ᠣᠶᠢᠷ᠎ᠠ ᠳᠤ᠂ ᠲᠦᠩᠯᠢᠶᠣᠤ ᠬᠤᠲᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠠᠴᠠ | ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ | ᠮᠡᠷᠭᠡᠵᠢᠯ ᠤᠨ ᠴᠢᠳᠠᠪᠤᠷᠢᠲᠠᠨ ᠢ ᠬᠦᠮᠦᠵᠢᠭᠦᠯᠬᠦ ᠬᠤᠤᠰ ᠡᠯᠧᠮᠧᠨ᠋ᠲ ᠢ ᠪᠤᠶᠢᠵᠢᠭᠤᠯᠬᠤ ᠥᠭᠡᠷᠡᠴᠢᠯᠡᠯᠲᠡ ᠶᠢᠨ | ᠲᠤᠷᠰᠢᠯᠲᠠ ᠶᠢᠨ ᠴᠢᠭ᠋ ᠢᠶᠠᠷ ᠲᠤᠭᠳᠠᠭᠠᠭᠳᠠᠪᠠ᠃ ᠲᠤᠷᠰᠢᠯᠲᠠ ᠶᠢᠨ ᠴᠢᠭ᠋ ᠤᠨ ᠬᠤᠭᠤᠴᠠᠭ᠎ᠠ ᠨᠢ 2016 — | — 2019 ᠤᠨ᠂ ᠭᠤᠣᠯ ᠡᠭᠦᠷᠭᠡ ᠪᠣᠯ ᠦᠢᠯᠡᠳᠪᠦᠷᠢᠯᠡᠯ ᠰᠤᠷᠭᠠᠨ ᠬᠥᠮᠦᠵᠢᠯ ᠤᠨ ᠠᠭᠤᠰᠤᠯᠴᠠᠯ᠂ | ᠰᠤᠷᠭᠠᠭᠤᠯᠢ ᠬᠢᠭᠡᠳ ᠠᠵᠤ ᠠᠬᠤᠶᠢᠯᠠᠯ ᠬᠠᠮᠲᠤᠷᠠᠯᠴᠠᠭᠰᠠᠨ ᠬᠤᠤᠰ ᠡᠯᠧᠮᠧᠨ᠋ᠲ ᠤᠨ ᠰᠤᠷᠭᠠᠭᠤᠯᠢ ᠡᠷᠭᠢᠯᠡᠬᠦ ᠬᠡᠯᠪᠡᠷᠢ | ᠪᠤᠯᠤᠨ᠎ᠠ᠂ ᠰᠤᠷᠭᠠᠭᠤᠯᠢ ᠪᠠ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠤᠰ | ᠡᠯᠧᠮᠧᠨ᠋ᠲ ᠢ ᠪᠤᠶᠢᠵᠢᠭᠤᠯᠬᠤ ᠭᠤᠣᠯ ᠰᠡᠳᠦᠪ ᠢ ᠪᠠᠶᠢᠭᠤᠯᠤᠯ ᠲᠣᠭᠲᠠᠴᠠ ᠶᠢᠨ ᠲᠠᠯ᠎ᠠ ᠠᠴᠠ ᠲᠤᠭᠳᠠᠭᠠᠵᠤ᠂ | ᠮᠡᠷᠭᠡᠵᠢᠯ ᠤᠨ ᠴᠢᠳᠠᠪᠤᠷᠢᠲᠠᠨ ᠢ ᠪᠤᠶᠢᠵᠢᠭᠤᠯᠵᠤ ᠠᠵᠤ ᠠᠬᠤᠶᠢᠯᠠᠯ ᠤᠨ ᠡᠬᠢ ᠪᠠᠶᠠᠯᠢᠭ᠂ ᠰᠤᠷᠭᠠᠭᠤᠯᠢ ᠶᠢᠨ ᠡᠬᠢ | ᠪᠠᠶᠠᠯᠢᠭ ᠵᠢᠴᠢ ᠪᠣᠯᠪᠠᠰᠤᠷᠠᠭᠤᠯᠤᠯ ᠤᠨ ᠡᠬᠢ ᠪᠠᠶᠠᠯᠢᠭ ᠢ ᠨᠢᠭᠡᠳᠦᠯᠲᠡᠶ ᠲᠦᠯᠦᠪᠯᠡᠵᠦ᠂ ᠳᠠᠪᠠᠭᠤᠯᠢᠭ ᠲᠠᠯ᠎ᠠ ᠪᠠᠨ | ᠪᠠᠳᠠᠷᠠᠭᠤᠯᠵᠤ᠂ ᠬᠠᠮᠵᠢᠯᠴᠠᠨ ᠠᠵᠢᠯᠯᠠᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠴᠢᠶᠡᠯ ᠬᠥᠮᠦᠵᠢᠯ ᠤᠨ | ᠤᠶᠠᠯᠳᠤᠯ ᠤᠨ ᠳᠦᠷᠢᠮ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠬᠠᠶᠢᠨ | ᠰᠦᠪᠡᠭᠴᠢᠯᠡᠯᠲᠡ ᠪᠠᠷ ᠳᠠᠮᠵᠢᠭᠤᠯᠤᠨ᠂ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠪᠠ ᠠᠵᠤ ᠠᠬᠤᠶ ᠶᠢᠨ | ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠬᠠᠷᠢᠯᠴᠠᠨ ᠠᠬᠢᠭᠤᠯᠤᠭᠰᠠᠨ ᠬᠠᠭᠤᠯᠪᠤᠷᠢᠯᠠᠵᠤ ᠪᠣᠯᠬᠤ᠂ | ᠳᠡᠯᠭᠡᠷᠡᠭᠦᠯᠵᠦ ᠪᠣᠯᠬᠤᠶᠢᠴᠠ ᠰᠢᠨ᠎ᠡ ᠬᠡᠪ ᠵᠠᠭᠪᠤᠷ ᠢ ᠪᠤᠢ ᠪᠤᠯᠭᠠᠨ᠎ᠠ᠃ | 2016 ᠣᠨ ᠳᠤ᠂ ᠲᠦᠩᠯᠢᠶᠣᠤ ᠬᠤᠲᠠ ︽ᠲᠦᠩᠯᠢᠶᠣᠤ ᠬᠤᠲᠠ ᠶᠢᠨ ᠬᠠᠭᠤᠴᠢᠨ ᠠᠵᠤ | ᠦᠢᠯᠡᠳᠪᠦᠷᠢ ᠶᠢᠨ ᠰᠠᠭᠤᠷᠢᠨ ᠭᠠᠵᠠᠷ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠮᠡᠷᠭᠡᠵᠢᠯ ᠤᠨ | ᠴᠢᠳᠠᠪᠤᠷᠢᠲᠠᠨ ᠢ ᠬᠦᠮᠦᠵᠢᠭᠦᠯᠬᠦ ᠬᠤᠤᠰ ᠡᠯᠧᠮᠧᠨ᠋ᠲ ᠢ ᠪᠤᠶᠢᠵᠢᠭᠤᠯᠬᠤ ᠥᠭᠡᠷᠡᠴᠢᠯᠡᠯᠲᠡ ᠶᠢᠨ ᠲᠤᠷᠰᠢᠯᠲᠠ ᠶᠢᠨ | ᠴᠢᠭ᠋ ᠤᠨ ᠲᠥᠰᠦᠯ︾ ᠢ ᠨᠠᠶᠢᠷᠠᠭᠤᠯᠤᠨ ᠵᠤᠬᠢᠶᠠᠬᠤ ᠶᠢᠨ ᠬᠠᠮᠲᠤ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠦᠪᠯᠡᠯ ᠢᠶᠠᠷ ᠴᠢᠷᠮᠠᠶᠢᠨ ᠴᠤᠬᠤᠯᠠᠪᠤᠷᠢᠭᠤᠯᠵᠤ᠂ ᠲᠤᠷᠰᠢᠯᠲᠠ ᠶᠢᠨ ᠴᠢᠭ᠋ ᠤᠨ ᠴᠢᠭᠯᠡᠯ ᠢ | ᠡᠵᠡᠮᠳᠡᠵᠦ᠂ ᠬᠠᠮᠢᠶ᠎ᠠ ᠪᠦᠬᠦᠢ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠬᠤᠯᠪᠣᠭᠳᠠᠯ ᠪᠦᠬᠦᠢ ᠲᠦᠷᠦ ᠶᠢᠨ | ᠪᠤᠳᠤᠯᠭ᠎ᠠ ᠶᠢ ᠵᠤᠬᠢᠴᠠᠭᠤᠯᠵᠤ᠂ ᠲᠤᠷᠰᠢᠯᠲᠠ ᠶᠢᠨ ᠴᠢᠭ᠋ ᠡᠬᠢᠯᠡᠬᠦ ᠶᠢᠨ ᠡᠮᠦᠨᠡᠬᠢ ᠪᠡᠯᠡᠳᠬᠡᠯ ᠠᠵᠢᠯ ᠢ ᠪᠡᠶᠡᠯᠡᠭᠦᠯᠦᠨ᠎ᠡ᠃ | |