| 3 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ | ᠬᠡᠷᠡᠭᠯᠡᠭᠴᠢᠳ ᠤᠨ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠬᠥᠬᠡᠬᠤᠲᠠ ᠶᠢᠨ ᠠᠵᠤ ᠦᠢᠯᠡᠳᠪᠦᠷᠢ | ᠬᠤᠳᠠᠯᠳᠤᠭᠠᠨ ᠤ ᠲᠣᠪᠴᠢᠶ᠎ᠠ ᠵᠢᠴᠢ ᠬᠡᠷᠡᠭᠯᠡᠭᠴᠢᠳ ᠤᠨ ᠨᠡᠶᠢᠭᠡᠮᠯᠢᠭ ᠠᠴᠠ ᠳᠠᠭᠠᠭᠠᠨ ᠡᠷᠬᠢᠯᠡᠭᠰᠡᠨ ︽3 · 15︾ | ᠤ ᠳᠡᠯᠡᠬᠡᠶ ᠶᠢᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠤᠨ ᠠᠵᠢᠯᠯᠠᠭ᠎ᠠ ᠨᠢ ᠰᠢᠨ᠎ᠡ ᠬᠤᠲᠠ | ᠲᠣᠭᠤᠷᠢᠭ ᠤᠨ ᠰᠣᠶᠣᠯ ᠴᠡᠴᠡᠷᠯᠢᠭ ᠤᠨ ᠠᠭᠤᠳᠠᠮ ᠲᠠᠯᠠᠪᠠᠢ ᠳᠤ ᠡᠬᠢᠯᠡᠪᠡ᠃ ᠬᠥᠬᠡᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠶᠢᠨ ᠰᠢᠶᠠᠩ ᠡᠬᠢᠯᠡᠬᠦ ᠶᠣᠰᠣᠯᠠᠯ ᠢ ᠡᠷᠬᠢᠯᠡᠪᠡ᠃ | ᠣᠶᠢᠯᠠᠭᠠᠭᠰᠠᠨ ᠢᠶᠠᠷ᠂ ᠡᠨᠡ ᠵᠢᠯ ᠤᠨ ︽3 · 15︾ ᠶᠢᠨ ᠬᠤᠭᠤᠴᠠᠭᠠᠨ ᠳᠤ᠂ ᠠᠵᠤ ᠦᠢᠯᠡᠳᠪᠦᠷᠢ | ᠬᠤᠳᠠᠯᠳᠤᠭᠠᠨ ᠤ ᠰᠢᠰᠲ᠋ᠧᠮ ︽ᠰᠢᠨ᠎ᠡ ᠬᠡᠷᠡᠭᠯᠡᠭᠡ ᠪᠢ ᠡᠵᠡᠨ ᠮᠡᠳᠡᠨ᠎ᠡ︾ ᠭᠡᠰᠡᠨ ᠭᠤᠣᠯ ᠰᠡᠳᠦᠪ ᠲᠠᠢ ᠨᠢᠭᠲᠠ | ᠤᠶᠠᠯᠳᠤᠭᠤᠯᠤᠨ᠂ ᠦᠨᠳᠦᠰᠦᠨ ᠱᠠᠲᠤᠨ ᠳᠤ ᠬᠡᠷᠡᠭᠯᠡᠭᠡᠨ ᠤ ᠬᠥᠮᠦᠵᠢᠯ ᠬᠢᠬᠦ᠂ ᠭᠤᠣᠯᠳᠠᠯᠭ᠎ᠠ ᠲᠠᠢ ᠣᠷᠣᠨ ᠪᠦᠰᠡ | ᠪᠣᠯᠤᠨ ᠠᠵᠢᠯ ᠲᠥᠷᠥᠯ ᠳᠤ ᠲᠠᠭᠠᠰᠢᠶᠠᠯ ᠤᠨ ᠬᠡᠮᠵᠢᠶ᠎ᠡ ᠶᠢ ᠪᠠᠶᠢᠴᠠᠭᠠᠬᠤ᠂ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠬᠦ | ᠂ ᠭᠡᠷ᠎ᠡ ᠰᠠᠬᠢᠵᠤ ᠢᠲᠡᠭᠡᠮᠵᠢ ᠶᠢ ᠬᠦᠨᠳᠦᠳᠬᠡᠭᠰᠡᠨ ᠨᠢᠭᠡᠴᠡ ᠪᠠ ᠲᠠᠸᠠᠷ ᠤᠨ ᠲᠡᠮᠳᠡᠭᠲᠦ ᠶᠢᠨ ᠪᠠᠶᠢᠯᠳᠤᠬᠤ | ᠪᠤᠳᠤᠯᠭ᠎ᠠ ᠶᠢᠨ ᠦᠷ᠎ᠡ ᠪᠦᠲᠦᠭᠡᠯ ᠤᠨ ᠦᠵᠡᠭᠦᠯᠦᠯᠭᠡ ᠵᠡᠷᠭᠡ ᠵᠡᠷᠭᠡ ᠤᠯᠠᠨ ᠲᠦᠮᠡᠨ ᠤ ᠦᠵᠡᠵᠦ ᠰᠣᠨᠢᠷᠬᠠᠬᠤ | ᠬᠡᠯᠪᠡᠷᠢ ᠪᠠᠷ ᠳᠠᠮᠵᠢᠭᠤᠯᠤᠨ᠂ ᠠᠯᠢ ᠤᠯᠠᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠭᠡᠳ ᠡᠭᠦᠨ ᠤ | ᠤᠯᠠᠮ ᠢᠶᠠᠷ ᠪᠦᠬᠦ ᠨᠡᠶᠢᠭᠡᠮ ᠢᠶᠠᠷ ᠢᠶᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ | ᠶᠠᠪᠤᠳᠠᠯ ᠢ ᠨᠡᠩ ᠴᠢᠬᠤᠯᠠᠴᠢᠯᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠡᠷᠡᠭᠯᠡᠭᠡ ᠶᠢᠨ ᠡᠷᠬᠡ ᠪᠠᠨ | ᠬᠠᠮᠠᠭᠠᠯᠠᠬᠤ ᠠᠵᠢᠯ ᠤᠨ ᠲᠤᠬᠠᠢ ᠲᠠᠨᠢᠯᠲᠠ᠂ ᠴᠢᠬᠤᠯᠠᠴᠢᠯᠠᠭ᠎ᠠ᠂ ᠳᠡᠮᠵᠢᠯᠭᠡ ᠶᠢ ᠨᠢ ᠬᠥᠭᠵᠢᠭᠡᠵᠦ᠂ ᠬᠥᠮᠦᠨ ᠪᠦᠬᠦᠨ | ᠰᠡᠳᠬᠢᠯ ᠲᠠᠯᠪᠢᠬᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠨᠡᠶᠢᠭᠡᠮ ᠤᠨ ᠡᠷᠬᠡ ᠪᠠᠨ ᠬᠠᠮᠠᠭᠠᠯᠠᠬᠤ ᠠᠭᠤᠷ | ᠠᠮᠢᠰᠬᠤᠯ ᠢ ᠴᠢᠷᠮᠠᠶᠢᠨ ᠪᠤᠢ ᠪᠣᠯᠭᠠᠪᠠ᠃ | ᠠᠵᠢᠯᠯᠠᠭ᠎ᠠ ᠶᠢᠨ ᠲᠠᠯᠠᠪᠤᠷ ᠲᠤ ᠪᠠᠰᠠ ᠠᠰᠠᠭᠤᠨ ᠯᠠᠪᠯᠠᠬᠤ ᠲᠠᠪᠴᠠᠩ ᠵᠢᠴᠢ 12315 ᠬᠡᠷᠡᠭᠯᠡᠭᠴᠢᠳ ᠤᠨ | ᠡᠷᠬᠡ ᠪᠠᠨ ᠬᠠᠮᠠᠭᠠᠯᠠᠬᠤ ᠢᠯᠡᠴᠢᠯᠡᠨ ᠮᠡᠳᠡᠭᠦᠯᠬᠦ ᠲᠠᠪᠴᠠᠩ ᠶᠢ ᠪᠠᠶᠢᠭᠤᠯᠵᠤ᠂ ᠠᠵᠢᠯᠲᠠᠳ ᠠᠴᠠ ᠬᠡᠷᠡᠭᠯᠡᠭᠴᠢᠳ ᠲᠤ | ᠬᠤᠳᠠᠯ ᠬᠠᠭᠤᠷᠮᠠᠭ ᠢ ᠢᠯᠭᠠᠨ ᠲᠠᠨᠢᠬᠤ ᠮᠡᠳᠡᠯᠭᠡ ᠵᠢᠭᠠᠵᠤ᠂ ᠬᠤᠳᠠᠯ ᠬᠠᠭᠤᠷᠮᠠᠭ ᠮᠠᠭᠤ ᠲᠠᠸᠠᠷ ᠢ ᠢᠯᠭᠠᠨ ᠲᠠᠨᠢᠬᠤ | ᠠᠷᠭ᠎ᠠ ᠶᠢ ᠬᠦᠯᠢᠴᠡᠩᠭᠦᠶ ᠪᠠᠷ ᠲᠠᠶᠢᠯᠪᠤᠷᠢᠯᠠᠨ ᠶᠠᠷᠢᠵᠤ᠂ ᠬᠡᠷᠡᠭᠯᠡᠭᠴᠢᠳ ᠤᠨ ᠦᠨᠡᠨ ᠬᠠᠭᠤᠷᠮᠠᠭ ᠲᠠᠸᠠᠷ ᠢ ᠢᠯᠭᠠᠨ | ᠲᠠᠨᠢᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠤᠯᠠᠨ ᠲᠦᠮᠡᠨ ᠤ ᠲᠤᠬᠠᠶ ᠶᠢᠨ ᠲᠠᠯᠠᠪᠤᠷ ᠲᠤ ᠠᠰᠠᠭᠤᠨ | ᠯᠠᠪᠠᠯᠬᠤ ᠶᠢ ᠬᠦᠯᠢᠶᠡᠵᠦ᠂ ᠬᠡᠷᠡᠭᠯᠡᠭᠴᠢᠳ ᠤᠨ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ ᠡᠯ᠎ᠡ | ᠲᠦᠷᠦᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠢ ᠦᠨ᠎ᠡ ᠲᠥᠯᠥᠪᠦᠷᠢ ᠦᠭᠡᠢ ᠪᠠᠷ ᠲᠠᠷᠬᠠᠭᠠᠵᠤ᠂ | ᠦᠨᠡᠨᠴᠢ ᠢᠲᠡᠭᠡᠮᠵᠢ ᠲᠠᠢ ᠪᠠᠷ ᠡᠵᠡᠩᠨᠡᠬᠦ᠂ ᠰᠢᠨᠵᠢᠯᠡᠬᠦ ᠤᠬᠠᠭᠠᠨᠴᠢ ᠬᠡᠷᠡᠭᠯᠡᠭᠡᠨ ᠤ ᠣᠨᠣᠯᠵᠢᠬᠤᠨ ᠢ ᠳᠡᠯᠭᠡᠷᠡᠭᠦᠯᠵᠦ᠂ | ᠪᠥᠬᠦ ᠣᠷᠣᠨ ᠤ ᠡᠯ᠎ᠡ ᠠᠵᠢᠯ ᠲᠦᠷᠦᠯ ᠤᠨ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠯᠲᠠ ᠶᠢ | ᠠᠬᠢᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠪᠦᠬᠦ ᠣᠷᠣᠨ ᠤ ᠠᠷᠠᠳ | ᠲᠦᠮᠡᠨ ᠤ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠪᠠ ᠡᠶ᠎ᠡ ᠵᠣᠬᠢᠴᠠᠯ ᠲᠠᠢ ᠬᠡᠷᠡᠭᠯᠡᠭᠡᠨ ᠤ | ᠣᠷᠴᠢᠨ ᠲᠣᠭᠤᠷᠢᠨ ᠢ ᠪᠦᠲᠦᠭᠡᠨ ᠪᠠᠶᠢᠭᠤᠯᠬᠤ ᠬᠠᠤᠯᠢ ᠪᠠᠷ ᠵᠠᠰᠠᠬᠤ ᠪᠠᠶᠢᠳᠠᠯ ᠢ ᠪᠤᠢ ᠪᠣᠯᠭᠠᠪᠠ᠃ |