ᠥᠪᠥᠷ ᠮᠣᠩᠭᠤᠯ ᠪᠣᠭᠤᠮᠲᠠ ᠶᠢᠨ ᠵᠠᠢ ᠺᠠᠨ ᠵᠡᠷᠭᠡ ᠳᠠᠮᠵᠢᠯᠭ᠎ᠠ ᠴᠢᠨᠠᠷᠲᠠᠶ ᠬᠠᠯᠳᠠᠪᠤᠷᠢᠲᠤ ᠡᠪᠡᠳᠴᠢᠨ ᠬᠢᠵᠢᠭ ᠡᠪᠡᠳᠴᠢᠨ ᠤ ᠪᠠᠶᠢᠳᠠᠯ ᠢ ᠬᠠᠮᠲᠤᠪᠠᠷ ᠰᠡᠷᠭᠡᠶᠢᠯᠡᠨ ᠡᠵᠡᠮᠳᠡᠬᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2016/3/16
     ᠤᠢᠢᠷ᠎ᠠ ᠶᠢᠨ ᠬᠤᠭᠤᠴᠠᠭᠠᠨ ᠳᠤ ᠭᠠᠳᠠᠭᠠᠳᠤ ᠶᠢᠨ ᠵᠠᠶ ᠺᠠᠨ ᠡᠪᠡᠳᠴᠢᠨ ᠤ ᠬᠢᠵᠢᠭ ᠤᠨ ᠪᠠᠶᠢᠳᠠᠯ ᠬᠦᠨᠳᠦ ᠬᠡᠴᠡᠭᠦᠦ ᠪᠠᠶᠢᠵᠤ᠂ ᠤᠯᠤᠰ ᠤᠨ ᠳᠣᠲᠣᠭᠠᠳᠤ ᠶᠢᠨ ᠳᠠᠯᠠᠢ ᠳᠠᠭᠠᠤ ᠪᠤᠭᠤᠮᠲᠠ ᠪᠠᠷ ᠳᠠᠮᠵᠢᠨ ᠣᠷᠣᠵᠤ ᠢᠷᠡᠭᠰᠡᠨ ᠡᠪᠡᠳᠴᠢᠨ ᠤ ᠵᠢᠱᠢᠶ᠎ᠡ ᠢᠯᠡᠷᠡᠭᠰᠡᠨ ᠪᠠᠶᠢᠨ᠎ᠠ᠃ ᠥᠪᠥᠷ ᠮᠣᠩᠭᠤᠯ ᠤᠨ ᠪᠣᠭᠤᠮᠲᠠ ᠶᠢᠨ ᠵᠠᠢ ᠺᠠᠨ ᠡᠪᠡᠳᠴᠢᠨ ᠤ ᠬᠢᠵᠢᠭ ᠢ ᠰᠡᠷᠭᠡᠶᠢᠯᠡᠨ  ᠡᠵᠡᠮᠳᠡᠬᠦ ᠠᠵᠢᠯ ᠢ ᠰᠠᠶᠢᠲᠤᠷ ᠬᠢᠵᠦ᠂ ᠪᠦᠲᠦᠮᠵᠢᠲᠡᠶ ᠰᠡᠷᠭᠡᠶᠢᠯᠡᠨ᠂ ᠴᠢᠩᠭ᠎ᠠ ᠨᠢᠮᠪᠠᠶ ᠰᠡᠷᠭᠡᠶᠢᠯᠡᠨ ᠡᠵᠡᠮᠳᠡᠬᠦ ᠶᠢ ᠪᠡᠶᠡᠯᠡᠭᠦᠯᠬᠦ ᠶᠢᠨ ᠲᠤᠯᠠᠳᠠ᠂ ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ 3 ᠳ᠋ᠤᠭᠠᠷ ᠰᠠᠷ᠎ᠠ ᠶᠢᠨ 11᠎ ᠤ ᠡᠳᠦᠷ᠂ ᠥᠪᠥᠷ ᠮᠣᠩᠭᠤᠯ ᠤᠨ ᠪᠣᠭᠤᠮᠲᠠ ᠶᠢᠨ ᠵᠠᠢ ᠺᠠᠨ ᠡᠪᠡᠳᠴᠢᠨ ᠤ ᠬᠢᠵᠢᠭ ᠤᠨ ᠪᠠᠶᠢᠳᠠᠯ ᠢ ᠬᠠᠮᠲᠤᠪᠠᠷ ᠰᠡᠷᠭᠡᠶᠢᠯᠡᠨ ᠡᠵᠡᠮᠳᠡᠬᠦ ᠠᠵᠢᠯ ᠤᠨ ᠵᠣᠬᠢᠴᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃      ᠬᠤᠷᠠᠯ ᠳᠡᠭᠡᠷ᠎ᠡ᠂ ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠶᠢᠨ ᠡᠷᠡᠭᠦᠯ ᠬᠠᠮᠠᠭᠠᠯᠠᠯ ᠤᠨ ᠬᠢᠵᠢᠭ ᠤᠨ ᠪᠠᠶᠢᠴᠠᠭᠠᠯᠲᠠ ᠶᠢᠨ ᠭᠠᠵᠠᠷ ᠠᠴᠠ ᠣᠳᠣᠬᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠵᠠᠶ  ᠺᠠᠨ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠭᠳᠡᠬᠦ ᠶᠢᠨ ᠬᠠᠮᠲᠤ᠂ ᠮᠠᠨ ᠤ ᠣᠷᠣᠨ ᠤ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠠᠨᠢᠯᠴᠠᠭᠤᠯᠵᠤ᠂ ᠮᠠᠨ ᠤ ᠣᠷᠣᠨ ᠤ ᠳᠠᠮᠵᠢᠯᠭ᠎ᠠ ᠶᠢᠨ ᠴᠢᠨᠠᠷᠲᠠᠶ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠪᠠ᠃ ᠡᠯ᠎ᠡ ᠪᠦᠷᠢᠯᠳᠦᠬᠦᠨ ᠨᠢᠭᠡᠴᠡ ᠶᠢᠨ ᠲᠥᠯᠥᠭᠡᠯᠡᠭᠴᠢ ᠤᠯᠤᠰ ᠤᠨ ᠵᠠᠶ ᠺᠠᠨ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠵᠣᠷᠢᠭ ᠰᠠᠨᠠᠭ᠎ᠠ ᠪᠤᠯᠤᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ ᠭᠦᠨᠵᠡᠭᠡᠶ ᠶᠠᠷᠢᠯᠴᠠᠨ ᠰᠣᠯᠢᠯᠴᠠᠵᠤ᠂ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠪᠠᠷ ᠲᠠᠨᠢᠯᠴᠠᠭᠤᠯᠵᠤ᠂ ᠲᠤᠰ ᠰᠠᠯᠠᠭ᠎ᠠ ᠮᠥᠴᠢᠷ ᠤᠨ ᠬᠥᠳᠡᠯᠮᠦᠷᠢ ᠦᠢᠯᠡᠴᠢᠯᠡᠭᠡ᠂ ᠬᠤᠳᠠᠯᠳᠤᠭᠠᠨ ᠤ ᠶᠠᠪᠤᠳᠠᠯ᠂ ᠠᠯᠪᠠᠨ ᠶᠠᠪᠤᠳᠠᠯ᠂ ᠭᠠᠳᠠᠭᠠᠳᠤ ᠳᠤ ᠭᠠᠷᠴᠤ ᠰᠤᠷᠤᠯᠴᠠᠬᠤ᠂ ᠭᠠᠳᠠᠭᠠᠳᠤ ᠶᠢᠨ ᠪᠠᠭᠰᠢ᠂ ᠵᠢᠭᠤᠯᠴᠢᠯᠠᠯ ᠵᠡᠷᠭᠡ ᠬᠢᠵᠢᠭ ᠤᠨ ᠪᠠᠶᠢᠳᠠᠯ ᠡᠭᠦᠰᠦᠭᠰᠡᠨ ᠤᠯᠤᠰ ᠠᠴᠠ ᠢᠷᠡᠵᠤ ᠭᠠᠷᠬᠤ ᠪᠤᠶᠤ ᠬᠢᠯᠢ ᠪᠠᠷ ᠤᠷᠤᠵᠤ ᠭᠠᠷᠬᠤ ᠪᠣᠯᠤᠯᠴᠠᠭ᠎ᠠ ᠲᠠᠢ ᠬᠦᠮᠦᠰ ᠲᠠᠢ ᠬᠤᠯᠪᠤᠭᠳᠠᠬᠤ ᠮᠡᠳᠡᠭᠡ ᠵᠠᠩᠭᠢ ᠶᠢ ᠰᠢᠨᠵᠢᠯᠡᠬᠦ ᠤᠬᠠᠭᠠᠨᠴᠢ ᠪᠠᠷ ᠵᠠᠳᠠᠯᠤᠯᠲᠠ ᠬᠢᠵᠤ᠂ ᠮᠡᠳᠡᠭᠡ ᠵᠠᠩᠭᠢ ᠶᠢᠨ ᠰᠣᠯᠢᠯᠴᠠᠭ᠎ᠠ ᠪᠠᠨ ᠴᠢᠩᠭᠠᠳᠬᠠᠬᠤ᠂ ᠤᠬᠠᠭᠤᠯᠭ᠎ᠠ ᠪᠣᠯᠪᠠᠰᠤᠷᠠᠭᠤᠯᠤᠯ ᠢ ᠲᠦᠭᠡᠮᠡᠯᠵᠢᠭᠦᠯᠬᠦ ᠵᠡᠷᠭᠡ ᠲᠠᠯ᠎ᠠ ᠪᠠᠷ ᠵᠦᠢ ᠵᠤᠬᠢᠰᠲᠠᠢ ᠰᠠᠨᠠᠭᠤᠯᠭ᠎ᠠ ᠳᠤᠷᠠᠳᠪᠠ᠃      ᠥᠪᠥᠷ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠤᠪᠴᠢᠶ᠎ᠠ ᠶᠢᠨ ᠳᠡᠳ᠋ ᠳᠠᠷᠤᠭ᠎ᠠ ᠵᠤᠤ ᠢᠦᠢ ᠣᠨᠴᠠᠭᠠᠶᠢᠯᠠᠨ ᠴᠢᠬᠤᠯᠠᠴᠢᠯᠠᠭᠰᠠᠨ ᠨᠢ᠂ ᠲᠩᠷᠢ ᠳᠤᠯᠠᠭᠠᠷᠠᠬᠤ ᠶᠢ ᠳᠠᠭᠠᠯᠳᠤᠨ᠂ ᠵᠠᠶ ᠺᠠᠨ ᠡᠪᠡᠳᠴᠢᠨ ᠤ ᠬᠢᠵᠢᠭ ᠤᠨ ᠪᠠᠶᠢᠳᠠᠯ ᠤᠨ ᠳᠡᠯᠭᠡᠷᠡᠯᠲᠡ ᠶᠢᠨ ᠠᠶᠤᠯ ᠲᠦᠭᠰᠢᠭᠦᠷᠢ ᠳᠡᠰ ᠳᠡᠪᠰᠢᠬᠦ ᠪᠤᠯᠤᠯᠴᠠᠭ᠎ᠠ ᠲᠠᠢ ᠪᠤᠯᠬᠤᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠳᠡᠭ ᠢᠳᠡᠭ ᠢᠶᠠᠷ ᠬᠡᠪ ᠪᠠᠶᠢᠳᠠᠯ ᠳᠤ ᠰᠢᠯᠵᠢᠨ ᠤᠷᠤᠬᠤ ᠪᠤᠯᠤᠨ᠎ᠠ᠂ ᠡᠯ᠎ᠡ ᠪᠦᠷᠢᠯᠳᠦᠬᠦᠨ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠢᠭᠲᠠ ᠬᠠᠮᠵᠢᠯᠴᠠᠨ ᠬᠠᠮᠲᠤᠷᠠᠨ ᠪᠠᠶᠢᠯᠳᠤᠵᠤ᠂ ᠬᠠᠮᠲᠤᠷᠠᠨ ᠰᠡᠷᠭᠡᠶᠢᠯᠡᠨ ᠡᠵᠡᠮᠳᠡᠬᠦ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠤ᠂ ᠬᠠᠮᠲᠤᠷᠠᠨ ᠰᠡᠷᠭᠡᠶᠢᠯᠡᠵᠦ ᠡᠵᠡᠮᠳᠡᠬᠦ ᠠᠵᠢᠯ ᠤᠨ ᠲᠥᠰᠦᠯ ᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠯᠲᠠ ᠶᠢ ᠰᠢᠨᠵᠢᠯᠡᠬᠦ ᠤᠬᠠᠭᠠᠨᠴᠢ ᠪᠥᠭᠡᠳ ᠦᠷ᠎ᠡ ᠪᠦᠲᠦᠮᠵᠢᠲᠡᠶ ᠪᠠᠷ ᠰᠡᠷᠭᠡᠶᠢᠯᠡᠰᠦᠭᠡᠢ ᠬᠡᠪᠡ᠃      ᠡᠯ᠎ᠡ ᠨᠢᠭᠡᠴᠡ ᠶᠢᠨ ᠬᠠᠮᠢᠶ᠎ᠠ ᠪᠦᠭᠦᠢ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠬᠠᠮᠲᠤᠷᠠᠨ ᠰᠡᠷᠭᠡᠶᠢᠯᠡᠨ ᠡᠵᠡᠮᠳᠡᠬᠦ ᠲᠣᠭᠲᠠᠴᠠ ᠶᠢ ᠴᠢᠩᠭᠠᠳᠬᠠᠵᠤ᠂ ᠨᠡᠶᠢᠯᠡᠮᠡᠯ ᠬᠦᠴᠦᠨ ᠢ ᠪᠦᠷᠢᠯᠳᠦᠬᠦᠯᠵᠤ᠂ ᠵᠠᠶ ᠺᠠᠨ ᠡᠪᠡᠳᠴᠢᠨ ᠤ ᠬᠢᠵᠢᠭ  ᠬᠠᠯᠳᠠᠪᠤᠷᠢᠯᠠᠬᠤ ᠶᠢ ᠴᠢᠩᠭ᠎ᠠ ᠰᠡᠷᠭᠡᠶᠢᠯᠡᠵᠡᠭᠡᠶ᠎ᠡ ᠭᠡᠪᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠣᠭᠤᠮᠲᠠ ᠶᠢᠨ ᠠᠯᠪᠠᠨ ᠭᠡᠷ᠂ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ᠂ ᠵᠢᠭᠤᠯᠴᠢᠯᠠᠯ ᠤᠨ ᠲᠣᠪᠴᠢᠶ᠎ᠠ᠂ ᠥᠪᠥᠷ ᠮᠣᠩᠭᠤᠯ ᠤᠨ ᠬᠢᠯᠢ ᠠᠴᠠ ᠭᠠᠷᠴᠤ ᠤᠷᠤᠬᠤ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ᠂ ᠬᠥᠬᠡᠬᠤᠲᠠ ᠪᠣᠭᠤᠮᠲᠠ᠂ ᠥᠪᠥᠷ ᠮᠣᠩᠭᠤᠯ ᠤᠨ ᠬᠢᠯᠢ ᠶᠢᠨ ᠬᠠᠮᠠᠭᠠᠯᠠᠯᠲᠠ ᠶᠢᠨ ᠶᠡᠷᠦᠩᠬᠡᠶ ᠠᠩᠭᠢ᠂ ᠠᠷᠠᠳ ᠤᠨ ᠠᠭᠠᠷ ᠤᠨ ᠲᠡᠭᠡᠭᠡᠪᠦᠷᠢ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠠᠷᠪᠠᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠬᠢᠭᠡᠳ ᠠᠵᠢᠯᠲᠠᠳ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号