2016 ᠣᠨ ᠤᠯᠠᠭᠠᠨᠬᠠᠳᠠ·ᠳᠤᠮᠳᠠᠳᠤ ᠤᠯᠤᠰ ᠤᠨ ᠤᠮᠠᠷᠠᠲᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠦᠵᠡᠭᠦᠯᠦᠯᠭᠡ ᠶᠢᠨ ᠴᠤᠭᠯᠠᠭᠠᠨ 3 ᠳ᠋ᠤᠭᠠᠷ ᠰᠠᠷ᠎ᠠ ᠶᠢᠨ 29᠎ ᠤ ᠡᠳᠦᠷ ᠡᠬᠢᠯᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2016/3/16
     2016 ᠣᠨ ᠤᠯᠠᠭᠠᠨᠬᠠᠳᠠ· ᠳᠤᠮᠳᠠᠳᠤ ᠤᠯᠤᠰ ᠤᠨ ᠤᠮᠠᠷᠠᠲᠤ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠦᠵᠡᠰᠬᠦᠯᠡᠩ ᠵᠢᠴᠢ ᠪᠦᠬᠦ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠦᠵᠡᠰᠬᠦᠯᠡᠩ ᠤᠨ ᠰᠢᠨ᠎ᠡ ᠲᠣᠷᠭᠠᠨ ᠵᠠᠮ ᠤᠨ ᠰᠢᠨ᠎ᠡ ᠪᠠᠷ ᠡᠭᠦᠳᠦᠭᠰᠡᠨ ᠨᠡᠷᠡᠲᠦ ᠲᠡᠮᠲᠡᠭᠲᠦ ᠶᠢᠨ ᠦᠵᠡᠭᠦᠯᠦᠯᠭᠡ ᠶᠢᠨ ᠠᠷᠠᠯᠵᠢᠶ᠎ᠠ ᠰᠤᠯᠢᠯᠴᠠᠭᠠᠨ ᠤ ᠴᠤᠭᠯᠠᠭᠠᠨ ᠨᠢ 3 ᠳ᠋ᠤᠭᠠᠷ ᠰᠠᠷ᠎ᠠ ᠶᠢᠨ 29᠎ ᠤ ᠡᠳᠦᠷ ᠠᠴᠠ 31᠎ ᠎ ᠤ ᠡᠳᠦᠷ ᠪᠣᠯᠲᠠᠯ᠎ᠠ ᠤᠯᠠᠭᠠᠨᠬᠠᠳᠠ ᠣᠯᠠᠨ ᠤᠯᠤᠰ ᠤᠨ ᠬᠤᠷᠠᠯ  ᠦᠵᠡᠰᠭᠦᠯᠡᠩ ᠤᠨ ᠲᠥᠪ ᠲᠤ ᠶᠠᠪᠤᠭᠳᠠᠬᠤ ᠪᠠᠷ ᠪᠠᠶᠢᠨ᠎ᠠ᠃ ᠲᠤᠰ ᠬᠤᠭᠤᠴᠠᠭᠠᠨ ᠤ ᠦᠵᠡᠭᠦᠯᠦᠯᠭᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯᠤᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠠᠴᠠ ᠥᠷᠭᠦᠯᠵᠢᠯᠡᠨ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠬᠠᠮᠵᠢᠯᠴᠠᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢᠨ ᠬᠤᠯᠪᠣᠭ᠎ᠠ ᠳᠠᠭᠠᠭᠠᠴᠢᠯᠠᠨ ᠡᠷᠬᠢᠯᠡᠨ᠎ᠡ᠃      ᠲᠤᠰ ᠬᠤᠭᠤᠴᠠᠭᠠᠨ ᠤ ᠳᠡᠯᠭᠡᠨ ᠦᠵᠡᠭᠦᠯᠦᠯᠭᠡ ᠨᠢ ︽ᠰᠢᠨ᠎ᠡ ᠶᠢ ᠡᠭᠦᠳᠦᠨ ᠬᠦᠭᠵᠢᠭᠦᠯᠬᠦ᠂ ᠨᠡᠭᠡᠭᠡᠯᠳᠡ ᠬᠢᠵᠦ ᠬᠠᠮᠲᠤᠪᠠᠷ ᠡᠳ᠋ᠯᠡᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠬᠤ᠂ ᠤᠳᠤ ᠦᠶ᠎ᠡ ᠶᠢᠨ ᠲᠠᠷᠢᠶᠠᠯᠠᠩ︾᠎ ᠪᠠᠷ ᠭᠤᠣᠯ ᠰᠡᠳᠦᠪ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ︽8337︾ ᠬᠥᠭᠵᠢᠯᠲᠡ ᠶᠢᠨ ᠰᠡᠳᠬᠢᠮᠵᠢ ᠶᠢ ᠭᠦᠨᠵᠡᠭᠡᠶ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠪᠠᠷ ᠬᠠᠷᠠᠯᠲᠠ ᠪᠠᠨ ᠪᠣᠯᠭᠠᠵᠤ᠂ ᠲᠠᠷᠢᠶᠠᠯᠠᠩ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠨᠢ ᠴᠢᠷᠮᠠᠶᠢᠨ ᠳᠡᠭᠡᠭᠰᠢᠯᠡᠭᠦᠯᠵᠦ᠂ ︽ᠢᠨᠲ᠋ᠧᠷ ᠰᠦᠯᠵᠢᠶ᠎ᠡ +︾᠎ ᠶᠢᠨ ᠤᠳᠤ ᠦᠶ᠎ᠡ ᠶᠢᠨ ᠲᠠᠷᠢᠶᠠᠯᠠᠩ ᠢ ᠶᠡᠬᠡᠪᠡᠷ ᠲᠦᠯᠬᠢᠨ ᠠᠬᠢᠭᠤᠯᠵᠤ᠂ ᠣᠷᠣᠨ ᠤ  ᠲᠤᠲᠤᠷ ᠭᠠᠳᠠᠨᠠᠬᠢ ᠪᠣᠯᠣᠨ ᠣᠯᠠᠨ ᠤᠯᠤᠰ ᠤᠨ ᠬᠤᠭᠤᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠵᠤ᠂ ᠲᠠᠷᠢᠶᠠᠯᠠᠩ ᠤᠨ ᠰᠢᠨ᠎ᠡ ᠮᠡᠷᠭᠡᠵᠢᠯ᠂ ᠰᠢᠨ᠎ᠡ ᠦᠷ᠎ᠡ ᠪᠦᠲᠦᠭᠡᠯ᠂ ᠰᠢᠨ᠎ᠡ ᠡᠭᠦᠯᠳᠡᠷ᠂ ᠰᠢᠨ᠎ᠡ ᠪᠦᠲᠦᠭᠡᠭᠳᠡᠬᠦᠨ᠂ ᠰᠢᠨ᠎ᠡ ᠪᠡᠯᠡᠳᠬᠡᠮᠵᠢ ᠶᠢᠨ ᠦᠵᠡᠭᠦᠯᠦᠯᠭᠡ ᠠᠷᠠᠯᠵᠢᠶ᠎ᠠ ᠶᠢ ᠦᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠰᠣᠯᠢᠯᠴᠠᠭ᠎ᠠ᠂ ᠵᠤᠯᠭᠠᠯᠳᠤᠭᠤᠯᠤᠨ ᠬᠡᠯᠡᠯᠴᠡᠵᠦ ᠵᠥᠪᠳᠡᠯᠴᠡᠭᠡᠷ ᠲᠣᠭᠲᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠷᠢᠶᠠᠨ ᠤ ᠲᠠᠪᠴᠠᠩ᠂ ᠲᠤᠰᠬᠠᠶ ᠮᠡᠷᠭᠡᠵᠢᠯᠲᠡᠨ ᠤ ᠵᠥᠪᠯᠡᠯᠭᠡ ᠥᠭᠬᠦ ᠦᠢᠯᠡᠴᠢᠯᠡᠭᠡ ᠵᠡᠷᠭᠡ ᠤᠯᠠᠨ ᠵᠦᠢᠯ ᠤᠨ ᠠᠵᠢᠯᠯᠠᠭ᠎ᠠ ᠶᠢ ᠦᠷᠨᠢᠭᠦᠯᠦᠨ᠎ᠡ᠃      ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠦᠵᠡᠭᠦᠯᠦᠯᠭᠡ ᠨᠢ ᠪᠠᠰᠠ ᠤᠯᠠᠭᠠᠨᠬᠠᠳᠠ ᠶᠢᠨ ᠡᠾᠧ ᠷᠦᠨ ᠲᠠᠷᠢᠶᠠᠯᠠᠩ ᠤᠨ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠢ ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠲᠢᠶᠠᠨ ᠾᠦᠩ ᠴᠡᠴᠡᠭ ᠬᠤᠸᠠᠷ ᠤᠨ ᠵᠠᠬ᠎ᠠ  ᠳᠡᠯᠭᠡᠭᠦᠷ ᠲᠤ ᠬᠤᠶᠠᠷ ᠬᠤᠪᠢᠶᠠᠷᠢ ᠲᠠᠯᠠᠪᠤᠷ ᠭᠠᠷᠭᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠰᠢᠷᠢᠰ ᠬᠤᠪᠢᠶᠠᠷᠢ ᠬᠤᠷᠠᠯ ᠡᠷᠬᠢᠯᠡᠬᠦ ᠶᠢᠨ ᠬᠠᠮᠲᠤ ᠰᠦᠯᠵᠢᠶᠡᠨ ᠳᠡᠭᠡᠷ᠎ᠡ ᠳᠡᠯᠭᠡᠨ ᠦᠵᠡᠭᠦᠯᠦᠨ᠎ᠡ᠂  ᠲᠠᠷᠢᠶᠠᠯᠠᠩ ᠳᠤ ᠬᠤᠯᠪᠣᠭᠳᠠᠬᠤ ᠬᠠᠮᠢᠶ᠎ᠠ ᠪᠦᠬᠦᠢ ᠠᠵᠤ ᠠᠬᠤᠶᠢᠯᠠᠯ᠂ ᠬᠤᠳᠠᠯᠳᠤᠭᠠᠴᠢᠳ᠂ ᠶᠡᠭᠡ ᠳᠡᠭᠡᠳᠦ  ᠲᠤᠰᠬᠠᠢ ᠮᠡᠷᠭᠡᠵᠢᠯ ᠤᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠬᠥᠳᠡᠭᠡ ᠲᠣᠰᠬᠤᠨ ᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ  ᠮᠠᠯᠴᠢᠨ ᠲᠠᠷᠢᠶᠠᠴᠢᠳ ᠢ ᠦᠵᠡᠭᠦᠯᠦᠯᠭᠡ ᠶᠢᠨ ᠴᠤᠭᠯᠠᠭᠠᠨ ᠳᠤ ᠢᠳᠡᠪᠬᠢᠲᠡᠢ ᠣᠷᠣᠯᠴᠠᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号