠᠪᠠᠯ᠂ ᠦᠯᠡᠳᠡᠭᠰᠡᠨ 80 ᠲᠦᠮᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ | ᠶᠠᠳᠠᠭᠤ ᠠᠴᠠ ᠠᠩᠭᠢᠵᠢᠷᠠᠬᠤ ᠬᠦᠰᠡᠯ ᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠬᠤᠭᠤᠴᠠᠭ᠎ᠠ ᠶᠣᠰᠣᠭᠠᠷ ᠪᠠᠶᠢᠭᠤᠯᠤᠨ ᠪᠡᠶᠡᠯᠡᠭᠦᠯᠵᠦ᠂ ᠨᠢᠭᠡ ᠡᠷᠦᠬᠡ ᠠᠷᠠᠳ ᠢ ᠴᠦ ᠡᠩᠨᠡᠭᠡᠨ ᠠᠴᠠ | ᠬᠤᠴᠣᠷᠤᠭᠤᠯᠬᠤ ᠦᠭᠡᠢ ᠪᠠᠶᠢᠯᠭᠠᠬᠤ ᠳᠤ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ | ᠢᠲᠡᠭᠡᠯ ᠵᠣᠷᠢᠭ ᠲᠡᠭᠦᠯᠳᠡᠷ᠂ ᠡᠷᠴᠢ ᠵᠣᠷᠢᠭ ᠲᠡᠭᠦᠯᠳᠡᠷ ᠪᠠᠶᠢᠵᠤ᠂ ᠠᠵᠤ ᠠᠬᠤᠶ ᠬᠥᠭᠵᠢᠭᠰᠡᠨ᠂ ᠦᠨᠳᠦᠰᠦᠲᠡᠨ | ᠪᠦᠯᠬᠦᠮᠳᠡᠭᠰᠡᠨ᠂ ᠰᠣᠶᠣᠯ ᠴᠡᠴᠡᠭᠯᠡᠨ ᠬᠥᠭᠵᠢᠭᠰᠡᠨ᠂ ᠬᠢᠯᠢ ᠬᠢᠵᠠᠭᠠᠷ ᠠᠮᠤᠷ ᠲᠣᠭᠲᠠᠭᠤᠨ᠂ ᠠᠮᠢ ᠠᠬᠤᠶ ᠪᠣᠯᠪᠠᠰᠤᠨ | ᠂ ᠦᠨᠳᠦᠰᠦᠲᠡᠨ ᠨᠦᠭᠦᠳ ᠤᠨ ᠠᠷᠠᠳ ᠲᠦᠮᠡᠨ ᠵᠣᠯ ᠵᠢᠷᠭᠠᠯᠲᠠᠶ ᠠᠮᠢᠳᠤᠷᠠᠭᠰᠠᠨ ᠦᠵᠡᠮᠵᠢᠲᠦ ᠣᠷᠣᠨ ᠡᠬᠡ | ᠤᠯᠤᠰ ᠤᠨ ᠤᠮᠠᠷᠠᠲᠤ ᠬᠢᠯᠢ ᠶᠢᠨ ᠡᠬᠡ ᠭᠠᠵᠠᠷ ᠲᠤ ᠮᠢᠷᠠᠯᠵᠠᠨ ᠳᠡᠯᠭᠡᠷᠡᠵᠦ ᠪᠤᠢ᠃ |