| ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠭᠢᠯᠡᠭᠰᠡᠨ ︽ᠠᠮᠢ | ᠨᠠᠰᠤ ᠪᠠᠨ ᠨᠠᠨᠳᠢᠩᠨᠠᠨ · ᠠᠮᠤᠷ ᠲᠦᠪᠰᠢᠨ ᠰᠤᠷᠭᠠᠨ ᠬᠥᠮᠦᠵᠢᠯ ᠤᠨ ᠥᠪᠥᠷ ᠮᠣᠩᠭᠤᠯ ᠳᠠᠬᠢ ᠠᠶᠠᠯᠠᠯ︾ ᠭᠡᠬᠦ | ᠲᠣᠮᠣ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠬᠥᠬᠡᠬᠤᠲᠠ ᠶᠢᠨ ᠰᠠᠶᠢᠬᠠᠨ ᠲᠣᠭᠤᠷᠢᠭ ᠤᠨ | ᠦᠨᠳᠦᠰᠦᠲᠡᠨ ᠤ ᠪᠠᠭ᠎ᠠ ᠰᠤᠷᠭᠠᠭᠤᠯᠢ ᠳᠤ ᠡᠬᠢᠯᠡᠵᠦ᠂ ᠬᠤᠶᠠᠷ ᠵᠢᠯ ᠤᠨ ᠬᠤᠭᠤᠴᠠᠭᠠᠨ ᠳᠤ ᠲᠦᠮᠡᠨ ᠭᠠᠵᠠᠷ | ᠠᠶᠠᠯᠠᠨ ᠪᠦᠬᠦ ᠣᠷᠣᠨ ᠤ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠳᠤ ᠬᠤᠯᠪᠤᠭᠳᠠᠭᠰᠠᠨ ︽ᠠᠮᠢ | ᠨᠠᠰᠤ ᠪᠠᠨ ᠨᠠᠨᠳᠢᠩᠨᠠᠨ · ᠠᠮᠤᠷ ᠲᠦᠪᠰᠢᠨ ᠰᠤᠷᠭᠠᠨ ᠬᠥᠮᠦᠵᠢᠯ︾ ᠤᠨ ᠲᠣᠭᠤᠷᠢᠨ ᠰᠤᠷᠭᠠᠭᠤᠯᠢᠯᠠᠯ ᠬᠢᠬᠦ | ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ | ᠶᠡᠷᠦᠩᠬᠡᠶᠢᠯᠡᠨ ᠵᠠᠰᠠᠬᠤ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠠᠶᠤᠯ ᠥᠭᠡᠢ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ | ᠂ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠲᠣᠪᠴᠢᠶ᠎ᠠ᠂ ᠥᠪᠥᠷ ᠮᠣᠩᠭᠤᠯ ᠤᠨ ᠶᠡᠭᠡ | ᠰᠤᠷᠭᠠᠭᠤᠯᠢ᠂ ᠥᠪᠥᠷ ᠮᠣᠩᠭᠤᠯ ᠤᠨ ᠡᠯᠧᠺᠲᠷᠣᠨ ᠮᠡᠳᠡᠭᠡ ᠵᠠᠩᠭᠢ ᠶᠢᠨ ᠳᠡᠭᠡᠳᠦ ᠰᠤᠷᠭᠠᠭᠤᠯᠢ ᠵᠡᠷᠭᠡ ᠨᠢᠭᠡᠴᠡ ᠶᠢᠨ | ᠤᠳᠤᠷᠢᠳᠤᠯᠭ᠎ᠠ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠰᠠᠨᠠᠮᠰᠠᠷ ᠥᠭᠡᠢ ᠭᠡᠮᠲᠦᠯ ᠪᠣᠯ ᠵᠠᠯᠠᠭᠤ ᠪᠠᠭᠠᠴᠤᠳ ᠢ ᠭᠡᠮᠲᠦᠭᠡᠬᠦ᠂ ᠵᠡᠮᠳᠡᠭ ᠪᠣᠯᠭᠠᠬᠤ᠂ ᠴᠢᠨᠠᠭᠰᠢᠯᠠᠪᠠᠯ | ᠦᠬᠦᠭᠦᠯᠬᠦ ᠬᠠᠮᠤᠭ ᠤᠨ ᠭᠤᠣᠯ ᠰᠢᠯᠲᠠᠭᠠᠨ ᠮᠦᠨ᠃ ᠳᠤᠮᠳᠠᠳᠤ ᠤᠯᠤᠰ ᠤᠨ ᠬᠡᠦᠬᠡᠳ ᠪᠠᠭᠠᠴᠤᠳ ᠢ ᠠᠮᠤᠷ ᠮᠡᠨᠳᠦ | ᠪᠣᠶᠢᠵᠢᠭᠤᠯᠬᠤ ᠲᠥᠯᠥᠪᠯᠡᠭᠡ ᠳᠤ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠮᠠᠨ ᠤ ᠤᠯᠤᠰ ᠲᠤ ᠵᠢᠯ ᠪᠦᠷᠢ | ᠪᠠᠷᠤᠭ 1.6 ᠲᠦᠮᠡᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠰᠠᠨᠠᠮᠰᠠᠷ ᠥᠭᠡᠢ ᠭᠡᠮᠲᠦᠯ ᠠᠴᠠ ᠪᠣᠯᠵᠤ ᠬᠡᠪ | ᠪᠤᠰᠤ ᠪᠠᠷ ᠠᠮᠢ ᠨᠠᠰᠤ ᠪᠠᠨ ᠠᠯᠳᠠᠵᠤ ᠪᠠᠶᠢᠨ᠎ᠠ᠂ ᠡᠨᠡ ᠨᠢ ᠡᠳᠦᠷ ᠪᠦᠷᠢ ᠳᠤᠮᠳᠠᠴᠢ ᠪᠠᠷ 40 ᠭᠠᠷᠤᠶ ᠬᠥᠮᠦᠨ᠂ | ᠨᠢᠭᠡ ᠠᠩᠭᠢ ᠰᠤᠷᠤᠭᠴᠢ ᠠᠷᠢᠯᠤᠨ ᠣᠳᠤᠭᠰᠠᠨ ᠲᠠᠢ ᠲᠡᠩᠴᠡᠨ᠎ᠡ᠂ ᠰᠢᠷᠠᠭᠲᠣᠵᠦ ᠵᠡᠮᠳᠡᠭ ᠪᠣᠯᠤᠭᠰᠠᠨ ᠬᠥᠮᠦᠨ ᠤ | ᠲᠤᠭ᠎ᠠ ᠴᠤ ᠨᠡᠩ ᠪᠦᠷᠢᠳᠬᠡᠬᠦ ᠶᠢᠨ ᠠᠷᠭ᠎ᠠ ᠦᠭᠡᠢ ᠤᠯᠠᠨ ᠪᠠᠶᠢᠵᠤ᠂ ᠪᠦᠬᠦᠯᠢ 14 ᠨᠠᠰᠤᠨ ᠳᠤ ᠦᠯᠦ | ᠬᠥᠷᠥᠭᠰᠡᠳ ᠤᠨ ᠡᠵᠡᠯᠡᠬᠦ ᠬᠠᠷᠢᠴᠠᠯ 30% ᠳᠤ ᠬᠦᠷᠴᠦ᠂ ᠬᠥᠭᠵᠢᠭᠰᠡᠨ ᠤᠯᠤᠰ ᠤᠨ ᠠᠷᠪᠠᠨ ᠬᠡᠳᠦᠨ ᠲᠠᠬᠢᠨ | ᠪᠣᠯᠤᠭᠰᠠᠨ ᠪᠠᠶᠢᠨ᠎ᠠ᠂ ᠵᠠᠯᠠᠭᠤ ᠪᠠᠭᠠᠴᠤᠳ ᠤᠨ ᠪᠡᠶ᠎ᠡ ᠪᠠᠨ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ | ᠲᠡᠭᠦᠨ ᠤ ᠪᠠᠴᠢᠮ ᠪᠠᠶᠢᠳᠠᠯ ᠢ ᠠᠷᠭᠠᠴᠠᠬᠤ᠂ ᠠᠶᠤᠯ ᠠᠴᠠ ᠵᠠᠶᠢᠯᠠᠬᠤ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ | ᠬᠦᠴᠦᠷᠬᠡᠭᠵᠢᠭᠦᠯᠬᠦ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠃ | ᠡᠨᠡ ᠤᠳᠠᠭᠠᠨ ᠤ ᠠᠮᠤᠷ ᠲᠦᠪᠰᠢᠨ ᠰᠤᠷᠭᠠᠨ ᠬᠥᠮᠦᠵᠢᠯ ᠤᠨ ᠲᠣᠭᠤᠷᠢᠨ ᠰᠤᠷᠭᠠᠭᠤᠯᠢᠯᠠᠯ ᠬᠢᠬᠦ | ᠠᠵᠢᠯᠯᠠᠭ᠎ᠠ ᠨᠢ ᠳᠠᠷᠤᠶ ︽ᠤᠯᠠᠨ ᠨᠡᠶᠢᠲᠡ ᠶᠢᠨ ᠠᠮᠤᠷ ᠲᠦᠪᠰᠢᠨ ᠤ ᠬᠥᠮᠦᠵᠢᠯ ᠢ ᠤᠯᠤᠰ ᠠᠷᠠᠳ ᠤᠨ ᠰᠤᠷᠭᠠᠨ | ᠬᠥᠮᠦᠵᠢᠯ ᠪᠠ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠰᠢᠰᠲ᠋ᠧᠮᠵᠢ ᠳᠤ ᠤᠷᠤᠭᠤᠯᠤᠨ᠂ ᠠᠮᠤᠷ ᠲᠦᠪᠰᠢᠨ ᠤ | ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ︾ ᠭᠡᠰᠡᠨ ᠶᠡᠷᠦᠩᠬᠡᠶ ᠱᠦᠵᠢ ᠰᠢ ᠶᠢᠨ | ᠫᠢᠩ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠳᠤᠮᠳᠠᠳᠤ ᠪᠠᠭ᠎ᠠ | ᠰᠤᠷᠭᠠᠭᠤᠯᠢ ᠶᠢᠨ ᠤᠯᠠᠨ ᠨᠡᠶᠢᠲᠡ ᠶᠢᠨ ᠠᠮᠤᠷ ᠲᠦᠪᠰᠢᠨ ᠤ ᠰᠤᠷᠭᠠᠨ ᠬᠥᠮᠦᠵᠢᠯ ᠤᠨ ᠵᠢᠯᠣᠭᠤᠳᠬᠤ ᠬᠥᠲᠥᠯᠪᠦᠷᠢ︾ | ᠪᠠ ︽ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠠᠴᠢᠮ ᠪᠠᠶᠢᠳᠠᠯ ᠢ ᠠᠷᠭᠠᠴᠠᠬᠤ | ᠰᠤᠷᠭᠠᠭᠤᠯᠢᠯᠠᠯ ᠤᠨ ᠵᠦᠭᠯᠡᠭᠦᠷ︾ ᠤᠨ ᠨᠠᠶᠢᠳᠠᠪᠤᠷᠢᠵᠢᠭᠤᠯᠤᠯᠲᠠ ᠶᠢ ᠤᠯᠠᠮ ᠠᠬᠢᠭᠤᠯᠬᠤ ᠶᠢᠨ ᠲᠦᠯᠦᠭᠡ ᠵᠣᠬᠢᠶᠠᠨ | ᠪᠠᠶᠢᠭᠤᠯᠤᠭᠰᠠᠨ ᠨᠢᠭᠡᠨ ᠤᠳᠠᠭᠠᠨ ᠤ ᠪᠦᠬᠦ ᠰᠢᠰᠲ᠋ᠧᠮ ᠤᠨ ᠠᠮᠤᠷ ᠲᠦᠪᠰᠢᠨ ᠰᠤᠷᠭᠠᠨ ᠬᠥᠮᠦᠵᠢᠯ ᠤᠨ ᠠᠵᠢᠯᠯᠠᠭ᠎ᠠ | ᠮᠦᠨ᠂ ᠠᠮᠢ ᠨᠠᠰᠤᠨ ᠤ ᠠᠮᠤᠷ ᠲᠦᠪᠰᠢᠨ ᠤ ᠮᠡᠳᠡᠯᠭᠡ ᠶᠢ ᠤᠯᠠᠮᠵᠢᠯᠠᠬᠤ᠂ ᠲᠤᠬᠠᠶ ᠶᠢᠨ ᠭᠠᠵᠠᠷ ᠤᠨ ᠦᠢᠯᠡᠳᠦᠯᠭᠡ | ᠲᠠᠢ ᠲᠠᠨᠢᠯᠴᠠᠬᠤ ᠪᠠᠷ ᠳᠠᠮᠵᠢᠭᠤᠯᠤᠨ᠂ ᠤᠨᠤᠯ ᠬᠢᠭᠡᠳ ᠦᠢᠯᠡᠳᠦᠯᠭᠡ ᠶᠢ ᠵᠠᠪᠰᠠᠷ ᠦᠭᠡᠶ ᠵᠠᠯᠭᠠᠯᠳᠤᠭᠤᠯᠵᠤ᠂ | ᠰᠤᠷᠤᠭᠴᠢᠳ ᠢ ᠰᠤᠷᠭᠠᠭᠤᠯᠢᠯᠠᠯ ᠢᠶᠠᠷ ᠳᠠᠮᠵᠢᠭᠤᠯᠤᠨ᠂ ᠠᠮᠢ ᠵᠢᠭᠤᠲᠠᠬᠤ ᠠᠷᠭ᠎ᠠ ᠳᠡᠮ ᠢ ᠵᠥᠪ ᠡᠵᠡᠮᠰᠢᠵᠦ᠂ | ᠪᠠᠴᠢᠮ ᠪᠠᠶᠢᠳᠠᠯ ᠢ ᠠᠷᠭᠠᠴᠠᠬᠤ᠂ ᠠᠶᠤᠯ ᠠᠴᠠ ᠵᠠᠶᠢᠯᠠᠬᠤ᠂ ᠪᠡᠶ᠎ᠡ ᠪᠠᠨ ᠬᠠᠮᠠᠭᠠᠯᠠᠬᠤ᠂ ᠪᠡᠶ᠎ᠡ ᠪᠠᠨ ᠠᠪᠤᠷᠠᠬᠤ | ᠴᠢᠳᠠᠪᠤᠷᠢ ᠶᠢ ᠳᠡᠭᠡᠭᠰᠢᠯᠡᠭᠦᠯᠬᠦ ᠶᠢᠨ ᠦᠨᠳᠦᠰᠦᠨ ᠵᠣᠷᠢᠯᠭ᠎ᠠ ᠶᠢ ᠪᠡᠶᠡᠯᠡᠭᠦᠯᠬᠦ ᠪᠣᠯᠤᠨ᠎ᠠ᠃ ᠠᠵᠢᠯᠯᠠᠭ᠎ᠠ ᠶᠢᠨ | ᠲᠠᠯᠠᠪᠤᠷ ᠲᠤ ᠭᠠᠵᠠᠷ ᠬᠥᠳᠡᠯᠦᠯᠲᠡ ᠶᠢᠨ ᠳᠠᠭᠤᠷᠢᠶᠠᠮᠠᠯ ᠰᠣᠷᠢᠯᠲᠠ᠂ ᠮᠠᠭᠤ ᠠᠭᠤᠷ ᠠᠮᠢᠰᠬᠤᠯ ᠤᠨ ᠳᠠᠭᠤᠷᠢᠶᠠᠮᠠᠯ | ᠰᠣᠷᠢᠯᠲᠠ᠂ ᠶᠠᠨᠲᠤᠩ ᠢᠶᠠᠷ ᠠᠮᠢ ᠵᠢᠭᠤᠲᠠᠬᠤ ᠪᠣᠯᠪᠠᠰᠤᠷᠠᠯ᠂ ᠠᠰᠠᠷ ᠪᠠᠶᠢᠰᠢᠩ ᠤᠨ ᠠᠮᠢ ᠵᠢᠭᠤᠲᠠᠬᠤ ᠪᠣᠯᠪᠠᠰᠤᠷᠠᠯ | ᠵᠡᠷᠭᠡ 12 ᠵᠦᠢᠯ ᠤᠨ ᠦᠢᠯᠡᠳᠦᠯᠭᠡ ᠲᠠᠢ ᠲᠠᠨᠢᠯᠴᠠᠬᠤ ᠪᠣᠯᠪᠠᠰᠤᠷᠠᠯ ᠤᠨ ᠠᠵᠢᠯᠯᠠᠭ᠎ᠠ ᠭᠠᠷᠭᠠᠪᠠ᠃ ᠵᠦᠢᠯ | ᠪᠦᠷᠢ ᠶᠢᠨ ᠪᠣᠯᠪᠠᠰᠤᠷᠠᠯ ᠢ ᠬᠢᠬᠦ ᠠᠴᠠ ᠡᠮᠦᠨ᠎ᠡ᠂ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠭᠰᠢ ᠠᠴᠠ | ᠰᠤᠷᠤᠭᠴᠢᠳ ᠲᠤ ᠠᠮᠢ ᠵᠢᠭᠤᠲᠠᠬᠤ ᠠᠷᠭ᠎ᠠ ᠶᠢ ᠲᠠᠶᠢᠯᠪᠤᠷᠢᠯᠠᠵᠤ᠂ ᠳᠠᠷᠠᠭ᠎ᠠ ᠨᠢ ᠪᠠᠭᠰᠢ ᠪᠠ ᠰᠤᠷᠤᠭᠴᠢᠳ | ᠪᠣᠯᠪᠠᠰᠤᠷᠠᠯ ᠤᠨ ᠲᠠᠯᠠᠪᠤᠷ ᠲᠤ ᠬᠠᠮᠲᠤ ᠣᠷᠤᠨ᠂ ᠳᠠᠭᠤᠷᠢᠶᠠᠮᠠᠯ ᠰᠣᠷᠢᠯᠲᠠ ᠬᠢᠳᠡᠭ᠃ ᠲᠤᠰᠬᠠᠶ ᠮᠡᠷᠭᠡᠵᠢᠯ ᠤᠨ | ᠠᠮᠤᠷ ᠲᠦᠪᠰᠢᠨ ᠤ ᠰᠤᠷᠭᠠᠨ ᠬᠥᠮᠦᠵᠢᠯ᠂ ᠳᠠᠭᠤᠷᠢᠶᠠᠮᠠᠯ ᠰᠣᠷᠢᠯᠲᠠ ᠪᠠ ᠪᠣᠳᠠᠲᠤ ᠦᠵᠡᠭᠳᠡᠯᠲᠦ ᠰᠣᠷᠢᠯᠲᠠ ᠪᠠᠷ | ᠳᠠᠮᠵᠢᠨ᠂ ᠥᠷᠭᠡᠨ ᠣᠯᠠᠨ ᠪᠠᠭᠰᠢ ᠰᠤᠷᠤᠭᠴᠢᠳ ᠲᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ | ᠮᠡᠳᠡᠯᠭᠡ ᠶᠢ ᠲᠦᠭᠡᠮᠡᠯᠵᠢᠭᠦᠯᠵᠦ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠥᠪᠰᠢᠨ ᠤ | ᠦᠵᠡᠯ ᠤᠬᠠᠮᠰᠠᠷ ᠪᠠ ᠪᠠᠴᠢᠮ ᠪᠠᠶᠢᠳᠠᠯ ᠢ ᠠᠷᠭᠠᠴᠠᠨ ᠠᠶᠤᠯ ᠠᠴᠠ ᠵᠠᠶᠢᠯᠠᠬᠤ᠂ ᠪᠡᠶ᠎ᠡ ᠪᠠᠨ ᠠᠪᠤᠷᠠᠬᠤ ᠬᠠᠷᠢᠯᠴᠠᠨ | ᠠᠪᠤᠷᠠᠬᠤ ᠤᠷ᠎ᠠ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠮᠤᠷ ᠲᠦᠪᠰᠢᠨ ᠤ | ᠠᠳᠠᠯ ᠢ ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ ᠴᠢᠳᠠᠨ᠎ᠠ᠃ ᠡᠯ᠎ᠡ ᠵᠦᠢᠯ ᠤᠨ ᠲᠥᠰᠦᠷᠬᠡᠦ | ᠭᠠᠶ ᠭᠠᠮᠰᠢᠭ ᠤᠨ ᠰᠤᠷᠢᠯᠲᠠ ᠳᠤᠮᠳᠠ ᠠᠮᠤᠷ ᠲᠦᠪᠰᠢᠨ ᠤ ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠂ ᠠᠮᠤᠷ | ᠲᠥᠪᠰᠢᠨ ᠤ ᠮᠡᠷᠭᠡᠵᠢᠯ ᠴᠢᠳᠠᠪᠤᠷᠢ ᠶᠢ ᠡᠵᠡᠮᠰᠢᠵᠦ᠂ ︽ᠨᠢᠭᠡ ᠤᠳᠠᠭ᠎ᠠ ᠰᠤᠷᠭᠠᠮᠵᠢ ᠬᠦᠷᠲᠡᠪᠡᠯ᠂ ᠨᠠᠰᠤᠨ ᠲᠤᠷᠰᠢ | ᠠᠴᠢ ᠲᠤᠰᠠ ᠬᠦᠷᠳᠡᠬᠦ︾ ᠶᠢᠨ ᠬᠢᠴᠢᠶᠡᠯ ᠬᠦᠮᠦᠵᠢᠯ ᠤᠨ ᠦᠷ᠎ᠡ ᠪᠦᠲᠦᠮᠵᠢ ᠣᠯᠭᠤᠨ᠎ᠠ᠃ | ᠣᠶᠢᠯᠠᠭᠠᠭᠰᠠᠨ ᠢᠶᠠᠷ᠂ ︽ᠠᠮᠢ ᠨᠠᠰᠤ ᠪᠠᠨ ᠨᠠᠨᠳᠢᠩᠨᠠᠨ ᠠᠮᠤᠷ ᠲᠦᠪᠰᠢᠨ ᠰᠤᠷᠭᠠᠨ ᠬᠥᠮᠦᠵᠢᠯ ᠤᠨ ᠥᠪᠥᠷ | ᠮᠣᠩᠭᠤᠯ ᠳᠠᠬᠢ ᠠᠶᠠᠯᠠᠯ︾ ᠤᠨ ᠠᠵᠢᠯᠯᠠᠭ᠎ᠠ ᠬᠤᠶᠠᠷ ᠵᠢᠯ ᠤᠨ ᠬᠤᠭᠤᠴᠠᠭᠠᠨ ᠳᠤ ᠲᠦᠮᠡᠨ ᠭᠠᠵᠠᠷ ᠠᠶᠠᠯᠠᠨ ᠪᠦᠬᠦ | ᠣᠷᠣᠨ ᠤ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠳᠤ ᠬᠤᠯᠪᠤᠭᠳᠠᠵᠤ᠂ ︽ᠠᠮᠢ ᠨᠠᠰᠤ ᠪᠠᠨ ᠨᠠᠨᠳᠢᠩᠨᠠᠨ | ᠠᠮᠤᠷ ᠲᠦᠪᠰᠢᠨ ᠰᠤᠷᠭᠠᠨ ᠬᠥᠮᠦᠵᠢᠯ︾ ᠤᠨ ᠪᠣᠯᠪᠠᠰᠤᠷᠠᠯ ᠢ 600 ᠭᠠᠷᠤᠢ ᠤᠳᠠᠭ᠎ᠠ ᠬᠢᠬᠦ ᠪᠦᠭᠡᠳ | ᠰᠤᠷᠭᠠᠭᠤᠯᠢ ᠨᠤᠭᠤᠳ ᠲᠤ ᠠᠮᠤᠷ ᠲᠦᠪᠰᠢᠨ ᠰᠤᠷᠭᠠᠨ ᠬᠥᠮᠦᠵᠢᠯ ᠤᠨ ᠮᠡᠳᠡᠯᠭᠡ ᠶᠢᠨ ᠭᠠᠷ ᠳᠡᠪᠲᠡᠷ ᠢ ᠰᠦᠢᠳᠬᠡᠯ | ᠬᠤᠷᠢᠶᠠᠬᠤ ᠦᠭᠡᠢ ᠪᠠᠷ ᠬᠦᠷᠭᠡᠵᠦ ᠥᠭᠭᠦᠨ᠎ᠡ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠱᠠᠭᠠᠷᠳᠠᠭᠰᠠᠨ ᠨᠢ᠂ ᠡᠯ᠎ᠡ ᠭᠠᠵᠠᠷ | ᠣᠷᠣᠨ᠂ ᠡᠯ᠎ᠡ ᠶᠡᠭᠡ ᠳᠡᠭᠡᠳᠦ ᠰᠤᠷᠭᠠᠭᠤᠯᠢ ᠠᠴᠠ ᠠᠮᠤᠷ ᠲᠦᠪᠰᠢᠨ ᠰᠤᠷᠭᠠᠨ ᠬᠥᠮᠦᠵᠢᠯ ᠤᠨ ᠲᠦᠮᠡᠨ ᠭᠠᠵᠠᠷ ᠤᠨ | ᠠᠶᠠᠯᠠᠯ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠬᠦ ᠶᠢ ᠰᠤᠷᠭᠠᠭᠤᠯᠢ ᠶᠢᠨ | ᠠᠮᠤᠷ ᠲᠦᠪᠰᠢᠨ ᠰᠤᠷᠭᠠᠨ ᠬᠥᠮᠦᠵᠢᠯ ᠤᠨ ᠨᠢᠭᠡᠨ ᠴᠢᠬᠤᠯᠠ ᠠᠭᠤᠯᠭ᠎ᠠ ᠪᠣᠯᠭᠠᠨ ᠣᠨ ᠤ ᠲᠥᠯᠥᠪᠯᠡᠭᠡ ᠳᠡᠭᠡᠨ | ᠣᠷᠤᠭᠤᠯᠵᠤ᠂ ᠡᠷᠬᠢᠯᠡᠬᠦ ᠨᠢᠭᠡᠴᠡ ᠶᠢᠨ ᠨᠡᠶᠢᠳᠡ ᠶᠢᠨ ᠠᠰᠠᠷᠠᠮᠵᠢ ᠶᠢᠨ ᠤᠬᠠᠭᠤᠯᠤᠯ ᠬᠥᠮᠦᠵᠢᠯ ᠤᠨ ᠠᠵᠢᠯᠯᠠᠭ᠎ᠠ ᠶᠢ | ᠡᠮᠬᠢ ᠵᠢᠷᠤᠮ ᠲᠠᠢ ᠪᠠᠷ ᠦᠷᠨᠢᠭᠦᠯᠬᠦ ᠳᠤ ᠢᠳᠡᠪᠬᠢᠲᠡᠢ ᠵᠣᠬᠢᠴᠠᠭᠤᠯᠤᠨ ᠬᠠᠮᠵᠢᠯᠴᠠᠵᠤ᠂ ᠲᠡᠷᠡᠴᠢᠯᠡᠨ ᠲᠤᠰ ᠵᠦᠢᠯ ᠤᠨ | ᠠᠵᠢᠯᠯᠠᠭ᠎ᠠ ᠲᠠᠢ ᠤᠶᠠᠯᠳᠤᠭᠤᠯᠤᠨ ᠠᠮᠤᠷ ᠲᠦᠪᠰᠢᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠤᠯᠠᠨ ᠵᠦᠢᠯ ᠤᠨ | ᠬᠡᠯᠪᠡᠷᠢ ᠪᠠᠷ ᠥᠷᠭᠡᠨ ᠳᠡᠯᠭᠡᠷᠡᠩᠭᠦᠶ ᠦᠷᠨᠢᠭᠦᠯᠦᠨ᠂ ᠠᠵᠢᠯᠯᠠᠭ᠎ᠠ ᠶᠢᠨ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ | ᠦᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ | |