2016 ᠣᠨ ᠤ 6 ᠳ᠋ᠤᠭᠠᠷ ᠰᠠᠷ᠎ᠠ ᠶᠢᠨ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡᠳᠦᠭᠡᠷ᠂ | ᠵᠢᠷᠭᠤᠳᠤᠭᠠᠷ ᠳᠡᠰ ᠤᠨ ᠰᠢᠯᠭᠠᠯᠲᠠ 4 ᠳ᠋ᠦ᠋ᠭᠡᠷ ᠰᠠᠷ᠎ᠠ ᠶᠢᠨ 5 ᠤ ᠡᠳᠦᠷ ᠤᠨ 9 ᠴᠠᠭ ᠠᠴᠠ ᠡᠬᠢᠯᠡᠨ ᠨᠡᠷ᠎ᠡ | ᠮᠡᠳᠡᠭᠦᠯᠵᠦ᠂ 4 ᠳ᠋ᠦ᠋ᠭᠡᠷ ᠰᠠᠷ᠎ᠠ ᠶᠢᠨ 13 ᠤ ᠡᠳᠦᠷ ᠤᠨ 18 ᠴᠠᠭ ᠪᠣᠯᠲᠠᠯ᠎ᠠ ᠨᠡᠷ᠎ᠡ ᠮᠡᠳᠡᠭᠦᠯᠵᠦ ᠳᠠᠭᠤᠰᠤᠨ᠎ᠠ᠃ | 2016 ᠣᠨ ᠤ 6 ᠳ᠋ᠤᠭᠠᠷ ᠰᠠᠷ᠎ᠠ ᠠᠴᠠ ᠰᠢᠯᠭᠠᠯᠲᠠ ᠡᠬᠢᠯᠡᠵᠦ᠂ CET4 ᠪᠠ CET6 ᠶᠢᠨ ᠰᠣᠨᠣᠰᠬᠤ | ᠴᠢᠳᠠᠪᠤᠷᠢ ᠶᠢᠨ ᠰᠡᠳᠦᠪ ᠤᠨ ᠬᠡᠯᠪᠡᠷᠢ ᠲᠤ ᠡᠳᠦᠶ ᠲᠡᠳᠦᠶ ᠲᠤᠬᠢᠷᠠᠭᠤᠯᠤᠯᠳᠠ ᠬᠢᠪᠡ᠃ | ᠣᠶᠢᠯᠠᠭᠠᠭᠰᠠᠨ ᠢᠶᠠᠷ᠂ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ︵ᠡᠭᠦᠨ ᠳᠤ ᠪᠠᠭ᠎ᠠ ᠬᠡᠯᠡ ᠪᠠᠭᠲᠠᠨ᠎ᠠ︶ | ᠳᠥᠷᠪᠡᠳᠦᠭᠡᠷ᠂ ᠵᠢᠷᠭᠤᠳᠤᠭᠠᠷ ᠳᠡᠰ ᠤᠨ ᠰᠢᠯᠭᠠᠯᠲᠠ ᠳᠤ ᠨᠡᠷ᠎ᠡ ᠮᠡᠳᠡᠭᠦᠯᠬᠦ ᠬᠢᠷᠢ ᠬᠡᠮ ᠄ ᠪᠦᠬᠦᠯᠢ ᠡᠳᠦᠷ ᠤᠨ | ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠠᠩᠭᠢ᠂ ᠵᠢᠩᠬᠢᠨᠢ ᠠᠩᠭᠢ᠂ ᠰᠤᠷᠭᠠᠭᠤᠯᠢ ᠳᠤ | ᠪᠠᠶᠢᠭ᠎ᠠ ᠠᠰᠫᠢᠷᠠᠨᠲ ᠵᠢᠴᠢ ᠡᠯ᠎ᠡ ᠲᠦ᠋ᠷᠦᠯ ᠤᠨ ᠪᠦᠬᠦᠯᠢ ᠡᠳᠦᠷ ᠤᠨ ᠳᠦᠷᠢᠮᠲᠦ ᠨᠠᠰᠤᠨ ᠳᠤ ᠬᠦᠷᠦᠭᠰᠡᠳ ᠤᠨ ᠶᠡᠭᠡ | ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠰᠤᠷᠭᠠᠭᠤᠯᠢ᠂ ᠡᠩ ᠤᠨ ᠠᠩᠭᠢ ᠶᠢᠨ ᠰᠤᠷᠭᠠᠭᠤᠯᠢ ᠳᠤ ᠪᠠᠶᠢᠭ᠎ᠠ | ᠰᠤᠷᠤᠭᠴᠢ︔ ᠶᠡᠭᠡ ᠰᠤᠷᠭᠠᠭᠤᠯᠢ ᠶᠢᠨ ᠠᠩᠭ᠍ᠯᠢ ᠬᠡᠯᠡᠨ ᠤ ᠳᠥᠷᠪᠡᠳᠦᠭᠡᠷ ᠳᠡᠰ ᠤᠨ ᠬᠢᠴᠢᠶᠡᠯ ᠢ ᠰᠤᠷᠴᠤ ᠪᠠᠷᠠᠭᠰᠠᠨ | ᠪᠠᠶᠢᠪᠠᠯ ᠳᠥᠷᠪᠡᠳᠦᠭᠡᠷ ᠳᠡᠰ ᠤᠨ ᠰᠢᠯᠭᠠᠯᠲᠠ ᠳᠤ ᠨᠡᠷ᠎ᠡ ᠮᠡᠳᠡᠭᠦᠯᠵᠦ ᠪᠣᠯᠣᠨ᠎ᠠ︔ ᠶᠡᠭᠡ ᠰᠤᠷᠭᠠᠭᠤᠯᠢ ᠶᠢᠨ ᠠᠩᠭ᠍ᠯᠢ | ᠬᠡᠯᠡᠨ ᠤ ᠵᠢᠷᠭᠤᠳᠤᠭᠠᠷ ᠳᠡᠰ ᠤᠨ ᠬᠢᠴᠢᠶᠡᠯ ᠢ ᠰᠤᠷᠴᠤ ᠪᠠᠷᠠᠭᠰᠠᠨ ᠪᠥᠭᠡᠳ ᠳᠥᠷᠪᠡᠳᠦᠭᠡᠷ ᠳᠡᠰ ᠤᠨ ᠰᠢᠯᠭᠠᠯᠲᠠ | ᠳᠤ 425 ᠬᠤᠪᠢ ᠬᠦᠷᠦᠭᠰᠡᠨ ᠪᠠᠶᠢᠪᠠᠯ ᠵᠢᠷᠭᠤᠳᠤᠭᠠᠷ ᠳᠡᠰ ᠤᠨ ᠰᠢᠯᠭᠠᠯᠲᠠ ᠳᠤ ᠨᠡᠷ᠎ᠡ ᠮᠡᠳᠡᠭᠦᠯᠵᠦ ᠪᠣᠯᠣᠨ᠎ᠠ︔ | ᠪᠠᠭ᠎ᠠ ᠬᠡᠯᠡ ᠳᠤ᠂ ᠶᠠᠫᠣᠨ ᠬᠡᠯᠡ᠂ ᠣᠷᠣᠰ ᠬᠡᠯᠡ᠂ ᠭᠧᠷᠮᠠᠨ ᠬᠡᠯᠡ ᠪᠠ ᠹᠷᠠᠨᠼᠢ ᠬᠡᠯᠡ ᠪᠠᠭᠲᠠᠨ᠎ᠠ᠂ ᠪᠠᠭ᠎ᠠ ᠬᠡᠯᠡᠨ ᠤ | ᠵᠢᠷᠭᠤᠳᠤᠭᠠᠷ ᠳᠡᠰ ᠤᠨ ᠰᠢᠯᠭᠠᠯᠲᠠ ᠳᠤ ᠨᠡᠷ᠎ᠡ ᠮᠡᠳᠡᠭᠦᠯᠦᠭᠰᠡᠤᠨ ᠤᠨ ᠲᠡᠭᠦᠨ ᠳᠤ ᠬᠠᠷᠠᠭᠠᠯᠵᠠᠭᠰᠠᠨ ᠳᠥᠷᠪᠡᠳᠦᠭᠡᠷ | ᠳᠡᠰ ᠤᠨ ᠬᠢᠷᠢ ᠪᠦᠲᠦᠮᠵᠢ ᠶᠢ ᠱᠠᠭᠠᠷᠳᠠᠬᠤ ᠦᠭᠡᠢ᠃ | ᠨᠠᠰᠤᠨ ᠳᠤ ᠬᠦᠷᠦᠭᠰᠡᠳ ᠤᠨ ᠵᠢᠩᠬᠢᠨᠢ ᠠᠩᠬᠢ ᠠᠴᠠ ᠲᠡᠭᠦᠰᠦᠭᠰᠡᠨ ᠰᠤᠷᠤᠭᠴᠢ ᠶᠢᠨ ᠭᠠᠳᠠᠭᠠᠳᠤ ᠬᠡᠯᠡᠨ ᠤ | ᠰᠢᠯᠭᠠᠯᠲᠠ ᠶᠢᠨ ᠰᠤᠷᠤᠯᠭ᠎ᠠ ᠶᠢᠨ ᠴᠣᠯᠠ ᠭᠤᠶᠤᠴᠢᠯᠠᠬᠤ ︵ᠭᠤᠷᠪᠠᠳᠤᠭᠠᠷ ᠳᠡᠰ ᠤᠨ︶ ᠰᠢᠯᠭᠠᠯᠲᠠ ᠳᠤ ᠨᠡᠷ᠎ᠡ | ᠮᠡᠳᠡᠭᠦᠯᠬᠦ ᠬᠢᠷᠢ ᠬᠡᠮ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠡᠩ ᠤᠨ ᠳᠡᠭᠡᠳᠦ | ᠵᠡᠷᠭᠡ ᠶᠢᠨ ᠰᠤᠷᠭᠠᠭᠤᠯᠢ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠶᠢᠨ ᠠᠩᠭ᠍ᠯᠢ | ᠬᠡᠯᠡ ᠶᠢ ᠰᠤᠷᠴᠤ ᠪᠠᠷᠠᠭᠰᠠᠨ ᠲᠤᠰᠬᠠᠶ ᠮᠡᠷᠭᠡᠵᠢᠯ ᠤᠨ ᠰᠤᠷᠭᠠᠭᠤᠯᠢ ᠳᠤ ᠪᠠᠶᠢᠬᠤ ᠰᠤᠷᠤᠭᠴᠢᠳ᠂ ᠲᠣᠰ ᠰᠢᠯᠭᠠᠯᠲᠠ | ᠳᠤ ᠨᠡᠷ᠎ᠡ ᠮᠡᠳᠡᠭᠦᠯᠵᠦ ᠰᠢᠯᠭᠠᠭᠤᠯᠬᠤ ᠳᠠᠭᠠᠨ ᠠᠩᠭ᠍ᠯᠢ ᠬᠡᠯᠡ ᠶᠢᠨ ᠬᠡᠷᠡᠭᠯᠡᠭᠡᠨ ᠤ ᠴᠢᠳᠠᠪᠤᠷᠢ ᠶᠢ ᠬᠢᠨᠠᠨ ᠰᠢᠯᠭᠠᠬᠤ | ᠰᠢᠯᠭᠠᠯᠲᠠ ᠳᠤ ᠣᠷᠣᠯᠴᠠᠵᠤ ᠪᠣᠯᠤᠨ᠎ᠠ᠂ ᠠᠩᠭ᠍ᠯᠢ ᠬᠡᠯᠡᠨ ᠤ ᠬᠢᠷᠢ ᠪᠦᠲᠦᠮᠵᠢ ᠨᠢ ᠬᠢᠷᠢ ᠲᠡᠩᠴᠡᠪᠡᠯ ᠭᠤᠷᠪᠠᠳᠤᠭᠠᠷ | ᠳᠡᠰ ᠤᠨ ᠦᠨᠡᠮᠯᠡᠯ ᠣᠯᠭᠤᠨ᠎ᠠ᠃ | ᠰᠢᠯᠭᠠᠭᠤᠯᠤᠭᠰᠠᠳ ᠲᠤ ᠰᠠᠨᠠᠭᠤᠯᠬᠤ ᠨᠢ᠂ ᠲᠤᠰ ᠰᠤᠷᠭᠠᠭᠤᠯᠢ ᠳᠤᠨᠢ ᠰᠢᠯᠭᠠᠯᠲᠠ ᠶᠢᠨ ᠴᠢᠬ ᠭᠠᠷᠭᠠᠭᠰᠠᠨ | ᠰᠤᠷᠭᠠᠭᠤᠯᠢ ᠶᠢᠨ ᠰᠤᠷᠤᠭᠴᠢ ᠵᠠᠷᠴᠢᠮ ᠳᠡᠭᠡᠷ᠎ᠡ ᠪᠠᠨ ᠰᠤᠷᠭᠠᠭᠤᠯᠢ ᠠᠯᠤᠰᠯᠠᠨ ᠨᠡᠷ᠎ᠡ ᠮᠡᠳᠡᠭᠦᠯᠵᠦ ᠪᠣᠯᠬᠤ ᠦᠭᠡᠢ︔ | ᠰᠢᠯᠭᠠᠯᠲᠠ ᠳᠤ ᠨᠡᠶᠢᠭᠡᠮ ᠠᠴᠠ ᠨᠡᠷ᠎ᠡ ᠮᠡᠳᠡᠭᠦᠯᠬᠦ ᠶᠢ ᠬᠦᠯᠢᠶᠡᠵᠦ ᠠᠪᠬᠤ ᠦᠭᠡᠢ︔ ᠲᠤᠰ ᠰᠤᠷᠭᠠᠭᠤᠯᠢ ᠳᠤᠨᠢ | ᠰᠢᠯᠭᠠᠯᠲᠠ ᠶᠢᠨ ᠴᠢᠬ ᠭᠠᠷᠭᠠᠭᠰᠠᠨ ᠦᠬᠡᠢ ᠰᠤᠷᠭᠠᠭᠤᠯᠢ ᠪᠣᠯ ᠰᠤᠷᠭᠠᠭᠤᠯᠢ ᠠᠴᠠ ᠨᠢᠭᠡᠳᠦᠯᠲᠡᠶ ᠵᠣᠬᠢᠶᠠᠨ | ᠪᠠᠶᠢᠭᠤᠯᠵᠤ᠂ ᠣᠶᠢᠷᠠᠯᠴᠠᠭ᠎ᠠ ᠪᠠᠶᠢᠭ᠎ᠠ ᠳᠥᠷᠪᠡ ᠵᠢᠷᠭᠤᠳᠤᠭᠠᠷ ᠳᠡᠰ ᠤᠨ ᠰᠢᠯᠭᠠᠯᠲᠠ ᠶᠢᠨ ᠴᠢᠭ᠋ ᠲᠠᠢ ᠬᠠᠷᠢᠯᠴᠠᠵᠤ᠂ | ᠨᠡᠷ᠎ᠡ ᠮᠡᠳᠡᠭᠦᠯᠦᠭᠰᠡᠳ ᠤᠨ ᠨᠡᠷᠡᠰ ᠢᠶᠠᠨ ᠰᠢᠯᠭᠠᠭᠤᠯᠬᠤ ᠭᠡᠵᠦ ᠪᠠᠶᠢᠭ᠎ᠠ ᠰᠢᠯᠭᠠᠯᠲᠠ ᠶᠢᠨ ᠴᠢᠭ᠋ ᠲᠤ ᠮᠡᠳᠡᠭᠦᠯᠵᠦ᠂ | ᠰᠢᠯᠭᠠᠯᠲᠠ ᠶᠢᠨ ᠴᠢᠭ᠋ ᠠᠴᠠ ᠵᠥᠪᠰᠢᠶᠡᠷᠡᠭᠰᠡᠨ ᠤ ᠳᠠᠷᠠᠭ᠎ᠠ ᠰᠠᠶ᠋ᠢ ᠰᠢᠯᠭᠠᠯᠲᠠ ᠳᠤ ᠨᠡᠷ᠎ᠡ ᠮᠡᠳᠡᠭᠦᠯᠵᠦ ᠪᠣᠯᠣᠨ᠎ᠠ᠃ | ᠲᠠᠨᠢᠯᠴᠠᠭᠤᠯᠤᠭᠰᠠᠨ ᠢᠶᠠᠷ᠂ 2016 ᠣᠨ ᠤ 6 ᠳ᠋ᠤᠭᠠᠷ ᠰᠠᠷ᠎ᠠ ᠶᠢᠨ ᠰᠢᠯᠭᠠᠯᠲᠠ ᠠᠴᠠ ᠡᠬᠢᠯᠡᠨ CET4 | ᠪᠠ CET6 ᠶᠢᠨ ᠰᠣᠨᠣᠰᠬᠤ ᠴᠢᠳᠠᠪᠤᠷᠢ ᠶᠢᠨ ᠰᠡᠳᠦᠪ ᠤᠨ ᠬᠡᠯᠪᠡᠷᠢ ᠳᠤ ᠲᠣᠬᠢᠷᠠᠭᠤᠯᠤᠯᠲᠠ ᠬᠢᠵᠡᠢ᠂ | ᠲᠣᠬᠢᠷᠠᠭᠤᠯᠤᠭᠰᠠᠨ ᠤ ᠳᠠᠷᠠᠭᠠᠬᠢ CET4 ᠶᠢᠨ ᠰᠣᠨᠣᠰᠬᠤ ᠴᠠᠭ ᠨᠢ 25 ᠮᠢᠨᠦ᠋ᠲ᠂ ᠰᠢᠯᠭᠠᠯᠲᠠ ᠡᠬᠢᠯᠡᠬᠦ ᠪᠠ | ᠲᠡᠭᠦᠰᠬᠦ ᠴᠠᠭ ᠢ 9 ᠴᠠᠭ ᠠᠴᠠ 11 ᠴᠠᠭ 20 ᠮᠢᠨᠦ᠋ᠲ ᠪᠣᠯᠭᠠᠨ ᠲᠣᠬᠢᠷᠠᠭᠤᠯᠵᠤ︔ CET6 ᠶᠢᠨ ᠰᠣᠨᠣᠰᠬᠤ | ᠴᠠᠭ ᠨᠢ 30 ᠮᠢᠨᠦ᠋ᠲ᠂ ᠰᠢᠯᠭᠠᠯᠲᠠ ᠡᠬᠢᠯᠡᠬᠦ ᠪᠠ ᠲᠡᠭᠦᠰᠬᠦ ᠴᠠᠭ ᠬᠤᠪᠢᠷᠠᠬᠤ ᠦᠭᠡᠢ︔ ᠪᠠᠭ᠎ᠠ ᠬᠡᠯᠡᠨ ᠤ ᠡᠯ᠎ᠡ | ᠬᠢᠴᠢᠶᠡᠯ ᠳᠦᠷᠦᠯ ᠤᠨ ᠰᠡᠳᠦᠪ ᠤᠨ ᠬᠡᠯᠪᠡᠷᠢ ᠬᠢᠭᠡᠳ ᠰᠢᠯᠭᠠᠬᠤ ᠴᠠᠭ ᠬᠤᠪᠢᠷᠠᠬᠤ ᠦᠭᠡᠢ︔ ᠲᠣᠬᠢᠷᠠᠭᠤᠯᠤᠯᠲᠠ | ᠬᠢᠭᠰᠡᠨ ᠪᠣᠳᠠᠲᠠᠶ ᠠᠭᠤᠯᠭ᠎ᠠ ᠪᠠ ᠲᠣᠬᠢᠷᠠᠭᠤᠯᠤᠭᠰᠠᠨ ᠤ ᠳᠠᠷᠠᠭᠠᠬᠢ ᠦᠯᠢᠭᠡᠷ ᠰᠡᠳᠦᠪ ᠤᠳ ᠢ ᠨᠢᠭᠡᠨᠲᠡ CET | ᠰᠦᠯᠵᠢᠶ᠎ᠡ ︵www.cet.edu.cn︶ ᠳᠡᠭᠡᠷ᠎ᠡ ᠨᠡᠶᠢᠲᠡᠯᠡᠪᠡ᠃ |