| ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠵᠢᠷᠭᠤᠳᠤᠭᠠᠷ | ᠪᠥᠬᠦᠳᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠶᠢᠰᠦᠳᠦᠭᠡᠷ | ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠤᠨ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠠᠳᠬᠤᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠠᠷᠠᠳ ᠤᠨ ᠶᠠᠪᠤᠳᠠᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠤᠯᠤᠨ | ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶ ᠲᠦᠯᠬᠢᠨ ᠠᠬᠢᠭᠤᠯᠬᠤ ᠶᠢᠨ ᠲᠤᠯᠠᠳᠠ᠂ 3 ᠳ᠋ᠤᠭᠠᠷ ᠰᠠᠷ᠎ᠠ ᠶᠢᠨ | 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ 2016 ᠣᠨ ᠤ | ᠪᠥᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠲᠧᠯᠸᠢᠰ ᠳ᠋ᠢᠶᠠᠩᠬᠤᠸᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠯᠠᠨ ᠡᠸ᠋ᠨ | ᠬᠤᠸᠠ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠵᠤ᠂ ᠪᠦᠬᠦ ᠣᠷᠣᠨ ᠤ | ᠠᠷᠠᠳ ᠤᠨ ᠶᠠᠪᠤᠳᠠᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠤᠶ᠎ᠠ︾ ᠬᠡᠰᠡᠨ ᠰᠡᠳᠦᠪ ᠢᠶᠠᠷ | ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠠᠷᠠᠯ ᠢ ᠡᠰᠡᠷᠭᠦᠴᠡᠬᠦ ᠠᠵᠢᠯ ᠤᠨ ᠪᠠᠶᠢᠳᠠᠯ | ᠪᠣᠯᠤᠨ ᠱᠠᠭᠠᠷᠳᠠᠯᠭ᠎ᠠ ᠶᠢ ᠭᠦᠢᠴᠡᠳ ᠲᠣᠳᠣᠷᠬᠠᠶ ᠲᠠᠨᠢᠵᠤ᠂ ᠤᠯᠤᠰ ᠲᠦᠷᠦ ᠶᠢᠨ ᠲᠠᠯ᠎ᠠ ᠪᠠᠷ ︽ᠮᠡᠷᠭᠡᠨ ᠬᠥᠮᠦᠨ︾ | ᠪᠤᠯᠵᠤ᠂ ᠲᠠᠷᠢᠬᠢ ᠲᠣᠯᠣᠭᠠᠶ ᠰᠡᠷᠭᠡᠭ ᠪᠠᠶᠢᠬᠤ ᠶᠢ ᠦᠨᠡᠨ ᠬᠦ ᠪᠠᠲᠤᠯᠠᠬᠤ︔ ᠤᠯᠤᠰ ᠲᠦᠷᠤ ᠶᠢᠨ ᠰᠠᠬᠢᠯᠭ᠎ᠠ ᠪᠠᠲᠤ | ᠪᠤᠯᠤᠨ ᠤᠯᠤᠰ ᠲᠥᠷᠥ ᠶᠢᠨ ᠳᠦᠷᠢᠮ ᠭᠤᠷᠢᠮ ᠢ ᠴᠢᠩᠳᠠᠯᠠᠵᠤ᠂ ᠳᠦᠷᠢᠮ ᠲᠤᠭᠲᠠᠭᠠᠯ ᠢ ᠵᠢᠷᠤᠮᠯᠠᠨ ᠰᠠᠬᠢᠯᠭ᠎ᠠ | ᠪᠠᠲᠤ ᠶᠢ ᠰᠠᠬᠢᠳᠠᠭ ︽ᠨᠣᠮᠣᠬᠠᠨ ᠬᠥᠮᠦᠨ︾ ᠪᠤᠯᠵᠤ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠲᠣᠭᠲᠠᠭᠠᠯ ᠳᠤ | ᠨᠡᠶᠢᠴᠡᠬᠦᠯᠬᠦ ᠶᠢ ᠦᠨᠡᠨ ᠬᠦ ᠪᠠᠲᠤᠯᠠᠬᠤ︔ ᠲᠦᠪ ᠴᠢᠩᠭ᠎ᠠ ᠣᠪᠣᠷ ᠰᠤᠷᠲᠠᠯ ᠲᠠᠢ ᠪᠠᠶᠢᠵᠤ᠂ ᠠᠷᠠᠳ ᠤᠨ ᠲᠥᠯᠥᠭᠡ | ᠪᠣᠳᠠᠲᠤ ᠠᠵᠢᠯᠯᠠᠭ᠎ᠠ ᠶᠢ ᠡᠷᠬᠢᠮᠯᠡᠭᠰᠡᠨ ︽ᠲᠠᠭᠠᠭᠤᠯᠣᠭᠴᠢ︾ ᠪᠤᠯᠵᠤ᠂ ᠰᠠᠶᠢᠨ ᠰᠠᠶᠢᠬᠠᠨ ᠲᠦᠷᠢ ᠲᠥᠷᠬᠦ ᠶᠢ ᠦᠨᠡᠨ | ᠬᠦ ᠪᠠᠲᠤᠯᠠᠬᠤ︔ ᠥᠨᠳᠥᠷ ᠳᠠᠷᠤᠯᠲᠠ ᠦᠵᠡᠬᠦᠯᠬᠦ ᠪᠠᠶᠢᠳᠠᠯ ᠢ ᠪᠠᠷᠢᠮᠲᠠᠯᠠᠨ᠂ ᠠᠷᠠᠳ ᠤᠨ ᠲᠥᠯᠥᠭᠡ ᠠᠵᠢᠯᠴᠢ | ᠬᠢᠴᠢᠶᠡᠩᠭᠦᠶ ᠪᠠᠷ ᠵᠠᠰᠠᠭ ᠪᠠᠷᠢᠳᠠᠭ ︽ᠠᠷᠢᠭᠤᠨ ᠴᠢᠭᠡᠴᠢ ᠬᠥᠮᠦᠨ︾ ᠪᠤᠯᠵᠤ᠂ ᠬᠡᠷᠡᠭ ᠶᠠᠪᠤᠳᠠᠯ ᠢ ᠰᠠᠭᠠᠲᠠᠭᠠᠬᠤ | ᠦᠭᠡᠢ ᠬᠡᠷᠡᠭ ᠭᠠᠷᠬᠤ ᠥᠭᠡᠢ ᠪᠠᠶᠢᠬᠤ ᠶᠢ ᠦᠨᠡᠨᠬᠦ ᠪᠠᠲᠤᠯᠠᠬᠤ︔ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠳᠠᠭ ︽ᠳᠠᠭᠠᠭᠤᠯᠤᠭᠴᠢ︾ ᠪᠤᠯᠵᠤ᠂ | ᠲᠥᠪ ᠴᠢᠬᠡᠴᠢ ᠤᠯᠤᠰ ᠲᠥᠷᠥ ᠶᠢᠨ ᠠᠮᠢ ᠠᠬᠤᠶ ᠶᠢ ᠦᠨᠡᠨ ᠬᠦ ᠪᠠᠲᠤᠯᠠᠬᠤ ᠵᠡᠷᠭᠡ ᠲᠠᠪᠤᠨ ᠲᠠᠯ᠎ᠠ ᠠᠴᠠ ᠪᠥᠬᠦ | ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠠᠵᠢᠯ ᠢ ᠰᠢᠨ᠎ᠡ ᠪᠠᠷ ᠪᠠᠶᠢᠷᠢᠯᠠᠭᠤᠯᠵᠤ᠂ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠳᠤᠭᠤᠶᠢᠯᠠᠩ ᠤᠨ | ᠳᠠᠷᠤᠭ᠎ᠠ ᠨᠠᠷᠠᠰᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠴᠢᠩᠭ᠎ᠠ ᠠᠳᠬᠤᠬᠤ ᠲᠠᠯ᠎ᠠ ᠪᠠᠷ ᠡᠯ᠎ᠡ ᠱᠠᠲᠤᠨ ᠤ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠢ ᠱᠠᠭᠠᠷᠳᠠᠭᠰᠠᠨ ᠨᠢ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ | ᠴᠢᠨᠠᠷ ᠢ ᠭᠦᠢᠴᠡᠳ ᠲᠠᠨᠢᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠳᠤ ᠵᠥᠪ ᠬᠠᠨᠳᠤᠵᠤ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠠᠢ︔ ᠬᠢᠨᠠᠯᠲᠠ ᠲᠠᠯᠪᠢᠬᠤ | ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠯᠲᠠ | ᠲᠠᠯᠪᠢᠬᠤ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠬᠦ ᠲᠠᠯ᠎ᠠ ᠪᠠᠷ᠂ ᠡᠯ᠎ᠡ ᠱᠠᠲᠤᠨ ᠤ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠤᠳ ᠢ ᠱᠠᠭᠠᠷᠳᠠᠭᠰᠠᠨ ᠨᠢ᠂ ᠤᠯᠤᠰ ᠲᠦᠷᠦ ᠶᠢᠨ ᠰᠠᠬᠢᠯᠭ᠎ᠠ ᠪᠠᠲᠤ ᠶᠢ | ᠴᠢᠩᠭᠠᠷᠠᠭᠤᠯᠤᠨ ᠲᠣᠳᠣᠷᠬᠠᠶ ᠪᠣᠯᠭᠠᠵᠤ᠂ ︽ᠪᠠᠷᠢᠮᠵᠢᠶ᠎ᠠ︾ ᠪᠤᠯᠤᠨ ︽ᠳᠦᠷᠢᠮ︾ ᠢ ᠭᠦᠨᠵᠡᠭᠡᠶ ᠲᠤᠤᠱᠯᠠᠭᠤᠯᠵᠤ᠂ | ᠠᠷᠠᠳ ᠤᠨ ᠶᠠᠪᠤᠳᠠᠯ ᠤᠨ ᠲᠢᠩᠬᠢᠮ ᠤᠨ ᠵᠢᠩᠬᠢᠨᠢ ᠲᠤᠰᠢᠶᠠᠯ ᠡᠭᠦᠷᠭᠡᠯᠡᠭᠰᠡᠳ ᠲᠤ ᠬᠢᠨᠠᠯᠲᠠ ᠲᠠᠯᠪᠢᠬᠤ | ᠲᠤᠷᠰᠢᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠠᠵᠢᠯ ᠤᠨ ᠦᠢᠯᠡᠳᠦᠯᠭᠡ ᠶᠢᠨ ᠳᠤᠮᠳᠠ ᠪᠠᠨ ︽ | ᠭᠤᠷᠪᠠ ᠶᠢ ᠬᠤᠪᠢᠷᠠᠭᠤᠯᠬᠤ︾ ᠶᠢ ᠲᠡᠰᠦᠷᠡᠯᠳᠠ ᠤᠢᠭᠡᠢ ᠬᠦᠨᠵᠡᠭᠡᠶᠢᠷᠡᠬᠦᠯᠵᠤ᠂ ︽ᠳᠥᠷᠪᠡᠨ ᠰᠤᠷᠲᠠᠯ︾ ᠢ ᠡᠷᠡᠰ | ᠭᠤᠶᠢᠪᠢᠰᠢ ᠦᠭᠡᠢ ᠪᠠᠷ ᠵᠠᠯᠠᠷᠠᠭᠤᠯᠵᠤ᠂ ᠵᠠᠬᠢᠳᠠᠯ ᠰᠤᠷᠪᠤᠯᠵᠢᠯᠠᠯ ᠪᠤᠯᠤᠨ ᠢᠯᠡᠴᠢᠯᠡᠨ ᠮᠡᠳᠡᠭᠦᠯᠬᠦ ᠠᠵᠢᠯ ᠢ ᠨᠠᠷᠢᠨ | ᠬᠢᠨᠠᠮᠠᠭᠠᠶ ᠰᠠᠶᠢᠲᠤᠷ ᠬᠢᠵᠦ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠲᠤᠰ | ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠠᠢ ᠬᠡᠵᠤ ᠱᠠᠭᠠᠷᠳᠠᠪᠠ᠃ ᠪᠤᠭᠤᠲᠤ ᠬᠤᠳᠠ᠂ ᠬᠥᠯᠥᠨ ᠪᠤᠶᠢᠷ | ᠬᠤᠳᠠ᠂ ᠰᠢᠯᠢ ᠶᠢᠨ ᠭᠤᠣᠯ ᠠᠶᠢᠮᠠᠭ᠂ ᠦᠬᠠᠶ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠳᠠᠷᠤᠭ᠎ᠠ | ᠨᠠᠷ ᠲᠤᠰ ᠨᠢᠭᠡᠴᠡ ᠶᠢᠨ ᠢᠶᠠᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ | ᠬᠠᠷᠢᠭᠤ ᠮᠡᠳᠡᠭᠦᠯᠦᠨ ᠰᠤᠯᠢᠯᠴᠠᠪᠠ᠃ | ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠯᠠᠨ ᠡᠸ᠋ᠨ | ᠬᠤᠸᠠ ᠨᠠᠷ ᠲᠤᠰ ᠲᠤᠰ ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠬᠦᠨ᠂ ᠲᠢᠩᠬᠢᠮ ᠤᠨ ᠪᠠᠶᠢᠭᠤᠯᠭ᠎ᠠ ᠶᠢᠨ | ᠭᠠᠵᠠᠷ ᠬᠡᠷ ︵ᠲᠣᠪᠴᠢᠶ᠎ᠠ︶᠂ ᠰᠢᠭᠤᠳ ᠬᠠᠷᠢᠶ᠎ᠠ ᠨᠢᠭᠡᠴᠡ ᠶᠢᠨ ᠬᠠᠷᠢᠭᠤᠴᠠᠯᠭᠠᠲᠠᠨ ᠯᠤᠭ᠎ᠠ 2016 ᠣᠨ ᠤ ︽ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ | ᠦᠰᠦᠭ ᠵᠢᠷᠤᠪᠠ᠃ | ᠲᠢᠩᠬᠢᠮ ᠤᠨ ᠤᠳᠤᠷᠢᠳᠬᠤ ᠪᠠᠭ ᠤᠨ ᠪᠦᠷᠢᠯᠳᠦᠬᠦᠨ᠂ ᠲᠢᠩᠬᠢᠮ ᠤᠨ ᠪᠠᠶᠢᠭᠤᠯᠭ᠎ᠠ ᠶᠢᠨ ᠪᠦᠬᠦ ᠺᠠᠳ᠋ᠷ᠂ | ᠰᠢᠭᠤᠳ ᠬᠠᠷᠢᠶ᠎ᠠ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠬᠦᠨ ᠭᠤᠣᠯ ᠲᠠᠯᠠᠪᠠᠢ ᠶᠢᠨ ᠬᠤᠷᠠᠯ ᠳᠤ | ᠤᠷᠤᠯᠴᠠᠪᠠ︔ ᠠᠶᠢᠮᠠᠭ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠤᠳᠤᠷᠢᠳᠬᠤ ᠪᠠᠭ ᠤᠨ | ᠪᠦᠷᠢᠯᠳᠦᠬᠦᠨ ᠵᠢᠴᠢ ᠪᠠᠶᠢᠭᠤᠯᠭ᠎ᠠ ᠶᠢᠨ ᠪᠦᠬᠦ ᠺᠠᠳ᠋ᠷ᠂ ᠰᠢᠭᠤᠳ ᠬᠠᠷᠢᠶ᠎ᠠ ᠨᠢᠭᠡᠴᠡ ᠶᠢᠨ ᠤᠳᠤᠷᠢᠳᠬᠤ ᠪᠠᠭ ᠤᠨ | ᠪᠦᠷᠢᠯᠳᠦᠬᠦᠨ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ | ᠤᠳᠤᠷᠢᠳᠬᠤ ᠪᠠᠭ ᠤᠨ ᠪᠦᠷᠢᠯᠳᠦᠬᠦᠨ ᠲᠤᠰ ᠲᠤᠰ ᠬᠤᠪᠢᠶᠠᠷᠢ ᠲᠠᠯᠠᠪᠠᠢ ᠶᠢᠨ ᠬᠤᠷᠠᠯ ᠳᠤ ᠤᠷᠤᠯᠴᠠᠪᠠ᠃ |